ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠧᠩ ᠰᠢᠶᠣᠣ ᠶᠢᠦ ᠪᠠᠭᠠᠷᠢᠨ ᠵᠡᠭᠦᠨ ᠬᠣᠰᠢᠭᠤ᠎ᠳᠤ ᠬᠦᠷᠴᠦ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠪᠠᠢᠴᠠᠭᠠᠨ ᠰᠤᠳᠤᠯᠵᠤ ᠵᠢᠭᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2025-11-08

      10 ᠳ᠋ᠤᠭᠠᠷ ᠰᠠᠷ᠎ᠠ᠎ᠶᠢᠨ 28᠎ᠤ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠪᠦᠯᠬᠦᠮ ᠳᠠᠭᠠᠭᠤᠯᠤᠨ ᠪᠠᠭᠠᠷᠢᠨ ᠵᠡᠭᠦᠨ ᠬᠣᠰᠢᠭᠤᠨ᠎ᠳᠤ ᠬᠦᠷᠴᠦ ᠂ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠵᠤ ᠵᠢᠭᠠᠨ ᠵᠢᠯᠤᠭᠣᠳᠬᠤ᠎ᠶᠢᠨ ᠬᠠᠮᠲᠤ ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠲᠣᠰᠬᠣᠨ᠎ᠳᠤ ᠰᠠᠭᠤᠭ᠎ᠠ ᠺᠠᠳ᠋ᠷᠴᠤᠳ᠎ᠢ ᠪᠣᠯᠭᠣᠭᠠᠨ ᠦᠵᠡᠪᠡ᠃
      ᠪᠠᠭᠠᠷᠢᠨ ᠵᠡᠭᠦᠨ ᠬᠣᠰᠢᠭᠤᠨ᠎ᠤ ᠴᠠᠭᠠᠨᠬᠠᠳᠠ ᠰᠤᠮᠤ᠎ᠶᠢᠨ ᠪᠠᠶᠠᠨᠪᠤᠯᠠᠭ ᠭᠠᠴᠠᠭ᠎ᠠ᠎ᠳᠤ ᠂ ᠱᠧᠩ ᠰᠢᠶᠣᠣ ᠶᠢᠦ ᠲᠣᠰ ᠭᠠᠴᠠᠭ᠎ᠠ᠎ᠶᠢᠨ ᠤᠰᠤ ᠬᠠᠩᠭᠠᠬᠤ ᠢᠨᠵᠧᠨᠧᠷᠢᠩ᠎ᠦᠨ ᠠᠵᠢᠯᠯᠠᠭᠠᠨ᠎ᠤ ᠪᠠᠢᠳᠠᠯ᠎ᠢ ᠪᠠᠢᠴᠠᠭᠠᠨ ᠦᠵᠡᠭᠰᠡᠨ ᠪᠥᠭᠡᠳ ᠲᠤᠬᠠᠢ᠎ᠶᠢᠨ ᠭᠠᠵᠠᠷ᠎ᠤᠨ ᠬᠠᠷᠢᠭᠤᠴᠠᠯᠭᠠᠲᠠᠨ ᠨᠥᠬᠥᠳ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ ᠂ ᠢᠨᠵᠧᠨᠧᠷᠢᠩ᠎ᠦᠨ ᠣᠳᠣᠬᠢ ᠪᠠᠢᠳᠠᠯ ᠪᠣᠯᠣᠨ ᠣᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠰᠢᠨ᠎ᠦ ᠬᠡᠷᠡᠭᠴᠡᠭᠡ᠎ᠶᠢ ᠨᠠᠷᠢᠨ ᠣᠢᠯᠠᠭᠠᠪᠠ ᠃ ᠲᠡᠷᠡ᠂ ᠤᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠰᠠᠨᠠᠭᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠰᠢᠰᠲᠧᠮ᠎ᠤᠨ ᠪᠠᠢᠭᠤᠯᠤᠯᠲᠠ᠎ᠶᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠢᠨᠵᠧᠨᠧᠷᠢᠩ᠎ᠦᠨ ᠪᠠᠢᠭᠤᠯᠤᠯᠲᠠ ᠪᠣᠯᠣᠨ ᠠᠵᠢᠯᠯᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶᠢ ᠦᠷᠭᠦᠯᠵᠢᠯᠡᠨ ᠰᠠᠢᠲᠤᠷ ᠬᠢᠵᠦ᠂ ᠤᠰᠤᠨ᠎ᠤ ᠴᠢᠨᠠᠷ᠎ᠤᠨ ᠪᠠᠲᠤᠯᠠᠭ᠎ᠠ᠎ᠶᠢ ᠴᠢᠩᠭᠠᠳᠬᠠᠵᠤ᠂ ᠤᠰᠤ ᠬᠠᠩᠭᠠᠬᠤ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ᠎ᠤᠨ 《 ᠰᠠᠨᠠᠭ᠎ᠠ ᠠᠮᠤᠷ ᠤᠰᠤ 》 ᠤᠤᠭᠤᠬᠤ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠪᠠᠭᠠᠷᠢᠨ ᠵᠡᠭᠦᠨ ᠬᠣᠰᠢᠭᠤᠨ᠎ᠤ ᠯᠦᠩ ᠴᠠᠩ ᠪᠠᠯᠭᠠᠰᠤ᠎ᠶᠢᠨ ᠭᠦ ᠪᠧᠢ ᠺᠧᠦ ᠲᠣᠰᠬᠣᠨ᠎ᠳᠤ᠂ ᠱᠧᠩ ᠰᠢᠶᠣᠣ ᠶᠢᠦ ᠲᠤᠬᠠᠢ᠎ᠶᠢᠨ ᠭᠠᠵᠠᠷ᠎ᠤᠨ ᠤᠰᠤᠨ᠎ᠤ ᠠᠮᠢ ᠠᠬᠤᠢ᠎ᠶᠢ ᠵᠠᠰᠠᠨ ᠰᠡᠷᠭᠦᠭᠡᠬᠦ ᠲᠦᠷᠦᠯ ᠵᠦᠢᠯ᠎ᠦᠨ ᠠᠬᠢᠴᠠ᠎ᠶᠢᠨ ᠪᠠᠢᠳᠠᠯ᠎ᠢ ᠪᠠᠢᠴᠠᠭᠠᠨ ᠰᠤᠳᠤᠯᠵᠠᠢ᠃ ᠳᠠᠷᠠᠭ᠎ᠠ ᠳ᠋ᠤᠨᠢ᠂ ᠲᠣᠰᠬᠣᠨ᠎ᠤ ᠠᠷᠠᠳ᠎ᠤᠨ ᠵᠥᠪᠯᠡᠯ᠎ᠳᠦ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠣᠰᠬᠣᠨ᠎ᠳᠤ ᠰᠠᠭᠤᠭ᠎ᠠ ᠺᠠᠳ᠋ᠷ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠬᠠᠮᠢᠶ᠎ᠠ ᠪᠦᠬᠦᠢ ᠲᠠᠯ᠎ᠠ᠎ᠶᠢᠨ ᠬᠠᠪᠰᠤᠷᠤᠨ ᠲᠡᠳᠬᠦᠬᠦ ᠠᠵᠢᠯ᠎ᠤᠨ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠪᠠ᠃ ᠱᠧᠩ ᠰᠢᠶᠣᠣ ᠶᠢᠦ ᠣᠢᠷ᠎ᠠ᠎ᠶᠢᠨ ᠵᠢᠯ᠎ᠦᠨ ᠲᠤᠷᠰᠢᠬᠢ ᠲᠣᠰᠬᠣᠨ᠎ᠳᠤ ᠰᠠᠭᠤᠬᠤ ᠠᠵᠢᠯ᠎ᠢ ᠭᠦᠢᠴᠡᠳ ᠨᠤᠲᠠᠯᠠᠬᠤ᠎ᠶᠢᠨ ᠬᠠᠮᠲᠤ᠂ ᠡᠨᠡ ᠵᠢᠯ ᠪᠣᠯ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠲᠡᠭᠦᠰᠬᠡᠯ᠎ᠦᠨ ᠵᠢᠯ ᠪᠣᠯᠣᠨ᠎ᠠ᠂ ᠮᠥᠨ ᠴᠤ᠌ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭᠠᠭᠤᠯᠬᠤ 5 ᠵᠢᠯ᠎ᠦᠨ ᠰᠢᠯᠵᠢᠯᠲᠡ᠎ᠶᠢᠨ ᠬᠤᠭᠤᠴᠠᠭ᠎ᠠ᠎ᠶᠢᠨ ᠬᠠᠮᠤᠭ ᠰᠡᠭᠦᠯᠴᠢ᠎ᠶᠢᠨ ᠨᠢᠭᠡ ᠵᠢᠯ ᠪᠣᠯᠣᠨ᠎ᠠ᠃ 《 ᠦᠷ᠎ᠡ ᠪᠦᠲᠦᠮᠵᠢ ᠣᠯᠬᠤ 》 ᠪᠠ 《 ᠪᠡᠬᠢᠵᠢᠭᠦᠯᠬᠦ 》 ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ ᠲᠤᠷᠰᠢᠯᠭ᠎ᠠ᠎ᠪᠠᠨ ᠴᠠᠭ ᠲᠤᠬᠠᠢ ᠳ᠋ᠤᠨᠢ ᠳ᠋ᠦᠩᠨᠡᠵᠦ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠲᠠᠬᠢᠨ ᠶᠠᠳᠠᠭᠤᠷᠠᠬᠤ᠎ᠶᠢ ᠰᠡᠷᠭᠡᠢᠯᠡᠬᠦ ᠪᠠᠢᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠰᠤᠨ ᠠᠰᠢᠭ᠍ᠯᠠᠯᠲᠠ᠎ᠶᠢᠨ ᠬᠦᠷᠢᠶ᠎ᠡ᠎ᠶᠢ ᠪᠠᠭᠲᠠᠭᠠᠭᠰᠠᠨ ᠡᠯ᠎ᠡ ᠵᠦᠢᠯ᠎ᠦᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠶᠢ ᠰᠠᠢᠲᠤᠷ ᠨᠠᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠵᠢᠯ᠎ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠱᠧᠩ ᠰᠢᠶᠣᠣ ᠶᠢᠦ᠂ ᠲᠣᠰᠬᠣᠨ᠎ᠳᠤ ᠰᠠᠭᠤᠭ᠎ᠠ ᠺᠠᠳ᠋ᠷ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠡᠷᠡᠰ ᠪᠠᠲᠤ ᠡᠭᠦᠷᠭᠡᠯᠡᠵᠦ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠭᠣᠣᠯᠳᠠᠯᠭ᠎ᠠ᠎ᠲᠠᠢ ᠠᠵᠢᠯ᠎ᠢ ᠪᠣᠳᠠᠲᠠᠢ ᠠᠳᠬᠤᠵᠤ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            