12 ᠳ᠋ᠤᠭᠠᠷ ᠰᠠᠷ᠎ᠠ᠎ᠶᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠲᠢᠩᠬᠢᠮ᠎ᠦᠨ ᠳᠡᠳ᠋ ᠳᠠᠷᠤᠭ᠎ᠠ ᠸᠧᠢ ᠾᠧ ᠵᠠᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠦ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠢ ᠡᠷᠬᠢᠯᠡᠬᠦ᠎ᠶᠢᠨ ᠬᠠᠮᠲᠤ ᠶᠠᠷᠢᠶ᠎ᠠ ᠲᠠᠯᠪᠢᠵᠠᠢ᠃
ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠸᠧᠢ ᠾᠧ ᠵᠠᠩ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠥᠬᠥᠳᠡ ᠬᠤᠷᠠᠯ᠎ᠤᠨ 《 ᠰᠠᠨᠠᠭᠤᠯᠭ᠎ᠠ 》᠎ᠶᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭᠠᠨ᠎ᠤ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠲᠠᠢ ᠤᠶᠠᠯᠳᠤᠭᠤᠯᠤᠨ᠂ ᠪᠦᠭᠦᠳᠡ ᠬᠤᠷᠠᠯ᠎ᠤᠨ ᠦᠨᠳᠦᠰᠦᠨ ᠪᠠᠢᠳᠠᠯ ᠵᠢᠴᠢ 《 ᠰᠠᠨᠠᠭᠤᠯᠭ᠎ᠠ 》᠎ᠶᠢ ᠲᠤᠭᠤᠷᠪᠢᠭ᠍ᠰᠠᠨ ᠶᠠᠪᠤᠴᠠ᠂ ᠪᠦᠭᠦᠳᠡ ᠬᠤᠷᠠᠯ᠎ᠤᠨ ᠴᠢᠬᠤᠯᠠ ᠶᠡᠬᠡ ᠦᠷ᠎ᠡ ᠪᠦᠲᠦᠭᠡᠯ ᠵᠢᠴᠢ ᠴᠢᠬᠤᠯᠠ ᠪᠠᠢᠷᠢᠯᠠᠭᠤᠯᠤᠯᠲᠠ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠠᠴᠠ ᠪᠦᠬᠦ ᠲᠠᠯ᠎ᠠ᠎ᠪᠠᠷ ᠤᠬᠠᠭᠤᠯᠤᠨ ᠭᠦᠨᠵᠡᠭᠡᠢ ᠲᠠᠢᠯᠪᠤᠷᠢᠯᠠᠪᠠ᠃
ᠱᠧᠩ ᠰᠢᠶᠣᠣ ᠶᠢᠦ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠣᠨ᠎ᠠ᠃ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠵᠢᠯᠲᠠᠨ ᠪᠦᠬᠦ ᠲᠠᠯ᠎ᠠ᠎ᠪᠠᠷ ᠰᠤᠷᠤᠯᠴᠠᠵᠤ᠂ ᠪᠦᠬᠦ ᠲᠠᠯ᠎ᠠ᠎ᠪᠠᠷ ᠡᠵᠡᠮᠰᠢᠵᠦ᠂ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ ᠬᠡᠷᠡᠭᠲᠡᠢ᠂ ᠰᠤᠷᠤᠯᠴᠠᠯᠭ᠎ᠠ ᠪᠣᠯᠪᠠᠰᠤᠷᠠᠯ ᠪᠠ ᠤᠬᠠᠭᠤᠯᠤᠨ ᠲᠠᠢᠯᠪᠤᠷᠢᠯᠠᠬᠤ᠎ᠶᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠰᠤᠷᠤᠯᠴᠠᠯᠭ᠎ᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠲᠠᠷᠢᠬᠢᠨ᠎ᠳᠤ᠎ᠪᠠᠨ ᠬᠠᠳᠠᠩᠰᠢᠭᠤᠯᠤᠨ ᠰᠡᠳᠬᠢᠯ᠎ᠳᠤ᠎ᠪᠠᠨ ᠬᠠᠳᠠᠩᠰᠢᠭᠤᠯᠬᠤ᠎ᠶᠢ ᠲᠠᠰᠤᠷᠠᠯᠲᠠ ᠦᠭᠡᠢ ᠠᠬᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠪᠦᠭᠦᠳᠡ ᠬᠤᠷᠠᠯ᠎ᠠᠴᠠ ᠲᠣᠭᠲᠠᠭᠠᠭᠰᠠᠨ ᠬᠠᠷᠠᠯᠲᠠ ᠡᠭᠦᠷᠭᠡ᠎ᠶᠢ ᠨᠠᠢᠳᠠᠪᠤᠷᠢᠵᠢᠭᠤᠯᠬᠤ ᠳᠡᠭᠡᠷ᠎ᠡ ᠨᠢᠭ᠍ᠲᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 ᠠᠷᠪᠠᠨ ᠲᠠᠪᠤᠳᠤᠭᠠᠷ ᠲᠠᠪᠤᠨ ᠵᠢᠯ 》᠎ᠦᠨ ᠬᠤᠭᠤᠴᠠᠭᠠᠨ᠎ᠳᠠᠬᠢ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠳᠠᠯ᠎ᠤᠨ ᠲᠤᠬᠠᠢ ᠮᠠᠭᠠᠳᠯᠠᠯᠲᠠ᠂ ᠶᠡᠷᠦᠩᠬᠡᠢ ᠱᠠᠭᠠᠷᠳᠠᠯᠭ᠎ᠠ ᠪᠣᠯᠣᠨ ᠭᠣᠣᠯ ᠬᠠᠷᠠᠯᠲᠠ᠎ᠶᠢ ᠣᠨᠣᠪᠴᠢᠲᠠᠶ ᠡᠵᠡᠮᠰᠢᠵᠦ᠂ ᠤᠰᠤᠨ᠎ᠤ ᠠᠮᠤᠷ ᠲᠦᠪᠰᠢᠨ᠎ᠢ ᠪᠠᠲᠤᠯᠠᠬᠤ᠂ ᠤᠰᠤᠨ᠎ᠤ ᠠᠮᠢ ᠠᠬᠤᠢ᠎ᠶᠢ ᠬᠠᠮᠠᠭᠠᠯᠠᠬᠤ᠂ ᠤᠰᠤᠨ᠎ᠤ ᠠᠵᠤ ᠠᠬᠤᠢ᠎ᠶᠢ ᠬᠥᠭᠵᠢᠭᠦᠯᠬᠦ ᠂ ᠤᠰᠤᠨ᠎ᠤ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠪᠠᠷᠢᠮᠵᠢᠶ᠎ᠠ᠎ᠶᠢ ᠨᠠᠷᠢᠨ ᠬᠢᠨᠠᠮᠠᠭᠠᠢ ᠬᠠᠷᠭᠤᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠨ ᠨᠠᠢᠷᠠᠭᠤᠯᠵᠤ᠂ ᠠᠰᠢᠭ᠍ᠲᠠᠢ ᠪᠠᠢᠳᠠᠯ᠎ᠢ ᠠᠮᠵᠢᠨ ᠤᠷᠤᠭᠰᠢᠯᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠪᠥᠬᠥ ᠣᠷᠣᠨ᠎ᠤ ᠤᠰᠤᠨ᠎ᠤ ᠠᠮᠤᠷ ᠲᠦᠪᠰᠢᠨ᠎ᠢ ᠪᠠᠲᠤᠯᠠᠨ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ ᠣᠷᠣᠯᠴᠠᠭᠰᠠᠳ᠂ ᠪᠦᠬᠦᠳᠡ ᠬᠤᠷᠠᠯ᠎ᠤᠨ ᠵᠣᠷᠢᠭ᠋ ᠰᠠᠨᠠᠭᠠᠨ᠎ᠤ ᠭᠣᠣᠯ ᠴᠢᠬᠤᠯᠠ ᠠᠭᠤᠯᠭ᠎ᠠ᠎ᠶᠢ ᠭᠦᠨᠵᠡᠭᠡᠢ ᠡᠵᠡᠮᠳᠡᠵᠦ᠂ ᠤᠰᠤᠨ ᠠᠰᠢᠭ᠍ᠯᠠᠯᠲᠠ᠎ᠶᠢᠨ ᠡᠭᠦᠷᠭᠡ ᠴᠢᠳᠠᠪᠬᠢᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠤᠶᠤᠨ ᠰᠠᠨᠠᠭᠠᠨ᠎ᠤ ᠳᠦᠷᠰᠦ ᠪᠠᠢᠳᠠᠯ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠠᠵᠢᠯ᠎ᠤᠨ ᠰᠤᠷᠲᠠᠯ᠎ᠢᠶᠠᠷ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠨ ᠦᠨᠡᠨ ᠬᠦ᠌ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
ᠮᠡᠳᠡᠭᠦᠯᠦᠯᠲᠡ᠎ᠶᠢᠨ ᠬᠤᠷᠠᠯ᠎ᠢ ᠸᠢᠳᠢᠤ᠋ ᠬᠤᠷᠠᠯ᠎ᠤᠨ ᠬᠡᠯᠪᠡᠷᠢ᠎ᠪᠡᠷ ᠬᠤᠷᠠᠯᠳᠤᠭᠤᠯᠵᠤ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠡᠯ᠎ᠡ ᠭᠠᠵᠠᠷ ᠭᠡᠷ᠂ ᠲᠢᠩᠬᠢᠮ᠎ᠦᠨ ᠬᠠᠷᠢᠶ᠎ᠠ ᠡᠯ᠎ᠡ ᠨᠢᠭᠡᠴᠢ ᠵᠢᠴᠢ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠠᠵᠢᠯ ᠲᠥᠷᠥᠯ᠎ᠦᠨ ᠨᠡᠢᠭᠡᠮᠯᠢᠭ ᠵᠡᠷᠭᠡ ᠨᠢᠭᠡᠴᠢ᠂ ᠰᠠᠯᠠᠭ᠎ᠠ ᠮᠥᠴᠢᠷ᠎ᠦᠨ ᠨᠠᠮ᠎ᠤᠨ ᠭᠡᠰᠢᠭᠦᠨ ᠺᠠᠳ᠋ᠷᠴᠤᠳ ᠲᠣᠰ ᠲᠣᠰ ᠭᠣᠣᠯ ᠬᠤᠷᠠᠯ᠎ᠤᠨ ᠲᠠᠯᠠᠪᠠᠶ ᠪᠠ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃