ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠤᠮᠠᠷᠠᠲᠤ ᠬᠢᠯᠢ᠎ᠶᠢᠨ ᠵᠢᠱ᠌ᠢᠶᠡᠴᠢ ᠪᠠᠢᠭᠤᠯᠭ᠎ᠠ᠎ᠶᠢ ᠡᠭᠦᠳᠦᠨ ᠪᠠᠶ᠋ᠢᠭᠤᠯᠬᠤ᠎ᠶᠢ ᠭᠦᠨᠵᠡᠭᠡᠢᠷᠡᠭᠦᠯᠬᠦ ᠵᠢᠴᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠴᠢᠩᠭᠠᠳᠬᠠᠨ ᠰᠠᠢᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-12-10

       12 ᠳ᠋ᠤᠭᠠᠷ ᠰᠠᠷ᠎ᠠ᠎ᠶᠢᠨ 4᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠤᠮᠠᠷᠠᠲᠤ ᠬᠢᠯᠢ᠎ᠶᠢᠨ ᠵᠢᠱ᠌ᠢᠶᠡᠴᠢ ᠪᠠᠢᠭᠤᠯᠭ᠎ᠠ᠎ᠶᠢ ᠡᠭᠦᠳᠦᠨ ᠪᠠᠶ᠋ᠢᠭᠤᠯᠬᠤ᠎ᠶᠢ ᠭᠦᠨᠵᠡᠭᠡᠢᠷᠡᠭᠦᠯᠬᠦ ᠵᠢᠴᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠴᠢᠩᠭᠠᠳᠬᠠᠨ ᠰᠠᠢᠵᠢᠷᠠᠭᠤᠯᠬᠤ ᠠᠵᠢᠯ᠎ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠣᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠳ᠋ᠦᠩᠨᠡᠨ᠂ ᠲᠠᠷᠠᠭᠠᠴᠢ᠎ᠶᠢᠨ ᠠᠯᠬᠤᠮ᠎ᠤᠨ ᠭᠣᠣᠯ ᠡᠭᠦᠷᠭᠡ᠎ᠶᠢ ᠲᠣᠬᠢᠷᠠᠭᠤᠯᠤᠨ ᠪᠠᠢᠷᠢᠯᠠᠭᠤᠯᠵᠤ᠂ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠲᠢᠩᠬᠢᠮ᠎ᠦᠨ ᠳᠡᠳ᠋ ᠳᠠᠷᠤᠭ᠎ᠠ ᠫᠧᠩ ᠶᠠ ᠯᠢ ᠬᠤᠷᠠᠯ᠎ᠢ ᠡᠷᠭᠢᠯᠡᠵᠦ ᠶᠠᠷᠢᠶ᠎ᠠ ᠲᠠᠯᠪᠢᠪᠠ᠃
       ᠬᠤᠷᠠᠯ ᠳᠡᠭᠡᠷ᠎ᠡ᠂ 3 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠤᠨ ᠲᠤᠬᠠᠢ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠷᠠᠯ᠎ᠳᠤ ᠣᠷᠣᠯᠴᠠᠭᠰᠠᠨ ᠨᠥᠬᠥᠳ ᠣᠳᠣᠬᠠᠨ᠎ᠤ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠬᠦᠴᠢᠷᠳᠡᠯ᠂ ᠠᠰᠠᠭᠤᠳᠠᠯ ᠵᠢᠴᠢ ᠬᠣᠯᠪᠣᠭᠳᠠᠯ ᠪᠦᠬᠦᠢ ᠰᠡᠳᠬᠢᠴᠡ ᠠᠷᠭ᠎ᠠ ᠬᠡᠮᠵᠢᠶ᠎ᠡ᠎ᠶᠢᠨ ᠲᠣᠭᠣᠷᠢᠨ᠎ᠳᠤ ᠭᠦᠨᠵᠡᠭᠡᠢ ᠶᠠᠷᠢᠯᠴᠠᠪᠠ᠃
       ᠬᠤᠷᠠᠯ᠎ᠠᠴᠠ᠂ ᠤᠰᠤᠨ ᠠᠰᠢᠭ᠍ᠯᠠᠯᠲᠠ᠎ᠶᠢᠨ ᠰᠢᠰᠲᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠦᠷᠦ᠎ᠪᠡᠷ ᠤᠳᠤᠷᠢᠳᠤᠮᠵᠢ ᠪᠣᠯᠭᠠᠬᠤ᠎ᠶᠢ ᠲᠤᠪᠤᠢ᠍ᠢᠯᠭᠠᠵᠤ᠂ 《 ᠤᠯᠤᠰ ᠲᠦᠷᠦ᠎ᠶᠢ ᠡᠷᠬᠢᠮᠯᠡᠬᠦ 》 ᠶ᠋ᠢ ᠤᠰᠤᠨ ᠠᠰᠢᠭ᠍ᠯᠠᠯᠲᠠ᠎ᠶᠢᠨ ᠠᠵᠢᠯ᠎ᠤᠨ ᠦᠢᠯᠡᠳᠦᠯᠭᠡ᠎ᠳᠦ ᠤᠬᠠᠮᠰᠠᠷ᠎ᠠᠴᠠ᠎ᠪᠠᠨ ᠠᠭᠤᠰᠤᠯᠴᠠᠭᠤᠯᠵᠤ᠂ ᠤᠨᠤᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠴᠢᠩᠭᠠᠳᠬᠠᠵᠤ᠂ ᠪᠠᠷᠢᠮᠵᠢᠶ᠎ᠠ ᠲᠠᠢ ᠬᠠᠷᠢᠴᠠᠭᠤᠯᠤᠨ ᠬᠦᠰᠦᠨᠦᠭᠲᠦ ᠲᠠᠢ ᠬᠠᠷᠭᠤᠭᠤᠯᠬᠤ᠎ᠶᠢ ᠪᠠᠷᠢᠮᠲᠠᠯᠠᠵᠤ᠂ ᠬᠡᠷᠡᠭᠵᠢᠭᠦᠯᠬᠦ᠎ᠳᠦ ᠬᠡᠯᠪᠡᠢᠬᠦ ᠦᠭᠡᠢ ᠪᠠᠢᠬᠤ᠎ᠶᠢ ᠪᠠᠲᠤᠯᠠᠬᠤ ᠬᠡᠷᠡᠭᠲᠡᠢ᠃ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ 《 ᠬᠣᠶᠠᠷ ᠲᠠᠯ᠎ᠠ 》 ᠶ᠋ᠢ 《 ᠨᠢᠭᠡ ᠲᠠᠯ᠎ᠠ᠎ᠶᠢᠨ ᠰᠢᠵᠢᠮ 》 ᠪᠣᠯᠭᠠᠵᠤ᠂ 《 ᠤᠮᠠᠷᠠᠲᠤ ᠬᠢᠯᠢ᠎ᠶᠢᠨ ᠬᠣᠰᠢᠭᠤᠴᠢ·ᠳᠠᠭᠠᠭᠤᠯᠤᠭ᠍ᠴᠢ 》 ᠪᠣᠯᠬᠤ᠎ᠪᠠᠷ ᠴᠢᠷᠮᠠᠢᠬᠤ ᠬᠡᠷᠡᠭᠲᠡᠢ᠃ 《 ᠱᠦᠵᠢ᠎ᠶᠢᠨ ᠲᠦᠷᠦᠯ ᠵᠦᠢᠯ 》᠎ᠢ ᠶᠡᠬᠡ᠎ᠪᠡᠷ ᠬᠡᠷᠡᠭᠵᠢᠭᠦᠯᠵᠦ᠂ ᠨᠠᠷᠢᠨ ᠲᠠᠩᠰᠠ᠎ᠶᠢᠨ ᠬᠠᠮᠢᠶᠠᠷᠤᠯᠲᠠ᠂ ᠬᠥᠳᠡᠯᠦᠩᠭᠦᠢ᠎ᠪᠡᠷ ᠱᠠᠯᠠᠪᠳᠠᠭᠤᠯᠤᠨ ᠪᠠᠢᠴᠠᠭᠠᠬᠤ᠂ ᠱᠠᠩᠨᠠᠵᠤ ᠲᠣᠷᠭᠠᠬᠤ᠎ᠶᠢ ᠲᠣᠳᠣᠷᠬᠠᠢ ᠪᠣᠯᠭᠠᠭᠰᠠᠨ ᠪᠢᠲᠡᠭᠦᠦ ᠴᠠᠭᠠᠷᠢᠭ᠋᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ 《 ᠪᠣᠳᠠᠲᠤ ᠠᠮᠵᠢᠯᠲᠠ᠎ᠪᠠᠷ ᠪᠠᠭᠠᠲᠤᠷ᠎ᠢ ᠦᠨᠡᠯᠡᠬᠦ᠂ ᠴᠢᠳᠠᠪᠤᠷᠢ᠎ᠳᠠᠭᠠᠨ ᠲᠦᠰᠢᠭᠯᠡᠵᠦ ᠺᠠᠳ᠋ᠷ᠎ᠢ ᠬᠡᠷᠡᠭᠯᠡᠬᠦ 》 ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠬᠤ ᠬᠡᠷᠡᠭᠲᠡᠢ᠃ 《 ᠪᠠᠲᠤ ᠴᠢᠩᠭ᠎ᠠ ᠪᠡᠬᠢᠯᠡᠯᠲᠡ᠎ᠶᠢᠨ 〈 ᠵᠢᠱ᠌ᠢᠶᠡᠴᠢ 〉 ᠨᠠᠮ᠎ᠤᠨ ᠡᠭᠦᠷ 》᠎ᠢ ᠡᠭᠦᠳᠦᠨ ᠪᠠᠶ᠋ᠢᠭᠤᠯᠬᠤ ᠪᠠ ᠤᠮᠠᠷᠠᠲᠤ᠎ᠶᠢᠨ ᠵᠢᠱ᠌ᠢᠶᠡᠴᠢ ᠪᠠᠢᠭᠤᠯᠭ᠎ᠠ᠎ᠶᠢᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ ᠨᠠᠷ ᠬᠠᠷᠢᠭᠤᠴᠠᠯᠭ᠎ᠠ᠎ᠶᠢ ᠴᠢᠩᠭ᠎ᠠ ᠪᠥᠭᠡᠳ ᠪᠣᠳᠠᠲᠠᠢᠵᠢᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠪᠣᠳᠠᠲᠠᠢ᠎ᠪᠠᠷ ᠠᠳᠬᠤᠬᠤ᠂ ᠭᠦᠨᠵᠡᠭᠡᠢ ᠠᠳᠬᠤᠬᠤ᠂ ᠪᠣᠳᠠᠲᠠᠢ ᠦᠷ᠎ᠡ ᠪᠦᠲᠦᠮᠵᠢ ᠭᠠᠷᠭᠠᠬᠤ᠎ᠶᠢ ᠪᠠᠲᠤᠯᠠᠬᠤ ᠬᠡᠷᠡᠭᠲᠡᠢ᠃ ᠦᠵᠡᠯ ᠰᠠᠨᠠᠭᠠᠨ᠎ᠤ ᠵᠢᠯᠣᠭᠣᠳᠤᠯᠭ᠎ᠠ᠎ᠪᠠᠨ ᠴᠢᠩᠭᠠᠳᠬᠠᠵᠤ᠂ ᠪᠣᠯᠪᠠᠰᠤᠷᠠᠯ᠎ᠤᠨ ᠡᠷᠴᠢᠮ᠎ᠢᠶᠡᠨ ᠴᠢᠩᠭᠠᠷᠠᠭᠤᠯᠵᠤ᠂ ᠵᠡᠷᠭᠡ ᠳᠡᠪᠰᠢᠬᠦ ᠵᠠᠮ᠎ᠢ ᠥᠷᠭᠡᠳᠬᠡᠵᠦ᠂ ᠬᠡᠰᠡᠭ ᠨᠠᠮ᠎ᠤᠨ ᠠᠵᠢᠯ᠎ᠤᠨ ᠺᠠᠳ᠋ᠷ᠎ᠤᠨ ᠴᠢᠳᠠᠪᠤᠷᠢ ᠬᠦᠷᠦᠯᠴᠡᠬᠦ ᠦᠭᠡᠢ ᠪᠠᠢᠬᠤ᠂ 《 ᠬᠢᠬᠦ ᠳᠤᠷ᠎ᠠ ᠦᠭᠡᠢ᠂ ᠬᠢᠬᠦ ᠵᠣᠷᠢᠭ᠋ ᠦᠭᠡᠢ᠂ ᠬᠢᠵᠦ ᠴᠢᠳᠠᠬᠤ ᠦᠭᠡᠢ 》 ᠵᠡᠷᠭᠡ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠰᠢᠨ᠎ᠡ ᠴᠠᠭ ᠦᠶ᠎ᠡ᠎ᠶᠢᠨ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠡᠯ᠎ᠡ ᠨᠠᠮ᠎ᠤᠨ ᠡᠭᠦᠷ᠎ᠦᠨ ᠱᠦᠵᠢ᠂ ᠲᠢᠩᠬᠢᠮ᠎ᠦᠨ ᠬᠠᠷᠢᠶ᠎ᠠ ᠡᠯ᠎ᠡ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠂ ᠨᠠᠮ᠎ᠤᠨ ᠠᠵᠢᠯ᠎ᠤᠨ ᠠᠵᠢᠯᠲᠠᠨ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠠᠵᠢᠯ ᠲᠦᠷᠦᠯ᠎ᠦᠨ ᠨᠡᠢᠭᠡᠮᠯᠢᠭ᠂ ᠨᠡᠢᠭᠡᠮᠯᠢᠭ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠳ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            