ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠯᠢ ᠭᠦᠸᠧ ᠶᠢᠩ 19 ᠳ᠋ᠦ᠍ᠭᠡᠷ ᠬᠤᠭᠤᠴᠠᠭᠠᠨ᠎ᠤ ᠳᠡᠯᠡᠬᠡᠢ᠎ᠶᠢᠨ ᠤᠰᠤᠨ᠎ᠤ ᠡᠬᠢ ᠪᠠᠶᠠᠯᠢᠭ᠋᠎ᠤᠨ ᠶᠡᠬᠡ ᠬᠤᠷᠠᠯ᠎ᠤᠨ ᠰᠠᠢᠳ᠎ᠤᠨ ᠲᠡᠰ᠎ᠤᠨ ᠲᠣᠭᠣᠷᠢᠭ᠋ ᠰᠢᠷᠡᠭᠡᠨ᠎ᠦ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-12-10

       ᠲᠤᠬᠠᠢ᠎ᠶᠢᠨ ᠭᠠᠵᠠᠷ᠎ᠤᠨ ᠴᠠᠭ᠎ᠢᠶᠠᠷ 12 ᠳ᠋ᠤᠭᠠᠷ ᠰᠠᠷ᠎ᠠ᠎ᠶᠢᠨ 1᠎ᠦ ᠡᠳᠦᠷ᠂ ᠯᠢ ᠭᠦᠸᠧ ᠶᠢᠩ 19 ᠳ᠋ᠦ᠍ᠭᠡᠷ ᠬᠤᠭᠤᠴᠠᠭᠠᠨ᠎ᠤ ᠳᠡᠯᠡᠬᠡᠢ᠎ᠶᠢᠨ ᠤᠰᠤᠨ᠎ᠤ ᠡᠬᠢ ᠪᠠᠶᠠᠯᠢᠭ᠋᠎ᠤᠨ ᠶᠡᠬᠡ ᠬᠤᠷᠠᠯ᠎ᠤᠨ ᠰᠠᠢᠳ᠎ᠤᠨ ᠲᠠᠰ᠎ᠤᠨ ᠲᠣᠭᠣᠷᠢᠭ᠋ ᠰᠢᠷᠡᠭᠡᠨ᠎ᠦ ᠬᠤᠷᠠᠯ᠎ᠳᠤ ᠣᠷᠤᠯᠴᠠᠬᠤ᠎ᠶᠢᠨ ᠬᠠᠮᠲᠤ ᠶᠠᠷᠢᠶ᠎ᠠ ᠲᠠᠯᠪᠢᠪᠠ᠃
       ᠯᠢ ᠭᠦᠸᠧ ᠶᠢᠩ᠂ ᠳᠤᠮᠳᠠᠳᠤ ᠤᠯᠤᠰ᠎ᠤᠨ ᠤᠯᠠᠷᠢᠯ᠎ᠤᠨ ᠰᠠᠯᠬᠢᠨ᠎ᠤ ᠠᠭᠤᠷ ᠠᠮᠢᠰᠬᠤᠯ᠎ᠤᠨ ᠣᠨᠴᠠᠯᠢᠭ᠋ ᠪᠠ ᠪᠠᠢᠭᠠᠯᠢ᠎ᠶᠢᠨ ᠭᠠᠵᠠᠷ ᠵᠦᠢ᠎ᠶᠢᠨ ᠨᠥᠬᠥᠴᠡᠯ ᠨᠢ ᠤᠰᠤᠨ᠎ᠤ ᠡᠬᠢ ᠪᠠᠶᠠᠯᠢᠭ᠋᠎ᠤᠨ ᠴᠠᠭ ᠪᠠ ᠣᠷᠣᠨ ᠵᠠᠢ᠎ᠶᠢᠨ ᠲᠠᠷᠬᠠᠯᠲᠠ ᠲᠤᠢᠯ᠎ᠤᠨ ᠲᠡᠩᠴᠡᠭᠦᠷᠢ ᠦᠭᠡᠢ ᠪᠠᠢᠬᠤ ᠵᠢᠴᠢ ᠡᠭᠦᠨ᠎ᠡᠴᠡ ᠪᠣᠯᠤᠭᠰᠠᠨ ᠤᠰᠤᠨ᠎ᠤ ᠭᠠᠮᠰᠢᠭ᠋᠎ᠢ ᠲᠣᠭᠲᠠᠭᠠᠵᠤ᠂ ᠡᠨᠡ ᠨᠢ ᠢᠮᠠᠭᠲᠠ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠶᠠᠪᠤᠴᠠ᠎ᠳᠤ ᠥᠴᠥᠬᠡᠨ ᠴᠤ᠌ ᠣᠮᠲᠣᠭᠠᠢᠯᠠᠵᠤ ᠪᠣᠯᠣᠰᠢ ᠦᠭᠡᠢ ᠲᠣᠪᠣᠢᠮ᠎ᠠ ᠠᠶᠤᠯ ᠲᠦᠭᠰᠢᠭᠦᠷᠢ ᠪᠣᠯᠣᠭᠰᠠᠭᠠᠷ ᠢᠷᠡᠵᠡᠶ᠃ ᠣᠨᠴᠠᠭᠠᠶ ᠴᠠᠭ ᠠᠭᠤᠷ᠎ᠤᠨ ᠬᠡᠷᠡᠭ ᠪᠠᠢᠨ ᠳᠠᠬᠢᠨ ᠡᠭᠦᠰᠴᠦ᠂ ᠤᠰᠤᠨ᠎ᠤ ᠭᠠᠢ ᠭᠠᠮᠰᠢᠭ᠋᠎ᠤᠨ ᠠᠶᠤᠯ ᠲᠦᠭᠰᠢᠭᠦᠷᠢ ᠶᠡᠬᠡᠰᠴᠦ᠂ ᠠᠶᠤᠯ ᠲᠦᠭᠰᠢᠭᠦᠷᠢ᠎ᠶᠢ ᠰᠡᠷᠭᠡᠢᠯᠡᠨ ᠠᠮᠤᠷ ᠲᠦᠪᠰᠢᠨ᠎ᠢ ᠪᠠᠲᠤᠯᠠᠬᠤ ᠪᠠᠢᠳᠠᠯ ᠨᠠᠩ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠣᠯᠵᠤ ᠪᠠᠢᠭ᠎ᠠ ᠪᠠᠢᠳᠠᠯ᠎ᠤᠨ ᠡᠮᠦᠨ᠎ᠡ᠂ ᠶᠡᠷᠦᠩᠬᠡᠢ ᠱᠦᠵᠢ ᠰᠢ᠎ᠶᠢᠨ ᠫᠢᠩ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠮᠵᠢ᠎ᠶᠢ ᠡᠭᠦᠳᠦᠯᠲᠡ᠎ᠶᠢᠨ ᠴᠢᠨᠠᠷᠲᠠᠢ᠎ᠪᠠᠷ ᠳᠤᠷᠠᠳᠤᠨ ᠭᠠᠷᠭᠠᠵᠤ᠂ ᠳᠤᠮᠳᠠᠳᠤ ᠤᠯᠤᠰ᠎ᠤᠨ ᠡᠳᠦᠷ ᠢᠷᠡᠬᠦᠶ᠎ᠡ ᠬᠡᠴᠡᠭᠦᠳᠡᠵᠦ ᠪᠠᠢᠭ᠎ᠠ ᠤᠰᠤᠨ᠎ᠤ ᠠᠮᠤᠷ ᠲᠦᠪᠰᠢᠨ᠎ᠦ ᠥᠷᠢᠰᠦᠯᠳᠦᠭᠡᠨ᠎ᠢ ᠠᠷᠭᠠᠴᠠᠬᠤ ᠶᠡᠷᠦᠩᠬᠡᠢ ᠵᠢᠷᠤᠮᠯᠠᠯ᠂ ᠶᠡᠷᠦᠩᠬᠡᠢ ᠵᠢᠯᠣᠭᠣᠳᠤᠯᠭ᠎ᠠ ᠪᠣᠯᠤᠭᠰᠠᠨ ᠪᠠᠢᠨ᠎ᠠ᠃ ᠨᠢᠭᠡ᠎ᠳᠦ᠂ ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠵᠤ᠂ ᠣᠢᠯᠠᠭᠠᠭᠳᠠᠬᠤᠨ᠂ ᠤᠬᠠᠮᠰᠠᠷ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ᠎ᠠᠴᠠ ᠤᠰᠤ ᠠᠷᠪᠢᠯᠠᠬᠤ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠢ ᠴᠢᠩᠭᠠᠷᠠᠭᠤᠯᠤᠨ᠂ ᠤᠰᠤ ᠠᠷᠪᠢᠯᠠᠬᠤ ᠳᠦᠷᠢᠮ᠎ᠦᠨ ᠲᠦᠷᠦ᠎ᠶᠢᠨ ᠪᠣᠳᠣᠯᠭ᠎ᠠ᠎ᠶᠢ ᠪᠠᠢᠭᠤᠯᠤᠨ ᠲᠡᠭᠦᠯᠳᠡᠷᠵᠢᠭᠦᠯᠵᠦ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠵᠠᠯᠭᠠᠭ᠎ᠠ᠎ᠪᠠᠷ ᠶᠡᠬᠡ ᠳᠡᠭᠲᠡᠷ᠎ᠢ ᠳᠠᠪᠠᠵᠤ᠂ ᠠᠮᠤ ᠪᠤᠳᠠᠭᠠᠨ᠎ᠤ ᠤᠨᠠᠯᠲᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠣᠭᠰᠠᠨ ᠪᠠᠢᠳᠠᠯ ᠳᠣᠣᠷ᠎ᠠ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢᠨ ᠨᠡᠮᠡᠭᠳᠡᠯ ᠦᠭᠡᠢ ᠪᠠᠢᠬᠤ᠎ᠶᠢ ᠪᠡᠶᠡᠯᠡᠭᠦᠯᠪᠡ᠃ ᠬᠣᠶᠠᠷ᠎ᠲᠤ ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠤᠰᠤ᠎ᠪᠠᠷ ᠬᠤᠳᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ᠂ 《 ᠰᠢᠰᠲᠧᠮ ᠨᠢ ᠪᠦᠷᠢᠨ ᠲᠡᠭᠦᠯᠳᠡᠷ᠂ ᠠᠶᠤᠯᠭᠦᠢ ᠪᠥᠭᠡᠳ ᠨᠠᠢᠳᠠᠪᠤᠷᠢᠲᠠᠢ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠪᠥᠭᠡᠳ ᠣᠶᠤᠨᠴᠢᠯᠠᠭᠰᠠᠨ᠂ ᠣᠷᠴᠢᠯ ᠨᠢ ᠰᠠᠭᠠᠳ ᠦᠭᠡᠢ᠂ ᠲᠣᠬᠢᠷᠠᠭᠤᠯᠤᠯ ᠡᠵᠡᠮᠳᠡᠯ ᠨᠢ ᠡᠮᠬᠢ ᠵᠢᠷᠤᠮ᠎ᠲᠠᠢ 》 ᠤᠯᠤᠰ᠎ᠤᠨ ᠤᠰᠤᠨ᠎ᠤ ᠲᠣᠣᠷ᠎ᠢ ᠪᠠᠢᠭᠤᠯᠵᠤ᠂ ᠣᠷᠣᠨ ᠪᠦᠰᠡ᠎ᠶᠢᠨ ᠤᠰᠤᠨ᠎ᠤ ᠡᠬᠢ ᠪᠠᠶᠠᠯᠢᠭ᠋ ᠪᠠ ᠦᠢᠯᠡᠳᠪᠦᠷᠢᠯᠡᠯ᠎ᠦᠨ ᠬᠦᠴᠦᠨ᠎ᠦ ᠪᠠᠢᠷᠢᠰᠢᠯ᠎ᠤᠨ ᠬᠡᠷᠡᠭᠴᠡᠭᠡ᠎ᠶᠢ ᠬᠦᠴᠦᠲᠡᠢ ᠪᠥᠭᠡᠳ ᠪᠦᠲᠦᠮᠵᠢᠲᠡᠶ᠎ᠪᠡᠷ ᠲᠡᠩᠴᠡᠭᠦᠷᠢᠲᠡᠢ ᠪᠣᠯᠭᠠᠪᠠ᠃ ᠭᠤᠷᠪᠠ᠎ᠳᠤ᠂ ᠰᠢᠰᠲᠧᠮ᠎ᠲᠠᠢ᠎ᠪᠡᠷ ᠵᠠᠰᠠᠵᠤ᠂ ᠰᠠᠪᠠ ᠭᠠᠵᠠᠷ᠎ᠤᠨ ᠨᠢᠭᠡᠳᠦᠯᠲᠡᠢ ᠵᠠᠰᠠᠯᠲᠠ ᠬᠠᠮᠢᠶᠠᠷᠤᠯᠲᠠ᠎ᠶᠢ ᠭᠦᠨᠵᠡᠭᠡᠢᠷᠡᠭᠦᠯᠦᠨ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ ᠢᠨᠵᠧᠨᠧᠷᠢᠩ᠎ᠦᠨ ᠰᠢᠰᠲᠧᠮ᠎ᠢ ᠲᠡᠭᠦᠯᠳᠡᠷᠵᠢᠭᠦᠯᠵᠦ᠂ ᠠᠯᠢ ᠤᠯᠠᠨ ᠬᠦᠨᠳᠦ ᠨᠣᠴᠢᠲᠠᠢ ᠤᠰᠤ ᠭᠠᠩ᠎ᠤᠨ ᠭᠠᠮᠰᠢᠭ᠋᠎ᠢ ᠠᠮᠵᠢᠯᠲᠠ᠎ᠲᠠᠢ᠎ᠪᠠᠷ ᠢᠯᠠᠨ ᠳᠠᠪᠠᠪᠠ ; ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ᠎ᠪᠡᠷ ᠵᠠᠰᠠᠬᠤ᠎ᠶᠢ ᠬᠡᠷᠡᠭᠵᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠵᠦ᠂ ᠤᠯᠠᠮ᠎ᠠᠴᠠ ᠤᠯᠠᠮ ᠤᠯᠠᠨ ᠭᠣᠣᠯ ᠮᠥᠷᠡᠨ᠎ᠦ ᠠᠮᠢ ᠨᠠᠰᠤ᠎ᠶᠢ ᠰᠡᠷᠭᠦᠭᠡᠵᠦ᠂ ᠰᠠᠪᠠ ᠭᠠᠵᠠᠷ᠎ᠤᠨ ᠠᠮᠢᠵᠢᠷᠠᠯ᠎ᠤᠨ ᠬᠦᠴᠦᠨ᠎ᠢ ᠲᠠᠬᠢᠨ ᠢᠯᠡᠷᠡᠭᠦᠯᠪᠡ᠃ ᠳᠥᠷᠪᠡ᠎ᠳᠦ᠂ ᠬᠣᠶᠠᠷ ᠲᠠᠯ᠎ᠠ᠎ᠪᠠᠷ ᠬᠦᠴᠦᠯᠡᠵᠦ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠦᠢᠯᠡᠰ ᠪᠦᠲᠦᠭᠡᠬᠦ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶᠢ ᠪᠠᠷᠢᠮᠲᠠᠯᠠᠵᠤ᠂ ᠬᠥᠬᠡᠮᠥ᠋ᠷᠡᠨ᠎ᠦ ᠬᠠᠮᠠᠭᠠᠯᠠᠯᠲᠠ᠎ᠶᠢᠨ ᠬᠠᠤᠯᠢ᠂ ᠬᠠᠳᠤᠨ ᠭᠣᠣᠯ᠎ᠤᠨ ᠬᠠᠮᠠᠭᠠᠯᠠᠯᠲᠠ᠎ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠨᠡᠢᠲᠡᠯᠡᠨ ᠬᠡᠷᠡᠭᠵᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠡᠳ᠋᠎ᠦᠨ ᠵᠠᠰᠠᠭ᠎ᠤᠨ ᠪᠡᠯᠡ ᠮᠥᠩᠭᠥ᠂ ᠮᠥᠩᠭᠥᠨ ᠭᠦᠢᠯᠭᠡᠭᠡᠨ᠎ᠦ ᠢᠲᠡᠭᠡᠮᠵᠢᠲᠦ ᠵᠢᠭᠡᠯᠡᠯᠭᠡ᠂ ᠨᠡᠢᠭᠡᠮ᠎ᠦᠨ ᠬᠥᠷᠥᠩᠭᠡ ᠬᠠᠮᠲᠤ᠎ᠪᠠᠷ ᠬᠦᠴᠦᠯᠡᠬᠦ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠰᠢᠨ᠎ᠡ ᠪᠠᠢᠷᠢᠰᠢᠯ᠎ᠢ ᠲᠦᠷᠭᠡᠳᠬᠡᠨ ᠪᠠᠢᠭᠤᠯᠤᠨ᠎ᠠ ᠭᠡᠵᠦ ᠵᠢᠭᠠᠵᠤ ᠭᠠᠷᠭᠠᠪᠠ᠃
       ᠯᠢ ᠭᠦᠸᠧ ᠶᠢᠩ᠂ ᠳᠤᠮᠳᠠᠳᠤ ᠤᠯᠤᠰ ᠪᠣᠯ ᠪᠦᠬᠦ ᠪᠥᠮᠪᠥᠷᠴᠡᠭ᠎ᠦᠨ ᠤᠰᠤᠨ᠎ᠤ ᠵᠠᠰᠠᠯᠲᠠ᠎ᠶᠢ ᠠᠬᠢᠭᠤᠯᠬᠤ ᠡᠷᠡᠰ ᠪᠠᠲᠤ ᠠᠵᠢᠯᠯᠠᠭ᠍ᠴᠢ᠂ ᠴᠢᠬᠤᠯᠠ ᠬᠤᠪᠢ ᠨᠡᠮᠡᠷᠢ ᠦᠵᠡᠭᠦᠯᠦᠭᠴᠢ ᠮᠥᠨ᠃ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠶᠠᠮᠤᠨ ᠶᠡᠷᠦᠩᠬᠡᠢ ᠱᠦᠵᠢ ᠰᠢ᠎ᠶᠢᠨ ᠫᠢᠩ᠎ᠤᠨ ᠤᠰᠤ ᠵᠠᠰᠠᠬᠤ ᠰᠡᠳᠬᠢᠴᠡ᠎ᠶᠢ ᠡᠷᠡᠰ ᠭᠤᠢᠪᠢᠰᠢ ᠦᠭᠡᠢ ᠦᠢᠯᠡᠳᠦᠯᠭᠡᠵᠢᠭᠦᠯᠵᠦ᠂ ᠡᠯ᠎ᠡ ᠤᠯᠤᠰ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠲᠠᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠲᠥᠰᠥᠯ᠎ᠢ ᠬᠠᠮᠲᠤ᠎ᠪᠠᠷ ᠡᠳ᠋ᠯᠡᠵᠦ᠂ ᠪᠦᠬᠦ ᠬᠥᠮᠥᠨ ᠲᠥᠷᠥᠯᠬᠢᠲᠡᠨ᠎ᠳᠦ ᠬᠠᠮᠲᠤ᠎ᠪᠠᠷ ᠲᠤᠯᠭᠠᠷᠠᠵᠤ ᠪᠠᠢᠭ᠎ᠠ ᠤᠰᠤᠨ᠎ᠤ ᠠᠮᠤᠷ ᠲᠦᠪᠰᠢᠨ᠎ᠦ ᠥᠷᠢᠰᠦᠯᠳᠦᠭᠡᠨ᠎ᠢ ᠰᠢᠢᠳᠪᠦᠷᠢᠯᠡᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 2030 ᠣᠨ᠎ᠤ ᠦᠷᠭᠦᠯᠵᠢᠯᠡᠬᠦ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠎ᠶᠢ ᠠᠬᠢᠭᠤᠯᠬᠤ᠎ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            