12 ᠳ᠋ᠤᠭᠠᠷ ᠰᠠᠷ᠎ᠠ᠎ᠶᠢᠨ 1᠎ᠦ ᠡᠳᠦᠷ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠲᠣᠭᠠᠴᠢᠯᠠᠭᠰᠠᠨ ᠲᠠᠩᠰᠠ ᠡᠪᠬᠡᠮᠡᠯ᠎ᠦᠨ ᠲᠠᠰᠤᠭ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠴᠡᠭ ᠨᠢ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠲᠣᠪᠴᠢᠶ᠎ᠠ᠎ᠶᠢᠨ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠤᠨ ᠮᠠᠭᠠᠳᠯᠠᠨ ᠲᠣᠭᠲᠠᠭᠠᠯᠲᠠ᠎ᠶᠢ ᠤᠷᠤᠭᠰᠢᠲᠠᠢ ᠥᠩᠭᠡᠷᠡᠭᠡᠵᠦ᠂ ᠪᠥᠬᠥ ᠣᠷᠣᠨ᠎ᠤ ᠬᠣᠶᠠᠳᠤᠭᠠᠷ ᠪᠠᠢᠭᠤᠯᠭ᠎ᠠ᠎ᠶᠢᠨ ᠲᠣᠭᠠᠴᠢᠯᠠᠭᠰᠠᠨ ᠲᠠᠩᠰᠠ ᠡᠪᠬᠡᠮᠡᠯ᠎ᠦᠨ ᠲᠠᠰᠤᠭ᠎ᠢ ᠪᠠᠢᠭᠤᠯᠤᠭᠰᠠᠨ ᠨᠢᠭᠡᠴᠢ ᠪᠣᠯᠵᠠᠢ᠃ ᠡᠨᠡ ᠨᠢ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠲᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠠᠵᠢᠯ ᠲᠣᠭᠠᠴᠢᠯᠠᠭᠰᠠᠨ᠂ ᠵᠢᠷᠤᠮᠵᠢᠭ᠍ᠰᠠᠨ᠂ ᠣᠶᠤᠨᠴᠢᠯᠠᠭᠰᠠᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃
ᠲᠣᠭᠠᠴᠢᠯᠠᠭᠰᠠᠨ ᠲᠠᠩᠰᠠ ᠡᠪᠬᠡᠮᠡᠯ᠎ᠦᠨ ᠣᠷᠳᠣᠨ ( ᠲᠠᠰᠤᠭ )᠎ᠤ ᠪᠦᠲᠦᠭᠡᠨ ᠪᠠᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠠᠩᠰᠠ ᠡᠪᠬᠡᠮᠡᠯ᠎ᠦᠨ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠳᠦ ᠲᠣᠳᠣᠷᠬᠠᠢᠯᠠᠭᠰᠠᠨ ᠨᠢᠭᠡ ᠵᠦᠢᠯ᠎ᠦᠨ ᠴᠢᠬᠤᠯᠠ ᠠᠭᠤᠯᠭ᠎ᠠ ᠪᠣᠯᠣᠨ᠎ᠠ᠂ 2024 ᠣᠨ᠎ᠳᠤ᠂ ᠤᠰᠤᠨ ᠠᠰᠢᠭ᠍ᠯᠠᠯᠲᠠ᠎ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ 3 ᠪᠠᠢᠭᠤᠯᠭ᠎ᠠ᠎ᠶᠢᠨ ᠲᠣᠭᠠᠴᠢᠯᠠᠭᠰᠠᠨ ᠲᠠᠩᠰᠠ ᠡᠪᠬᠡᠮᠡᠯ᠎ᠦᠨ ᠲᠠᠰᠤᠭ᠎ᠤᠨ ᠲᠤᠷᠰᠢᠯᠲᠠ᠎ᠶᠢᠨ ᠴᠡᠭ᠎ᠤᠨ ᠨᠢᠭᠡᠴᠢ᠎ᠶᠢᠨ ᠨᠢᠭᠡ᠎ᠪᠡᠷ ᠲᠣᠭᠲᠠᠭᠠᠭᠳᠠᠪᠠ᠃ ᠬᠢᠨᠠᠨ ᠲᠣᠭᠲᠠᠭᠠᠬᠤ ᠲᠤᠬᠠᠢ᠎ᠶᠢᠨ ᠲᠠᠯᠠᠪᠠᠶ᠂ ᠲᠤᠰᠬᠠᠢ ᠮᠡᠷᠭᠡᠵᠢᠯᠲᠡᠨ᠎ᠦ ᠳᠤᠭᠤᠢᠯᠠᠩ ᠬᠠᠷᠢᠭᠤ ᠮᠡᠳᠡᠭᠦᠯᠦᠯᠲᠡ᠎ᠶᠢ ᠰᠣᠨᠣᠰᠬᠤ᠂ ᠮᠠᠲᠧᠷᠢᠶᠠᠯ ᠪᠠᠢᠴᠠᠭᠠᠨ ᠦᠵᠡᠬᠦ᠂ ᠲᠤᠬᠠᠢ᠎ᠶᠢᠨ ᠭᠠᠵᠠᠷ ᠲᠤᠨᠢ ᠪᠠᠢᠴᠠᠭᠠᠨ ᠰᠢᠯᠭᠠᠬᠤ᠂ ᠰᠢᠰᠲᠧᠮ᠎ᠦᠨ ᠦᠵᠡᠭᠦᠯᠭᠡ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠲᠣᠭᠠᠴᠢᠯᠠᠭᠰᠠᠨ ᠲᠠᠩᠰᠠ ᠡᠪᠬᠡᠮᠡᠯ᠎ᠦᠨ ᠲᠠᠰᠤᠭ᠎ᠤᠨ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ᠂ ᠪᠠᠷᠢᠮᠵᠢᠶ᠎ᠠ᠎ᠶᠢᠨ ᠵᠢᠷᠤᠮᠵᠢᠯ᠂ ᠬᠠᠮᠢᠶᠠᠷᠤᠯᠲᠠ᠎ᠶᠢᠨ ᠬᠢᠷᠢ ᠬᠡᠮᠵᠢᠶ᠎ᠡ᠂ ᠠᠰᠢᠭ᠍ᠯᠠᠯᠲᠠ᠎ᠶᠢᠨ ᠦᠷ᠎ᠡ ᠪᠦᠲᠦᠮᠵᠢ ᠵᠢᠴᠢ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ ᠵᠡᠷᠭᠡ᠎ᠳᠦ ᠪᠥᠬᠥ ᠲᠠᠯ᠎ᠠ᠎ᠶᠢᠨ ᠦᠨᠡᠯᠡᠨ ᠵᠢᠱ᠌ᠢᠯᠲᠡ ᠬᠢᠵᠦ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠎ᠶᠢ ᠭᠦᠢᠴᠡᠳ ᠨᠤᠲᠠᠯᠠᠵᠤ ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠲᠣᠭᠠᠴᠢᠯᠠᠭᠰᠠᠨ ᠲᠠᠩᠰᠠ ᠡᠪᠬᠡᠮᠡᠯ᠎ᠦᠨ ᠲᠠᠰᠤᠭ ᠨᠢ ᠥᠪᠡᠷᠲᠡᠭᠡᠨ ᠵᠠᠰᠠᠬᠤ ᠣᠷᠣᠨ᠎ᠤ ᠲᠣᠭᠠᠴᠢᠯᠠᠭᠰᠠᠨ ᠲᠠᠩᠰᠠ ᠡᠪᠬᠡᠮᠡᠯ᠎ᠦᠨ ᠲᠠᠰᠤᠭ᠎ᠤᠨ ᠪᠦᠲᠦᠭᠡᠨ ᠪᠠᠢᠭᠤᠯᠤᠯᠲᠠ᠎ᠶᠢᠨ ᠵᠢᠷᠤᠮᠵᠢᠯ᠎ᠤᠨ ᠱᠠᠭᠠᠷᠳᠠᠯᠭ᠎ᠠ᠎ᠳᠤ ᠨᠡᠢᠴᠡᠨ᠎ᠡ ᠭᠡᠵᠦ ᠰᠠᠨᠠᠯ ᠨᠢᠭᠡᠲᠡᠢ ᠦᠵᠡᠵᠦ᠂ ᠮᠠᠭᠠᠳᠯᠠᠨ ᠲᠣᠭᠲᠠᠭᠠᠬᠤ᠎ᠪᠠᠷ ᠪᠠᠲᠤᠯᠠᠬᠤ᠎ᠶᠢ ᠵᠥᠪᠰᠢᠶᠡᠷᠡᠪᠡ᠃
ᠣᠢᠷ᠎ᠠ᠎ᠶᠢᠨ ᠵᠢᠯ᠎ᠳᠦ᠂ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠤᠰᠤᠨ ᠠᠰᠢᠭ᠍ᠯᠠᠯᠲᠠ᠎ᠶᠢᠨ ᠲᠠᠩᠰᠠ ᠡᠪᠬᠡᠮᠡᠯ᠎ᠦᠨ ᠲᠣᠭᠠᠴᠢᠯᠠᠭᠰᠠᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠎ᠶᠢ ᠠᠬᠢᠭᠤᠯᠬᠤ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ 《 ᠨᠢᠭᠡᠳᠦᠯᠲᠡᠢ ᠲᠥᠯᠥᠪᠵᠢᠭᠦᠯᠵᠦ᠂ ᠨᠢᠭᠡ ᠨᠢᠭᠡ᠎ᠪᠡᠷ ᠡᠮᠬᠢᠯᠡᠨ ᠳᠢᠭᠯᠡᠵᠦ᠂ ᠠᠯᠬᠤᠮ ᠬᠤᠪᠢᠶᠠᠨ ᠬᠡᠷᠡᠭᠵᠢᠭᠦᠯᠬᠦ 》 ᠪᠦᠲᠦᠭᠡᠨ ᠪᠠᠢᠭᠤᠯᠤᠯᠲᠠ᠎ᠶᠢᠨ ᠵᠠᠷᠴᠢᠮ ᠶᠣᠰᠣᠭᠠᠷ᠂ ᠡᠯᠧᠺᠲᠷᠣᠨ ᠲᠠᠩᠰᠠ ᠡᠪᠬᠡᠮᠡᠯ᠎ᠦᠨ ᠪᠥᠬᠥ ᠶᠠᠪᠤᠴᠠ᠎ᠶᠢ ᠬᠠᠮᠤᠷᠤᠭᠰᠠᠨ ᠲᠣᠭᠠᠴᠢᠯᠠᠭᠰᠠᠨ ᠲᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠰᠢᠰᠲᠧᠮᠵᠢ᠎ᠶᠢ ᠠᠯᠬᠤᠮ ᠠᠯᠬᠤᠮ᠎ᠢᠶᠠᠷ ᠪᠠᠢᠭᠤᠯᠪᠠ᠃ ᠢᠯᠠᠩᠭᠤᠶ᠎ᠠ ᠪᠠᠢᠭᠤᠯᠭ᠎ᠠ᠎ᠶᠢᠨ ᠲᠣᠭᠠᠴᠢᠯᠠᠭᠰᠠᠨ ᠳᠠᠩᠰᠠ ᠡᠪᠬᠡᠮᠡᠯ᠎ᠦᠨ ᠲᠠᠰᠤᠭ᠎ᠤᠨ ᠲᠤᠷᠰᠢᠯᠲᠠ᠎ᠶᠢᠨ ᠪᠦᠲᠦᠭᠡᠨ ᠪᠠᠢᠭᠤᠯᠤᠯᠲᠠ᠎ᠶᠢ ᠡᠬᠢᠯᠡᠭᠦᠯᠦᠭᠰᠡᠨ᠎ᠡᠴᠡ ᠨᠠᠭᠠᠰᠢ᠂ ᠲᠢᠩᠬᠢᠮ᠎ᠦᠨ ᠠᠯᠪᠠᠨ ᠭᠡᠷ᠎ᠦᠨ ᠨᠢᠭᠡᠳᠦᠯᠲᠡᠢ ᠲᠥᠯᠥᠪᠯᠡᠬᠦ᠂ ᠶᠡᠷᠦᠩᠬᠡᠢᠯᠡᠭᠰᠡᠨ ᠪᠠᠲᠤᠯᠠᠭ᠎ᠠ᠎ᠶᠢᠨ ᠲᠥᠪ ᠪᠣᠯᠣᠨ ᠮᠡᠷᠭᠡᠵᠢᠯ᠎ᠦᠨ ᠲᠤᠯᠭᠠᠭᠤᠷᠢᠯᠠᠯ᠎ᠤᠨ ᠨᠢᠭᠡᠴᠢ᠎ᠶᠢᠨ ᠪᠣᠳᠠᠲᠠᠢ ᠬᠡᠷᠡᠭᠵᠢᠭᠦᠯᠬᠦ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠬᠠᠮᠢᠶ᠎ᠠ ᠪᠦᠬᠦᠢ ᠪᠠᠷᠢᠮᠵᠢᠶ᠎ᠠ ᠳᠦᠷᠢᠮᠵᠢᠯ᠎ᠲᠠᠢ ᠴᠢᠩᠭ᠎ᠠ ᠬᠠᠷᠢᠴᠠᠭᠤᠯᠤᠨ᠂ ᠳᠡᠭᠡᠳᠦ ᠪᠠᠷᠢᠮᠵᠢᠶ᠎ᠠ᠎ᠪᠠᠷ ᠣᠶᠤᠨ ᠤᠬᠠᠭᠠᠨ᠎ᠢ ᠨᠢᠭᠡ ᠴᠣᠭᠴᠠᠵᠢᠭᠤᠯᠤᠭᠰᠠᠨ ᠬᠥᠮᠥᠷᠭᠡ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠵᠦ᠂ ᠤᠯᠠᠨ ᠲᠦᠷᠦᠯ᠎ᠢ ᠬᠠᠮᠤᠷᠤᠭᠰᠠᠨ ᠤᠰᠤᠨ ᠠᠰᠢᠭ᠍ᠯᠠᠯᠲᠠ᠎ᠶᠢᠨ ᠣᠨᠴᠠᠯᠢᠭ᠍ᠲᠤ ᠳᠠᠩᠰᠠ ᠡᠪᠬᠡᠮᠡᠯ᠎ᠦᠨ ᠡᠬᠢ ᠪᠠᠶᠠᠯᠢᠭ᠋᠎ᠤᠨ ᠬᠥᠮᠥᠷᠭᠡ᠎ᠶᠢ ᠪᠠᠢᠭᠤᠯᠵᠤ᠂ ᠡᠯᠧᠺᠲᠷᠣᠨ ᠳᠠᠩᠰᠠ ᠡᠪᠬᠡᠮᠡᠯ᠎ᠦᠨ ᠪᠦᠬᠦ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ᠎ᠶᠢ ᠬᠠᠮᠤᠷᠤᠭᠰᠠᠨ ᠲᠣᠭᠠᠴᠢᠯᠠᠭᠰᠠᠨ ᠳᠠᠩᠰᠠ ᠡᠪᠬᠡᠮᠡᠯ᠎ᠦᠨ ᠲᠠᠰᠤᠭ᠎ᠤᠨ ᠬᠡᠷᠡᠭᠯᠡᠭᠡᠨ᠎ᠦ ᠰᠢᠰᠲᠧᠮ᠎ᠢ ᠠᠮᠵᠢᠯᠲᠠ᠎ᠲᠠᠢ ᠪᠠᠢᠷᠢᠯᠠᠭᠤᠯᠵᠤ᠂ 《 ᠳᠦᠷᠢᠮ + ᠮᠡᠷᠭᠡᠵᠢᠯ + ᠬᠥᠮᠥᠨ 》 ᠭᠤᠷᠪᠠᠨ ᠳᠠᠪᠬᠤᠷ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠣᠭᠲᠠᠴᠠ᠎ᠶᠢ ᠪᠠᠢᠭᠤᠯᠵᠤ᠂ ᠤᠰᠤᠨ ᠠᠰᠢᠭ᠍ᠯᠠᠯᠲᠠ᠎ᠶᠢᠨ ᠳᠠᠩᠰᠠ ᠡᠪᠬᠡᠮᠡᠯ᠎ᠦᠨ ᠡᠬᠢ ᠪᠠᠶᠠᠯᠢᠭ᠋᠎ᠢ ᠪᠦᠲᠦᠮᠵᠢᠲᠡᠢ ᠠᠮᠢᠯᠠᠭᠤᠯᠤᠭᠰᠠᠨ᠎ᠢᠶᠠᠷ ᠪᠠᠷᠠᠬᠤ ᠦᠭᠡᠢ᠂ ᠪᠠᠰᠠ ᠠᠵᠢᠯ᠎ᠤᠨ ᠰᠢᠢᠳᠪᠦᠷᠢᠲᠦ ᠪᠣᠳᠣᠯᠭ᠎ᠠ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠵᠡᠷᠭᠡ᠎ᠳᠦ ᠨᠠᠷᠢᠯᠢᠭ᠋ ᠣᠨᠣᠪᠴᠢᠲᠠᠢ᠂ ᠥᠨᠳᠥᠷ ᠪᠦᠲᠦᠮᠵᠢᠲᠡᠢ ᠳᠠᠩᠰᠠ ᠡᠪᠬᠡᠮᠡᠯ᠎ᠦᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃
ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠬᠢᠨ ᠲᠤᠰ ᠤᠳᠠᠭᠠᠨ᠎ᠤ ᠮᠠᠭᠠᠳᠯᠠᠨ ᠲᠣᠭᠲᠠᠭᠠᠯᠲᠠ᠎ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠦᠨ ᠲᠣᠪᠴᠢᠶ᠎ᠠ᠎ᠶᠢᠨ ᠠᠵᠢᠯ᠎ᠤᠨ ᠱᠠᠭᠠᠷᠳᠠᠯᠭ᠎ᠠ ᠵᠢᠴᠢ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠤᠨ ᠰᠠᠨᠠᠯ ᠰᠠᠨᠠᠭᠤᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠦᠨ ᠬᠡᠷᠡᠭᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《 ᠦᠨᠡᠨ ᠬᠦ᠌ ᠬᠡᠷᠡᠭᠯᠡᠬᠦ ᠂ ᠰᠠᠢᠲᠤᠷ ᠬᠡᠷᠡᠭᠯᠡᠬᠦ 》᠎ᠢ ᠦᠨᠡᠨ ᠬᠦ᠌ ᠪᠡᠶᠡᠯᠡᠭᠦᠯᠬᠦ᠎ᠶᠢᠨ ᠬᠠᠮᠲᠤ ᠲᠠᠩᠰᠠ ᠡᠪᠬᠡᠮᠡᠯ᠎ᠦᠨ ᠡᠬᠢ ᠪᠠᠶᠠᠯᠢᠭ᠋᠎ᠢ ᠣᠯᠠᠨ ᠡᠰᠢᠵᠢᠭᠦᠯᠦᠨ ᠠᠰᠢᠭ᠍ᠯᠠᠬᠤ ᠠᠬᠤᠢ ᠪᠠᠢᠳᠠᠯ᠎ᠢ ᠶᠡᠬᠡᠪᠡᠷ ᠨᠡᠭᠡᠭᠡᠨ ᠥᠷᠭᠡᠳᠬᠡᠵᠦ᠂ ᠲᠤᠷᠰᠢᠯᠲᠠ᠎ᠶᠢᠨ ᠴᠡᠭ᠎ᠤᠨ ᠵᠢᠱ᠌ᠢᠶ᠎ᠡ ᠦᠵᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠤᠨ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠪᠥᠬᠥ ᠣᠷᠣᠨ᠎ᠤ ᠤᠰᠤᠨ᠎ᠤ ᠠᠮᠤᠷ ᠲᠦᠪᠰᠢᠨ᠎ᠢ ᠪᠠᠲᠤᠯᠠᠬᠤ ᠳᠤᠮᠳᠠᠬᠢ ᠲᠠᠩᠰᠠ ᠡᠪᠬᠡᠮᠡᠯ᠎ᠦᠨ ᠠᠵᠢᠯ᠎ᠤᠨ ᠰᠠᠭᠤᠷᠢᠯᠠᠬᠤ ᠴᠢᠨᠠᠷᠲᠠᠢ ᠲᠤᠯᠭᠠᠭᠤᠷᠢᠯᠠᠬᠤ ᠴᠢᠨᠠᠷᠲᠠᠢ ᠦᠢᠯᠡᠳᠦᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠣᠷᠣᠨ᠎ᠤ ᠲᠠᠩᠰᠠ ᠡᠪᠬᠡᠮᠡᠯ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠨᠠᠩ ᠰᠠᠢᠨ ᠬᠦᠴᠦᠨ ᠨᠡᠮᠡᠷᠢᠯᠡᠨ᠎ᠡ᠃