2025 ᠣᠨ᠎ᠤ 12 ᠳ᠋ᠤᠭᠠᠷ ᠰᠠᠷ᠎ᠠ᠎ᠶᠢᠨ 1᠎ᠦ ᠡᠳᠦᠷ᠎ᠦᠨ 13 ᠴᠠᠭ 12 ᠮᠢᠨᠦ᠋ᠲ᠎ᠲᠦ᠂ ᠤᠰᠤᠨ᠎ᠤ ᠲᠦᠷᠢᠯᠭᠡ᠎ᠶᠢ ᠲᠣᠬᠢᠷᠠᠭᠤᠯᠬᠤ᠎ᠶᠢ ᠳᠠᠭᠠᠯᠳᠤᠨ᠂ ᠡᠵᠡᠨ᠎ᠡ ᠭᠣᠣᠯ᠎ᠤᠨ ᠰᠡᠬᠦᠯ᠎ᠤᠨ ᠬᠡᠰᠡᠭ᠎ᠤᠨ ᠰᠤᠪᠠᠨᠠᠭᠤᠷ᠎ᠲᠤ ᠠᠮᠵᠢᠯᠲᠠ᠎ᠲᠠᠢ᠎ᠪᠠᠷ ᠤᠰᠤ ᠣᠷᠣᠭᠤᠯᠵᠤ᠂ ᠭᠤᠷᠪᠠᠨ ᠵᠢᠯ ᠳᠠᠷᠠᠭᠠᠯᠠᠨ ᠡᠪᠦᠯ᠎ᠦᠨ ᠤᠯᠠᠷᠢᠯ᠎ᠤᠨ ᠠᠮᠢ ᠠᠬᠤᠢ᠎ᠶᠢᠨ ᠤᠰᠤ ᠨᠥᠬᠥᠪᠦᠷᠢᠯᠡᠬᠦ ᠠᠵᠢᠯ ᠲᠡᠭᠦᠰ ᠠᠮᠵᠢᠯᠲᠠ᠎ᠲᠠᠢ ᠪᠣᠯᠤᠭᠰᠠᠨ᠎ᠢ ᠬᠠᠷᠠᠭᠤᠯᠪᠠ᠃ ᠡᠨᠡ ᠤᠳᠠᠭ᠎ᠠ᠎ᠶᠢᠨ ᠤᠰᠤ ᠳᠠᠮᠵᠢᠭᠤᠯᠤᠭᠰᠠᠨ ᠨᠢ ᠰᠤᠪᠠᠨᠠᠭᠤᠷ᠎ᠤᠨ 21 ᠵᠢᠯ ᠳᠠᠷᠠᠭᠠᠯᠠᠨ ᠬᠠᠳᠠᠭᠰᠠᠨ ᠦᠭᠡᠢ ᠲᠡᠮᠳᠡᠭᠯᠡᠯ᠎ᠢ ᠦᠷᠭᠦᠯᠵᠢᠯᠡᠭᠦᠯᠦᠭᠰᠡᠨ᠎ᠢᠶᠡᠷ ᠪᠠᠷᠠᠬᠤ ᠦᠭᠡᠢ ᠪᠠᠰᠠ ᠡᠵᠡᠨ᠎ᠡ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋᠎ᠢ ᠨᠠᠷᠢᠯᠢᠭ᠍ᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ ᠲᠣᠬᠢᠷᠠᠭᠤᠯᠤᠯᠲᠠ᠎ᠶᠢᠨ ᠬᠠᠮᠢᠶᠠᠷᠤᠯᠲᠠ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ ᠪᠤᠢ᠃
ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ ᠲᠣᠪᠣᠢᠮ᠎ᠠ ᠪᠠᠢᠬᠤ᠂ ᠤᠰᠤ ᠢᠷᠡᠬᠦ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠠᠷᠬᠠᠯᠲᠠ ᠲᠡᠭᠰᠢ ᠪᠤᠰᠤ ᠪᠠᠢᠬᠤ ᠵᠡᠷᠭᠡ ᠤᠯᠠᠨ ᠳᠠᠪᠬᠤᠷ ᠥᠷᠢᠰᠦᠯᠳᠦᠭᠡᠨ᠎ᠦ ᠡᠮᠦᠨ᠎ᠡ᠂ ᠡᠵᠡᠨ᠎ᠡ ᠭᠣᠣᠯ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶᠢᠨ ᠲᠣᠪᠴᠢᠶ᠎ᠠ ᠰᠢᠨ᠎ᠡ᠎ᠶᠢ ᠡᠭᠦᠳᠬᠦ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ 2023 ᠣᠨ᠎ᠳᠤ ᠠᠩᠬ᠎ᠠ ᠤᠳᠠᠭ᠎ᠠ ᠡᠪᠦᠯ᠎ᠦᠨ ᠤᠯᠠᠷᠢᠯ᠎ᠤᠨ ᠤᠰᠤᠨ᠎ᠤ ᠬᠡᠮᠵᠢᠶ᠎ᠡ᠎ᠶᠢ ᠨᠢᠭᠡᠳᠦᠯᠲᠡᠢ ᠲᠣᠬᠢᠷᠠᠭᠤᠯᠬᠤ᠎ᠶᠢ ᠬᠡᠷᠡᠭᠵᠢᠭᠦᠯᠦᠭᠰᠡᠨ ᠪᠥᠭᠡᠳ 《 ᠡᠪᠦᠯ ᠬᠠᠪᠤᠷ᠎ᠤᠨ ᠵᠠᠯᠭᠠᠯᠳᠤᠯ 》᠎ᠤᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠰᠢᠨ᠎ᠡ ᠵᠠᠭᠪᠤᠷ᠎ᠢ ᠪᠦᠲᠦᠭᠡᠯᠴᠢ᠎ᠪᠡᠷ ᠪᠠᠢᠭᠤᠯᠪᠠ᠃ 3 ᠵᠢᠯ᠎ᠦᠨ ᠲᠤᠷᠰᠢ᠂ ᠲᠣᠰ ᠵᠠᠭᠪᠤᠷ ᠨᠢ 2023 ᠣᠨ᠎ᠳᠤ ᠪᠥᠬᠥ ᠰᠠᠪᠠ ᠭᠠᠵᠠᠷ᠎ᠤᠨ ᠪᠠᠢᠭᠠᠯᠢ᠎ᠶᠢᠨ ᠤᠰᠤᠨ᠎ᠤ ᠢᠷᠡᠯᠲᠡ᠎ᠶᠢ ᠶᠡᠬᠡᠪᠡᠷ ᠪᠠᠭᠠᠰᠬᠠᠬᠤ᠂ ᠳᠡᠭᠡᠳᠦ ᠤᠷᠤᠰᠬᠠᠯ᠎ᠤᠨ ᠲᠣᠬᠢᠷᠠᠭᠤᠯᠤᠨ ᠬᠠᠳᠠᠭᠠᠯᠠᠬᠤ ᠢᠨᠵᠧᠨᠧᠷᠢᠩ ᠬᠠᠷᠠᠬᠠᠨ ᠲᠡᠭᠦᠯᠳᠡᠷᠵᠢᠭᠡᠳᠦᠢ᠂ ᠰᠤᠪᠠᠨᠠᠭᠤᠷ᠎ᠤᠨ ᠰᠢᠷᠭᠢᠬᠦ ᠠᠶᠤᠯ ᠲᠦᠭᠰᠢᠭᠦᠷᠢ ᠭᠡᠨᠡᠳᠲᠡ ᠨᠡᠮᠡᠭᠳᠡᠬᠦ ᠵᠡᠷᠭᠡ ᠲᠤᠢᠯ᠎ᠤᠨ ᠰᠢᠯᠭᠠᠯᠲᠠ᠎ᠶᠢ ᠳᠠᠭᠠᠭᠠᠵᠤ᠂ ᠳᠣᠣᠷᠠᠳᠤ ᠤᠷᠤᠰᠬᠠᠯ᠎ᠤᠨ ᠠᠮᠢ ᠠᠬᠤᠢ᠎ᠶᠢᠨ ᠤᠰᠤ ᠬᠡᠷᠡᠭᠯᠡᠬᠦ ᠦᠨᠳᠦᠰᠦᠨ ᠬᠡᠷᠡᠭᠴᠡᠭᠡ᠎ᠶᠢ ᠬᠦᠴᠦᠲᠡᠢ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠵᠠᠩᠭᠢᠯᠠᠭ᠎ᠠ᠎ᠶᠢᠨ ᠤᠰᠤᠨ᠎ᠤ ᠡᠬᠢ ᠪᠠᠶᠠᠯᠢᠭ᠋᠎ᠤᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃
ᠲᠣᠰ ᠤᠳᠠᠭᠠᠨ᠎ᠤ ᠡᠪᠦᠯ᠎ᠦᠨ ᠤᠯᠠᠷᠢᠯ᠎ᠤᠨ ᠤᠰᠤᠨ᠎ᠤ ᠲᠣᠬᠢᠷᠠᠭᠤᠯᠤᠯᠲᠠ ᠨᠢ 《 ᠴᠣᠩᠬᠣᠪᠴᠢ᠎ᠶᠢᠨ ᠬᠤᠭᠤᠴᠠᠭ᠎ᠠ 》᠎ᠶᠢ ᠨᠠᠷᠢᠯᠢᠭ᠋ ᠣᠨᠣᠪᠴᠢᠲᠠᠶ ᠡᠵᠡᠮᠳᠡᠪᠡ᠃ 11 ᠳ᠋ᠦ᠍ᠭᠡᠷ ᠰᠠᠷ᠎ᠠ᠎ᠶᠢᠨ ᠳᠤᠮᠳᠠᠴᠢ᠎ᠪᠠᠷ᠂ ᠳᠤᠮᠳᠠ ᠳᠣᠣᠷᠠᠳᠤ ᠤᠷᠤᠰᠬᠠᠯ᠎ᠤᠨ ᠡᠪᠦᠯ᠎ᠦᠨ ᠤᠰᠤᠯᠠᠯᠲᠠ ᠳᠠᠭᠤᠰᠴᠤ᠂ ᠲᠠᠯ᠎ᠠ ᠭᠠᠵᠠᠷ᠎ᠤᠨ ᠤᠰᠤᠨ ᠴᠥᠭᠥᠷᠥᠮ᠎ᠦᠨ ᠬᠥᠯᠳᠡᠬᠦ᠎ᠡᠴᠡ ᠰᠡᠷᠭᠡᠢᠯᠡᠵᠦ ᠤᠰᠤ ᠵᠠᠯᠠᠬᠤ ᠵᠢᠴᠢ ᠬᠡᠰᠡᠭ ᠵᠠᠢ᠎ᠳᠤ ᠤᠰᠤᠯᠠᠵᠤ ᠤᠰᠤ ᠲᠠᠲᠠᠵᠤ ᠭᠣᠣᠯ᠎ᠤᠨ ᠵᠠᠮ᠎ᠳᠤ ᠪᠤᠴᠠᠭᠰᠠᠨ᠎ᠤ ᠳᠠᠷᠠᠭ᠎ᠠ᠂ ᠭᠣᠣᠯ᠎ᠤᠨ ᠤᠷᠤᠰᠬᠠᠯ᠎ᠤᠨ ᠬᠡᠮᠵᠢᠶ᠎ᠡ ᠢᠯᠡᠳᠲᠡ ᠨᠡᠮᠡᠭᠳᠡᠭᠰᠡᠨ ᠪᠠᠢᠨ᠎ᠠ᠃ ᠡᠵᠡᠨ᠎ᠡ ᠭᠣᠣᠯ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶᠢᠨ ᠲᠣᠪᠴᠢᠶ᠎ᠠ ᠨᠢᠭ᠍ᠲᠠ ᠬᠢᠨᠠᠨ ᠡᠵᠡᠮᠳᠡᠵᠦ᠂ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠲᠣᠬᠢᠷᠠᠭᠤᠯᠭ᠎ᠠ᠎ᠶᠢᠨ ᠲᠡᠰ ᠳᠠᠷᠠᠭᠠᠯᠠᠯ᠎ᠢ ᠡᠷᠡᠰ ᠰᠢᠭᠤᠷᠬᠠᠢ᠎ᠪᠠᠷ ᠡᠬᠢᠯᠡᠭᠦᠯᠬᠦ᠎ᠶᠢᠨ ᠬᠠᠮᠲᠤ ᠠᠵᠢᠯᠯᠠᠬᠤ ᠳᠤᠭᠤᠢᠯᠠᠩ ᠲᠣᠮᠢᠯᠠᠨ ᠨᠢᠭᠡᠳᠦᠭᠡᠷ ᠹᠷᠣᠨᠲ᠎ᠲᠤ ᠣᠴᠢᠭᠤᠯᠵᠤ ᠵᠣᠬᠢᠴᠠᠭᠤᠯᠤᠨ ᠵᠢᠯᠣᠭᠣᠳᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠣᠷᠣᠨ᠎ᠤ ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠰᠠᠯᠠᠭ᠎ᠠ ᠮᠥᠴᠢᠷ᠎ᠦᠳ ᠬᠦᠴᠦ᠎ᠪᠡᠨ ᠬᠠᠮᠲᠤᠳᠬᠠᠨ ᠬᠠᠮᠵᠢᠯᠴᠠᠵᠤ᠂ ᠭᠣᠣᠯ᠎ᠤᠨ ᠵᠠᠮ ᠯᠠᠢᠳᠠᠬᠤ᠂ ᠪᠡᠯᠡᠳᠬᠡᠮᠵᠢ᠎ᠶᠢ ᠵᠢᠭ᠍ᠰᠠᠭᠠᠨ ᠪᠠᠢᠴᠠᠭᠠᠬᠤ᠂ ᠮᠥᠰᠥᠲᠦᠯᠭᠡ᠎ᠶᠢᠨ ᠪᠠᠢᠳᠠᠯ᠎ᠢ ᠲᠣᠭᠣᠷᠢᠨ ᠪᠠᠢᠴᠠᠭᠠᠬᠤ ᠵᠡᠷᠭᠡ ᠪᠠᠲᠤᠯᠠᠭ᠎ᠠ᠎ᠶᠢᠨ ᠠᠵᠢᠯ᠎ᠢ ᠤᠷᠢᠳᠴᠢᠯᠠᠨ ᠪᠡᠶᠡᠯᠡᠭᠦᠯᠵᠦ᠂ ᠤᠰᠤ ᠳᠠᠮᠵᠢᠭᠤᠯᠬᠤ ᠪᠥᠬᠥ ᠶᠠᠪᠤᠴᠠ᠎ᠶᠢᠨ ᠠᠮᠤᠷ ᠲᠦᠪᠰᠢᠨ ᠢᠯᠭᠤᠮ ᠤᠷᠤᠭᠰᠢᠲᠠᠢ ᠪᠠᠢᠬᠤ᠎ᠶᠢ ᠪᠠᠲᠤᠯᠠᠪᠠ᠃