ᠲᠤᠬᠠᠢ᠎ᠶᠢᠨ ᠭᠠᠵᠠᠷ᠎ᠤᠨ ᠴᠠᠭ᠎ᠢᠶᠠᠷ 12 ᠳ᠋ᠤᠭᠠᠷ ᠰᠠᠷ᠎ᠠ᠎ᠶᠢᠨ 1᠎ᠦ ᠡᠳᠦᠷ᠂ 《 ᠬᠤᠪᠢᠷᠠᠵᠤ ᠪᠠᠢᠭ᠎ᠠ ᠳᠡᠯᠡᠬᠡᠢ ᠳᠤᠮᠳᠠᠬᠢ ᠤᠰᠤ᠄ ᠰᠢᠨ᠎ᠡ᠎ᠶᠢ ᠡᠭᠦᠳᠬᠦ ᠪᠠ ᠵᠣᠬᠢᠴᠠᠬᠤ》 ᠪᠡᠷ ᠭᠣᠣᠯ ᠰᠡᠳᠦᠪ ᠪᠣᠯᠭᠠᠭᠰᠠᠨ 19 ᠳ᠋ᠦ᠍ᠭᠡᠷ ᠬᠤᠭᠤᠴᠠᠭᠠᠨ᠎ᠤ ᠳᠡᠯᠡᠬᠡᠢ᠎ᠶᠢᠨ ᠤᠰᠤᠨ᠎ᠤ ᠡᠬᠢ ᠪᠠᠶᠠᠯᠢᠭ᠋᠎ᠤᠨ ᠶᠡᠬᠡ ᠬᠤᠷᠠᠯ ᠮᠤᠷᠦᠺᠺᠦ ᠵᠢᠨ ᠮᠠᠷᠠᠺᠧᠱ ᠲᠦ᠍ ᠬᠤᠷᠠᠯᠳᠤᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃
ᠯᠢ ᠭᠦᠸᠧ ᠶᠢᠩ᠂ ᠳᠤᠮᠳᠠᠳᠤ ᠤᠯᠤᠰ᠎ᠤᠨ ᠦᠨᠳᠦᠰᠦᠨ ᠤᠰᠤᠨ᠎ᠤ ᠪᠠᠢᠳᠠᠯ ᠪᠣᠯ ᠶᠡᠷᠦ᠎ᠡᠴᠡ ᠵᠣᠨ ᠦᠶᠡᠷᠯᠡᠵᠦ ᠡᠪᠦᠯ ᠰᠢᠷᠭᠢᠵᠦ᠂ ᠤᠮᠠᠷᠠᠲᠤ᠎ᠳᠤ ᠳᠤᠲᠠᠭᠳᠠᠵᠤ ᠡᠮᠦᠨᠡᠲᠦ᠎ᠳᠦ ᠪᠠᠶᠠᠯᠢᠭ᠋ ᠪᠠᠢᠵᠤ ᠂ ᠤᠰᠤᠨ᠎ᠤ ᠡᠬᠢ ᠪᠠᠶᠠᠯᠢᠭ᠋᠎ᠤᠨ ᠴᠠᠭ ᠪᠠ ᠣᠷᠣᠨ ᠵᠠᠢ᠎ᠶᠢᠨ ᠲᠠᠷᠬᠠᠯᠲᠠ ᠲᠤᠢᠯ᠎ᠤᠨ ᠲᠡᠩᠴᠡᠭᠦᠷᠢ ᠦᠭᠡᠢ ᠪᠠᠢᠵᠤ᠂ ᠤᠰᠤᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢᠨ ᠪᠦᠲᠦᠴᠡ᠎ᠶᠢᠨ ᠵᠥᠷᠢᠴᠡᠯ ᠣᠨᠴᠠᠭᠠᠶ ᠲᠣᠪᠣᠢᠮ᠎ᠠ ᠪᠠᠢᠳᠠᠭ᠃ ᠶᠡᠷᠦᠩᠬᠡᠢ ᠱᠦᠵᠢ ᠰᠢ᠎ᠶᠢᠨ ᠫᠢᠩ᠎ᠤᠨ《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭᠠᠨ᠎ᠤ ᠵᠢᠯᠣᠭᠣᠳᠤᠯᠭ᠎ᠠ ᠳᠣᠣᠷ᠎ᠠ ᠂ ᠳᠤᠮᠳᠠᠳᠤ ᠤᠯᠤᠰ᠎ᠤᠨ ᠦᠶᠡᠷ ᠤᠰᠤᠲᠤᠯ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢᠨ ᠴᠢᠳᠠᠪᠤᠷᠢ ᠪᠣᠯᠣᠨ ᠤᠰᠤᠨ ᠠᠰᠢᠭ᠍ᠯᠠᠯᠲᠠ᠎ᠶᠢᠨ ᠣᠳᠣᠬᠢᠴᠢᠯᠠᠯᠲᠠ᠎ᠶᠢᠨ ᠵᠠᠰᠠᠯᠲᠠ᠎ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠤᠰᠤ ᠵᠠᠰᠠᠬᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠵᠢᠭᠠᠵᠤ ᠭᠠᠷᠭᠠᠪᠠ᠃
ᠯᠢ ᠭᠦᠸᠧ ᠶᠢᠩ᠂ ᠣᠳᠣᠬᠠᠨ᠎ᠤ ᠳᠡᠯᠡᠬᠡᠢ ᠶᠢᠷᠲᠢᠨᠴᠦ᠎ᠳᠦ᠂ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠬᠤᠪᠢᠷᠠᠯᠲᠠ ᠢᠯᠠᠩᠭᠤᠶ᠎ᠠ ᠣᠨᠴᠠᠭᠠᠢ ᠴᠠᠭ ᠠᠭᠤᠷ᠎ᠤᠨ ᠬᠡᠷᠡᠭ ᠣᠯᠠᠰᠢᠷᠠᠵᠤ ᠪᠠᠢᠬᠤ ᠨᠢ ᠤᠰᠤᠨ᠎ᠤ ᠠᠮᠤᠷ ᠲᠦᠪᠰᠢᠨ᠎ᠳᠦ ᠬᠦᠨᠳᠦ ᠨᠣᠴᠢᠲᠠᠢ ᠥᠷᠢᠰᠦᠯᠳᠦᠭᠡᠨ ᠤᠴᠠᠷᠠᠭᠤᠯᠵᠤ ᠪᠠᠢᠨ᠎ᠠ᠂ ᠪᠦᠬᠦ ᠬᠥᠮᠥᠨ ᠲᠥᠷᠥᠯᠬᠢᠲᠡᠨ ᠭᠠᠷ ᠬᠣᠯᠪᠣᠨ ᠠᠷᠭᠠᠴᠠᠬᠤ ᠴᠢᠬᠤᠯᠠᠲᠠᠢ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠳᠤᠮᠳᠠᠳᠤ ᠤᠯᠤᠰ᠎ᠤᠨ ᠢᠷᠡᠭᠡᠳᠦᠢ᠎ᠶᠢᠨ 5 ᠵᠢᠯ᠎ᠦᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠲᠤᠬᠠᠢ ᠬᠢᠨᠠᠨ ᠵᠥᠪᠯᠡᠵᠦ ᠪᠠᠲᠤᠯᠠᠪᠠ᠃ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠶᠠᠮᠤᠨ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠠᠨᠠᠭᠤᠯᠭ᠎ᠠ᠎ᠳᠠᠬᠢ ᠠᠯᠢ ᠤᠯᠠᠨ ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠂ ᠬᠠᠮᠢᠶᠠᠷᠤᠯᠲᠠ᠂ ᠥᠭᠡᠷᠡᠴᠢᠯᠡᠯᠲᠡ ᠵᠡᠷᠭᠡ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠦᠴᠦᠲᠡᠢ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠨ᠎ᠠ᠃ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠶᠠᠮᠤᠨ ᠳᠤᠷᠠᠲᠠᠶ᠎ᠠ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢᠨ ᠳᠠᠭᠠᠭᠤᠯᠭ᠎ᠠ ᠳᠣᠣᠷ᠎ᠠ᠂ ᠡᠯ᠎ᠡ ᠲᠠᠯ᠎ᠠ᠎ᠶᠢᠨ ᠬᠢᠨ᠎ᠲᠠᠢ ᠬᠠᠮᠵᠢᠯᠴᠠᠨ ᠤᠰᠤ ᠵᠠᠰᠠᠬᠤ ᠣᠢᠯᠠᠭᠠᠭᠳᠠᠬᠤᠨ᠎ᠤ ᠰᠢᠨ᠎ᠡ᠎ᠶᠢ ᠡᠭᠦᠳᠬᠦ᠂ ᠳᠦᠷᠢᠮ᠎ᠦᠨ ᠰᠢᠨ᠎ᠡ᠎ᠶᠢ ᠡᠭᠦᠳᠬᠦ᠂ ᠲᠦᠷᠦ᠎ᠶᠢᠨ ᠪᠣᠳᠣᠯᠭ᠎ᠠ᠎ᠶᠢᠨ ᠰᠢᠨ᠎ᠡ᠎ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠷᠭ᠎ᠠ᠎ᠶᠢᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠤᠰᠤᠨ᠎ᠤ ᠵᠠᠰᠠᠯᠲᠠ᠎ᠶᠢᠨ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠨ᠎ᠡ ᠭᠡᠵᠦ ᠴᠢᠬᠤᠯᠠᠴᠢᠯᠠᠪᠠ᠃
ᠳᠡᠯᠡᠬᠡᠢ᠎ᠶᠢᠨ ᠤᠰᠤᠨ᠎ᠤ ᠡᠬᠢ ᠪᠠᠶᠠᠯᠢᠭ᠋᠎ᠤᠨ ᠶᠡᠬᠡ ᠬᠤᠷᠠᠯ ᠪᠣᠯ ᠤᠯᠠᠨ ᠤᠯᠤᠰ᠎ᠤᠨ ᠤᠰᠤᠨ᠎ᠤ ᠡᠬᠢ ᠪᠠᠶᠠᠯᠢᠭ᠋᠎ᠤᠨ ᠬᠦᠷᠢᠶᠡᠨ᠎ᠳᠦ ᠣᠷᠣᠯᠴᠠᠭᠰᠠᠳ᠎ᠤᠨ ᠬᠡᠪᠴᠢᠶ᠎ᠡ᠎ᠪᠡᠷ ᠬᠠᠮᠤᠭ᠎ᠤᠨ ᠥᠷᠭᠡᠨ᠂ ᠨᠥᠯᠥᠭᠡᠯᠡᠬᠦ ᠬᠡᠪᠴᠢᠶ᠎ᠡ᠎ᠪᠡᠷ ᠬᠠᠮᠤᠭ᠎ᠤᠨ ᠶᠡᠬᠡ᠂ ᠲᠤᠰᠬᠠᠢ ᠮᠡᠷᠭᠡᠵᠢᠯ᠎ᠦᠨ ᠲᠦᠪᠰᠢᠨ᠎ᠢᠶᠡᠷ ᠬᠠᠮᠤᠭ᠎ᠤᠨ ᠥᠨᠳᠥᠷ ᠡᠷᠳᠡᠮ ᠰᠢᠨᠵᠢᠯᠡᠭᠡᠨ᠎ᠦ ᠬᠤᠷᠠᠯ᠎ᠤᠨ ᠨᠢᠭᠡ ᠪᠣᠯᠣᠨ᠎ᠠ᠂ ᠳᠡᠯᠡᠬᠡᠢ᠎ᠶᠢᠨ ᠤᠰᠤᠨ᠎ᠤ ᠶᠠᠪᠤᠳᠠᠯ᠎ᠤᠨ ᠵᠥᠪᠯᠡᠬᠦ ᠵᠦᠢᠯ᠂ ᠤᠰᠤᠨ᠎ᠤ ᠲᠦᠷᠦ᠎ᠶᠢᠨ ᠪᠣᠳᠣᠯᠭ᠎ᠠ ᠪᠣᠯᠣᠨ ᠤᠰᠤᠨ᠎ᠤ ᠰᠢᠨᠵᠢᠯᠡᠬᠦ ᠤᠬᠠᠭᠠᠨ᠎ᠤ ᠮᠡᠳᠡᠯᠭᠡ᠎ᠶᠢ ᠬᠠᠮᠲᠤ᠎ᠪᠠᠷ ᠡᠳ᠋ᠯᠡᠬᠦ ᠴᠢᠬᠤᠯᠠ ᠪᠦᠬᠦᠢ ᠤᠯᠠᠨ ᠤᠯᠤᠰ᠎ᠤᠨ ᠰᠣᠯᠢᠯᠴᠠᠭᠠᠨ᠎ᠤ ᠲᠠᠪᠴᠠᠩ ᠪᠣᠯᠣᠨ᠎ᠠ᠃ 80 ᠭᠠᠷᠤᠢ ᠤᠯᠤᠰ ᠪᠠ ᠭᠠᠵᠠᠷ ᠣᠷᠣᠨ᠂ 10 ᠭᠠᠷᠤᠢ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ 2000 ᠭᠠᠷᠤᠢ ᠲᠥᠯᠥᠭᠡᠯᠡᠭᠴᠢ ᠲᠤᠰ ᠬᠤᠭᠤᠴᠠᠭᠠᠨ᠎ᠤ ᠶᠡᠬᠡ ᠬᠤᠷᠠᠯ᠎ᠳᠤ ᠣᠷᠣᠯᠴᠠᠪᠠ᠃