ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《 ᠰᠥᠩ ᠬᠠᠯᠢᠶ᠎ᠠ᠎ᠶᠢᠨ ᠦᠶᠡᠷ᠎ᠦᠨ ᠠᠮᠤᠷ ᠲᠦᠪᠰᠢᠨ᠎ᠢ ᠴᠠᠭ ᠢᠮᠠᠭᠲᠠ ᠴᠢᠩᠭᠠᠳᠬᠠᠵᠤ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ᠎ᠶᠢ ᠪᠠᠷᠢᠮᠲᠠᠯᠠᠨ᠂ ᠪᠠᠴᠢᠮ ᠪᠠᠢᠳᠠᠯ᠎ᠢ ᠠᠷᠭᠠᠴᠠᠬᠤ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠵᠤ᠂ ᠬᠠᠲᠤᠨ ᠭᠣᠣᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ 》 ᠠᠵᠢᠯ᠎ᠤᠨ ᠱᠠᠭᠠᠷᠳᠠᠯᠭ᠎ᠠ᠎ᠶᠢ ᠰᠠᠢᠲᠤᠷ ᠨᠠᠢᠳᠠᠪᠤᠷᠢᠵᠢᠭᠤᠯᠬᠤ᠎ᠶᠢᠨ ᠲᠥᠯᠥᠭᠡ᠂ 11 ᠳ᠋ᠦ᠍ᠭᠡᠷ ᠰᠠᠷ᠎ᠠ᠎ᠶᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠣᠷᠳᠣᠰ ᠬᠣᠲᠠ᠎ᠶᠢᠨ ᠳᠠᠯᠠᠳ ᠬᠣᠰᠢᠭᠤᠨ᠎ᠳᠤ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠪᠠᠴᠢᠮ ᠪᠠᠢᠳᠠᠯ᠎ᠢ ᠠᠷᠭᠠᠴᠠᠵᠤ ᠠᠶᠤᠯ᠎ᠠᠴᠠ ᠠᠪᠤᠷᠠᠬᠤ ᠰᠣᠷᠢᠯᠲᠠ ᠬᠢᠵᠡᠢ᠃
ᠲᠣᠰ ᠤᠳᠠᠭᠠᠨ᠎ᠤ ᠰᠣᠷᠢᠯᠲᠠ᠎ᠳᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠶᠤᠯ ᠲᠦᠭᠰᠢᠭᠦᠷᠢ ᠵᠢᠴᠢ ᠰᠢᠢᠳᠪᠦᠷᠢᠯᠡᠯᠲᠡ᠎ᠪᠡᠷ ᠠᠷᠤ ᠦᠵᠡᠭᠳᠡᠯ ᠪᠣᠯᠭᠠᠵᠤ᠂ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ᠲᠦᠷᠦᠭᠦᠯᠡᠨ᠂ ᠴᠠᠭ ᠠᠭᠤᠷ᠂ ᠳᠣᠲᠣᠭᠠᠳᠤ᠎ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ 《 ᠤᠷᠢᠳᠠᠴᠢ ᠵᠢᠯᠣᠭᠣᠳᠤᠯᠭ᠎ᠠ + ᠠᠬᠤᠢ ᠪᠠᠢᠳᠠᠯ᠎ᠤᠨ ᠴᠣᠭᠴᠠᠯᠠᠯᠲᠠ 》 ᠵᠢᠨ ᠵᠠᠭᠪᠤᠷ᠎ᠢ ᠬᠡᠷᠡᠭᠯᠡᠨ᠂ ᠭᠣᠣᠯ ᠬᠤᠪᠢᠶᠠᠷᠢ ᠬᠤᠷᠠᠯ᠎ᠤᠨ ᠲᠠᠯᠠᠪᠠᠶ᠎ᠶᠢᠨ ᠰᠢᠭᠤᠳ ᠨᠡᠪᠲᠡᠷᠡᠭᠦᠯᠭᠡ᠎ᠪᠡᠷ ᠬᠣᠯᠪᠤᠭᠠᠯᠠᠨ ᠬᠥᠳᠡᠯᠦᠯᠴᠡᠬᠦ᠎ᠪᠡᠷ ᠳᠡᠮᠵᠢᠨ᠂ ᠳᠠᠯᠠᠳ ᠬᠣᠰᠢᠭᠤᠨ᠎ᠤ ᠲᠤᠯᠤᠤ ᠠᠶᠤᠯᠲᠠᠢ ᠪᠠᠷᠢᠯᠭ᠎ᠠ᠎ᠶᠢᠨ ᠬᠡᠰᠡᠭ᠎ᠦᠨ ᠬᠠᠰᠢᠯᠭ᠎ᠠ᠎ᠶᠢᠨ ᠣᠪᠣᠭᠠᠨᠤ ᠬᠠᠮᠠᠭᠠᠯᠠᠯᠲᠠ ᠬᠣᠷᠢᠭ᠍ᠯᠠᠯᠲᠠ᠎ᠶᠢᠨ ᠨᠤᠷᠠᠯᠲᠠ᠂ ᠬᠠᠰᠢᠯᠭ᠎ᠠ᠎ᠶᠢᠨ ᠬᠣᠭᠣᠯᠠᠢ ᠣᠷᠭᠢᠯᠬᠤ ᠦᠨᠡᠨ ᠪᠣᠳᠠᠲᠠᠢ ᠠᠶᠤᠯ ᠲᠦᠭᠰᠢᠭᠦᠷᠢ᠎ᠶᠢᠨ ᠪᠠᠢᠳᠠᠯ᠎ᠢ ᠰᠢᠢᠳᠪᠦᠷᠢᠯᠡᠬᠦ᠎ᠳᠦ ᠰᠠᠭᠤᠷᠢᠯᠠᠨ ᠂ ᠠᠪᠤᠷᠠᠨ ᠲᠤᠰᠠᠯᠠᠬᠤ᠎ᠪᠠᠷ ᠰᠣᠷᠢᠯᠲᠠ᠎ᠶᠢ ᠣᠷᠣᠯᠠᠭᠤᠯᠵᠤ ᠂ ᠠᠪᠤᠷᠠᠨ ᠲᠤᠰᠠᠯᠠᠬᠤ ᠪᠣᠯᠣᠨ ᠰᠣᠷᠢᠯᠲᠠ᠎ᠶᠢ ᠤᠶᠠᠯᠳᠤᠭᠤᠯᠪᠠ ᠃ ᠰᠣᠷᠢᠯᠲᠠ᠎ᠶᠢᠨ ᠰᠢᠰᠲᠧᠮ ᠨᠢ ᠬᠠᠰᠢᠯᠭ᠎ᠠ᠎ᠶᠢ ᠲᠣᠭᠣᠷᠢᠨ ᠪᠠᠢᠴᠠᠭᠠᠵᠤ ᠠᠶᠤᠯ᠎ᠢ ᠪᠠᠢᠴᠠᠭᠠᠬᠤ᠂ ᠠᠶᠤᠯ᠎ᠤᠨ ᠪᠠᠢᠳᠠᠯ᠎ᠢ ᠳᠡᠭᠡᠭᠰᠢ ᠮᠡᠳᠡᠭᠦᠯᠬᠦ᠂ ᠵᠥᠪᠳᠡᠯᠴᠡᠵᠦ ᠰᠤᠳᠤᠯᠤᠨ ᠮᠠᠭᠠᠳᠯᠠᠬᠤ᠂ ᠪᠠᠴᠢᠮ ᠪᠠᠢᠳᠠᠯ᠎ᠢ ᠠᠷᠭᠠᠴᠠᠬᠤ᠎ᠶᠢ ᠴᠤᠤᠷᠢᠶᠠᠲᠤᠨ ᠲᠠᠭᠠᠬᠤ᠂ ᠵᠢᠯᠣᠭᠣᠳᠤᠨ ᠲᠣᠬᠢᠷᠠᠭᠤᠯᠬᠤ ᠵᠢᠴᠢ ᠤᠯᠠᠨ ᠰᠠᠯᠠᠭ᠎ᠠ ᠮᠥᠴᠢᠷ ᠬᠠᠮᠵᠢᠯᠴᠠᠨ ᠠᠶᠤᠯ᠎ᠠᠴᠠ ᠠᠪᠤᠷᠠᠬᠤ ᠵᠡᠷᠭᠡ ᠪᠦᠬᠦ ᠶᠠᠪᠤᠴᠠ᠎ᠶᠢᠨ ᠪᠣᠳᠠᠲᠤ ᠠᠵᠢᠯᠯᠠᠭᠠᠨ᠎ᠤ ᠭᠣᠭᠴᠣᠭ᠎ᠠ᠎ᠶᠢ ᠬᠠᠮᠤᠷᠴᠠᠢ᠃ ᠰᠣᠷᠢᠯᠲᠠ ᠨᠢ 《 ᠰᠡᠷᠭᠡᠢᠯᠡᠬᠦ᠎ᠪᠡᠷ ᠭᠣᠣᠯ ᠪᠣᠯᠭᠠᠵᠤ ᠂ ᠰᠡᠷᠭᠡᠢᠯᠡᠬᠦ ᠡᠰᠡᠷᠭᠦᠴᠡᠬᠦ ᠠᠪᠤᠷᠠᠬᠤ᠎ᠶᠢ ᠤᠶᠠᠯᠳᠤᠭᠤᠯᠬᠤ 》 ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠠᠵᠢᠯ᠎ᠤᠨ ᠲᠣᠭᠲᠠᠴᠠ᠎ᠶᠢ ᠪᠦᠬᠦ ᠲᠠᠯ᠎ᠠ᠎ᠪᠠᠷ ᠰᠢᠯᠭᠠᠨ ᠪᠠᠢᠴᠠᠭᠠᠵᠤ᠂ ᠵᠠᠰᠠᠭ ᠵᠠᠬᠢᠷᠭᠠᠨ᠎ᠤ ᠳᠠᠷᠤᠭ᠎ᠠ ᠬᠠᠷᠢᠭᠤᠴᠠᠬᠤ ᠳᠦᠷᠢᠮ᠎ᠢ ᠤᠯᠠᠮ ᠨᠢᠭᠡ ᠠᠯᠬᠤᠮ ᠪᠣᠳᠠᠲᠠᠢᠵᠢᠭᠤᠯᠤᠨ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ᠎ᠢᠶᠠᠷ ᠭᠣᠣᠯ ᠪᠣᠯᠭᠠᠬᠤ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠎ᠶᠢ ᠴᠢᠩᠭᠠᠷᠠᠭᠤᠯᠵᠤ᠂ ᠨᠡᠢᠯᠡᠯ ᠬᠦᠴᠦᠨ᠎ᠢ ᠪᠦᠷᠢᠯᠳᠦᠭᠦᠯᠵᠦ᠂ ᠲᠦᠷᠭᠡᠨ ᠲᠤᠰᠬᠠᠬᠤ᠂ ᠰᠢᠨᠵᠢᠯᠡᠬᠦ ᠤᠬᠠᠭᠠᠨᠴᠢ᠎ᠪᠠᠷ ᠠᠷᠭᠠᠴᠠᠬᠤ᠂ ᠬᠠᠤᠯᠢ ᠶᠣᠰᠣᠭᠠᠷ ᠰᠢᠢᠳᠪᠦᠷᠢᠯᠡᠬᠦ ᠠᠵᠢᠯ᠎ᠤᠨ ᠵᠠᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ 《 ᠡᠷᠲᠡ᠎ᠡᠴᠡ ᠵᠠᠪᠳᠤᠬᠤ᠂ ᠪᠠᠭ᠎ᠠ᠎ᠠᠴᠠ ᠵᠠᠪᠳᠤᠬᠤ᠂ ᠠᠪᠤᠷᠠᠨ ᠲᠤᠰᠠᠯᠠᠵᠤ ᠲᠡᠢᠯᠬᠦ 》᠎ᠶᠢ ᠲᠣᠪᠤᠢᠯᠭᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠯᠢᠶ᠎ᠠ ᠦᠶᠡᠷ᠎ᠤᠨ ᠭᠠᠮᠰᠢᠭ᠋᠎ᠢ ᠠᠷᠭᠠᠴᠠᠬᠤ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠵᠡᠢ᠃
ᠲᠣᠰ ᠤᠳᠠᠭᠠᠨ᠎ᠤ ᠰᠣᠷᠢᠯᠲᠠ᠎ᠳᠤ ᠪᠣᠳᠠᠲᠤ ᠪᠠᠢᠯᠳᠤᠭᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠵᠢᠱ᠌ᠢᠭᠰᠡᠨ ᠬᠠᠷᠠᠯᠲᠠ᠎ᠳᠠᠭᠠᠨ ᠬᠦᠷᠴᠦ᠂ ᠮᠠᠰᠢ ᠰᠠᠢᠨ ᠦᠷ᠎ᠡ ᠪᠦᠲᠦᠮᠵᠢ ᠣᠯᠵᠠᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠲᠣᠰ ᠤᠳᠠᠭᠠᠨ᠎ᠤ ᠰᠣᠷᠢᠯᠲᠠ᠎ᠪᠠᠷ ᠰᠢᠨ᠎ᠡ ᠭᠠᠷᠤᠭ᠎ᠠ ᠪᠣᠯᠭᠠᠵᠤ᠂ ᠨᠠᠩ ᠡᠷᠡᠰ ᠪᠠᠲᠤ ᠵᠣᠷᠢᠭ᠋᠂ ᠨᠠᠩ ᠪᠣᠳᠠᠲᠠᠢ᠎ᠶᠢ ᠡᠷᠬᠢᠮᠯᠡᠬᠦ ᠰᠤᠷᠲᠠᠯ ᠂ ᠨᠠᠩ ᠬᠦᠴᠦᠲᠡᠢ ᠠᠷᠭ᠎ᠠ ᠬᠡᠮᠵᠢᠶ᠎ᠡ᠎ᠪᠡᠷ ᠡᠯ᠎ᠡ ᠵᠦᠢᠯ᠎ᠦᠨ ᠠᠵᠢᠯ᠎ᠤᠨ ᠥᠷᠨᠢᠯᠲᠡ᠎ᠶᠢ ᠥᠨᠳᠥᠷ ᠪᠦᠲᠦᠮᠵᠢᠲᠡᠶ᠎ᠪᠡᠷ ᠲᠦᠯᠬᠢᠨ ᠠᠬᠢᠭᠤᠯᠵᠤ᠂ ᠡᠨᠡ ᠡᠪᠦᠯ ᠢᠷᠡᠬᠦ ᠬᠠᠪᠤᠷ᠎ᠤᠨ ᠰᠥᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠬᠠᠲᠤᠨ ᠭᠣᠣᠯ᠎ᠤᠨ ᠠᠮᠤᠷ ᠲᠦᠪᠰᠢᠨ᠎ᠢ ᠡᠷᠡᠰ ᠬᠠᠮᠠᠭᠠᠯᠠᠨ᠎ᠠ᠃
ᠲᠤᠰ ᠤᠳᠠᠭ᠎ᠠ᠎ᠶᠢᠨ ᠰᠣᠷᠢᠯᠲᠠ᠎ᠶᠢ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠮᠡᠷᠭᠡᠵᠢᠯ᠎ᠦᠨ ᠲᠥᠪ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠦᠢᠯᠡᠴᠢᠯᠡᠭᠡᠨ᠎ᠦ ᠲᠥᠪ᠂ ᠣᠷᠳᠣᠰ ᠬᠤᠳᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ᠂ ᠳᠠᠯᠠᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠠᠭᠠᠭᠠᠴᠢᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠵᠦᠢ ᠤᠰᠤᠨ᠎ᠤ ᠡᠬᠢ ᠪᠠᠶᠠᠯᠢᠭ᠋᠎ᠤᠨ ᠲᠥᠪ᠂ ᠬᠠᠳᠤᠨ ᠭᠣᠣᠯ᠎ᠤᠨ ᠰᠠᠨ ᠱᠧᠩ ᠬᠦᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠠᠮᠢᠶᠠᠷᠤᠯᠲᠠ᠎ᠶᠢᠨ ᠲᠥᠪ ᠵᠢᠴᠢ ᠬᠠᠳᠤᠨ ᠭᠣᠣᠯ ᠳᠠᠭᠠᠤ᠎ᠶᠢᠨ ᠡᠯ᠎ᠡ ᠠᠢᠮᠠᠭ ᠬᠤᠳᠠ᠎ᠶᠢᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠣᠷᠣᠯᠴᠠᠵᠠᠢ᠃