ᠣᠢᠷ᠎ᠠ᠎ᠳᠤ᠂ ᠤᠯᠠᠭᠠᠨᠴᠠᠪ ᠬᠣᠲᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ ᠪᠥᠬᠥ ᠣᠷᠣᠨ᠎ᠤ ᠠᠩᠬᠠᠳᠠᠭ᠍ᠴᠢ ᠤᠰᠤᠨ ᠠᠰᠢᠭ᠍ᠯᠠᠯᠲᠠ᠎ᠶᠢᠨ ᠬᠦᠷᠢᠶᠡᠨ᠎ᠳᠡᠬᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠬᠡᠷᠡᠭ᠎ᠢ ᠰᠢᠢᠳᠪᠦᠷᠢᠯᠡᠵᠦ ᠳᠠᠭᠤᠰᠬᠠᠪᠠ᠃
2023 ᠣᠨ᠎ᠳᠤ᠂ ᠨᠢᠭᠡᠨ ᠬᠠᠢᠷ ᠴᠢᠯᠠᠭᠤ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠭᠣᠣᠯ᠎ᠤᠨ ᠵᠠᠮ᠎ᠢᠶᠠᠷ ᠡᠯᠡᠰᠦ ᠮᠠᠯᠲᠠᠬᠤ ᠵᠥᠪᠰᠢᠶᠡᠷᠡᠯ᠎ᠦᠨ ᠦᠨᠡᠮᠯᠡᠯ ᠣᠯᠣᠭᠰᠠᠨ ᠦᠭᠡᠢ ᠪᠠᠢᠳᠠᠯ ᠳᠣᠣᠷ᠎ᠠ᠂ ᠯᠢᠶᠡᠩᠴᠧᠩ ᠰᠢᠶᠠᠨ᠎ᠤ ᠶᠦᠩ ᠰᠢᠩ ᠭᠧᠦ ᠭᠣᠣᠯ᠎ᠤᠨ ᠵᠠᠮ᠎ᠢᠶᠠᠷ ᠬᠠᠤᠯᠢ ᠪᠤᠰᠤ᠎ᠪᠠᠷ ᠡᠯᠡᠰᠦ ᠮᠠᠯᠲᠠᠭᠰᠠᠨ ᠪᠥᠭᠡᠳ ᠬᠤᠳᠠᠯᠳᠤᠨ ᠠᠰᠢᠭ᠋ ᠬᠣᠨᠵᠢᠵᠠᠢ᠂ ᠲᠡᠭᠦᠨ᠎ᠦ ᠦᠶ᠋ᠯᠡ ᠠᠵᠢᠯᠯᠠᠭ᠎ᠠ ᠨᠢ ᠭᠣᠣᠯ᠎ᠤᠨ ᠰᠠᠪᠠ᠎ᠶᠢᠨ ᠬᠡᠯᠪᠡᠷᠢ ᠪᠠᠢᠳᠠᠯ᠎ᠢ ᠬᠤᠪᠢᠷᠠᠭᠤᠯᠵᠤ᠂ ᠭᠣᠣᠯ᠎ᠤᠨ ᠵᠠᠮ᠎ᠤᠨ ᠤᠷᠭᠤᠮᠠᠯ᠎ᠤᠨ ᠬᠤᠴᠢᠯᠭ᠎ᠠ᠎ᠶᠢ ᠡᠪᠳᠡᠨ᠂ ᠭᠣᠣᠯ᠎ᠤᠨ ᠵᠠᠮ᠎ᠤᠨ ᠠᠮᠢ ᠠᠬᠤᠢ᠎ᠶᠢᠨ ᠴᠢᠳᠠᠮᠵᠢ᠎ᠶᠢ ᠬᠣᠬᠢᠷᠠᠯ᠎ᠳᠤ ᠤᠴᠠᠷᠠᠭᠤᠯᠵᠠᠢ᠃ 《 ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢᠨ ᠲᠥᠯᠥᠪᠦᠷᠢ᠎ᠶᠢᠨ ᠬᠠᠮᠢᠶᠠᠷᠤᠯᠲᠠ᠎ᠶᠢᠨ ᠲᠣᠭᠲᠠᠭᠠᠯ 》᠎ᠢ ᠦᠨᠳᠦᠰᠦᠯᠡᠨ᠂ ᠲᠥᠯᠥᠪᠦᠷᠢ ᠠᠪᠬᠤ ᠡᠷᠬᠡᠲᠦ ᠬᠥᠮᠥᠨ ᠤᠯᠠᠭᠠᠨᠴᠠᠪ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠵᠢᠭᠠᠨ ᠲᠣᠭᠲᠠᠭᠠᠭᠰᠠᠨ ᠠᠵᠢᠯ᠎ᠤᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠤᠯᠠᠭᠠᠨᠴᠠᠪ ᠬᠣᠲᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ ᠴᠠᠭ ᠲᠤᠬᠠᠢ ᠳ᠋ᠤᠨᠢ ᠲᠥᠯᠥᠪᠦᠷᠢ ᠨᠡᠬᠡᠬᠦ ᠵᠢᠷᠤᠮ᠎ᠢ ᠡᠬᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢᠨ ᠪᠠᠢᠴᠠᠭᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠬᠦ᠎ᠶᠢᠨ ᠬᠠᠮᠲᠤ ᠭᠤᠷᠪᠠᠳᠠᠭᠢ ᠡᠲᠡᠭᠡᠳ᠎ᠦᠨ ᠬᠢᠨᠠᠨ ᠲᠣᠭᠲᠠᠭᠠᠬᠤ ᠪᠠᠢᠭᠤᠯᠤᠮᠵᠢ᠎ᠳᠤ ᠨᠠᠢᠳᠠᠵᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢ ᠬᠢᠨᠠᠨ ᠲᠣᠭᠲᠠᠭᠠᠵᠤ ᠦᠨᠡᠯᠡᠨ ᠵᠢᠱ᠌ᠢᠪᠡ᠃ ᠤᠯᠠᠭᠠᠨᠴᠠᠪ ᠬᠤᠳᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ ᠪᠣᠯᠣᠨ ᠲᠥᠯᠥᠪᠦᠷᠢ᠎ᠶᠢᠨ ᠡᠭᠦᠷᠭᠡᠲᠦ ᠬᠥᠮᠥᠨ ᠪᠣᠯᠬᠤ ᠨᠢᠭᠡᠨ ᠬᠠᠢᠷ ᠴᠢᠯᠠᠭᠤ ᠡᠳ᠋ᠰᠢᠭᠦᠯᠬᠦ ᠬᠢᠵᠠᠭᠠᠷᠲᠤ ᠺᠣᠮᠫᠠᠨᠢ ᠲᠠᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡ᠎ᠶᠢ ᠥᠷᠨᠢᠭᠦᠯᠬᠦ᠎ᠪᠡᠷ ᠲᠠᠮᠵᠢᠨ᠂ ᠡᠴᠦᠰ᠎ᠲᠡᠬᠡᠨ ᠰᠠᠨᠠᠯ ᠨᠢᠭᠡᠳᠦᠭᠰᠡᠨ ᠪᠥᠭᠡᠳ ᠲᠥᠯᠥᠪᠦᠷᠢ᠎ᠶᠢᠨ ᠵᠥᠪᠯᠡᠯᠴᠡᠭᠡᠷ ᠲᠣᠭᠲᠠᠵᠤ᠂ ᠲᠥᠯᠥᠪᠦᠷᠢ᠎ᠶᠢᠨ ᠡᠭᠦᠷᠭᠡᠲᠦ ᠬᠥᠮᠥᠨ ᠭᠣᠣᠯ᠎ᠤᠨ ᠵᠠᠮ᠎ᠢ ᠲᠡᠭᠰᠢᠯᠡᠬᠦ᠂ ᠬᠣᠶᠠᠷ ᠬᠥᠪᠡᠭᠡᠨ᠎ᠦ ᠲᠠᠩ ᠭᠠᠵᠠᠷ᠎ᠤᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ ᠵᠢᠴᠢ ᠬᠠᠵᠠᠭᠤ᠎ᠶᠢᠨ ᠪᠡᠯ᠎ᠤᠨ ᠲᠣᠭᠲᠠᠭᠤᠨ ᠪᠠᠢᠳᠠᠯ᠎ᠢ ᠪᠠᠲᠤᠯᠠᠬᠤ ᠵᠡᠷᠭᠡ ᠠᠷᠭ᠎ᠠ ᠬᠡᠮᠵᠢᠶ᠎ᠡ᠎ᠪᠡᠷ ᠭᠣᠣᠯ᠎ᠤᠨ ᠵᠠᠮ᠎ᠤᠨ ᠳᠣᠲᠣᠷᠠᠬᠢ ᠡᠪᠳᠡᠭᠳᠡᠭᠰᠡᠨ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠨ᠎ᠡ ᠭᠡᠵᠦ ᠠᠮᠠᠯᠳᠠᠵᠠᠢ᠃ ᠡᠨᠡ ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠤᠰᠤᠨ ᠠᠰᠢᠭ᠍ᠯᠠᠯᠲᠠ᠎ᠶᠢᠨ ᠬᠦᠷᠢᠶᠡᠨ᠎ᠦ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡ ᠠᠮᠵᠢᠯᠲᠠ ᠣᠯᠣᠭᠰᠠᠨ᠎ᠢ ᠬᠠᠷᠠᠭᠤᠯᠵᠤ᠂ ᠲᠤᠰ ᠬᠡᠷᠡᠭ᠎ᠢ ᠰᠢᠢᠳᠪᠦᠷᠢᠯᠡᠭᠰᠡᠨ ᠨᠢ ᠪᠦᠬᠦ ᠣᠷᠣᠨ᠎ᠤ ᠤᠰᠤᠨ ᠠᠰᠢᠭ᠍ᠯᠠᠯᠲᠠ᠎ᠶᠢᠨ ᠬᠦᠷᠢᠶᠡᠨ᠎ᠦ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠳᠤ ᠲᠣᠯᠢ ᠪᠣᠯᠭᠠᠵᠤ ᠪᠣᠯᠬᠤ ᠲᠤᠷᠰᠢᠯᠭ᠎ᠠ ᠬᠠᠩᠭᠠᠭᠰᠠᠨ ᠪᠠᠢᠨ᠎ᠠ᠃