ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠤᠰᠤᠨ ᠠᠰᠢᠭ᠍ᠯᠠᠯᠲᠠ᠎ᠶᠢᠨ ᠬᠦᠷᠢᠶᠡᠨ᠎ᠳᠡᠬᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠬᠡᠷᠡᠭ᠎ᠢ ᠰᠢᠢᠳᠪᠦᠷᠢᠯᠡᠵᠦ ᠳᠠᠭᠤᠰᠬᠠᠪᠠ
ᠨᠡᠶ᠋ᠢᠲᠡᠯᠡᠭᠰᠡᠨ ᠴᠠᠭ᠄ 2025-12-16

      12 ᠰᠠᠷ᠎ᠠ᠎ᠶᠢᠨ 9᠎ᠦ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠶᠠᠪᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠰᠤᠨ ᠴᠥᠭᠥᠷᠥᠮ᠎ᠦᠨ ᠬᠠᠰᠢᠯᠭ᠎ᠠ᠎ᠶᠢᠨ ᠠᠮᠤᠷ ᠲᠦᠪᠰᠢᠨ᠎ᠢ ᠬᠢᠨᠠᠨ ᠬᠡᠮᠵᠢᠬᠦ ᠠᠵᠢᠯ᠎ᠢ ᠴᠢᠩᠭᠠᠳᠬᠠᠬᠤ ᠲᠤᠬᠠᠢ ᠰᠤᠳᠤᠯᠪᠠ᠃
      ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠦᠨ ᠤᠰᠤᠨ ᠴᠥᠭᠥᠷᠥᠮ᠎ᠦᠨ ᠬᠠᠰᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ᠎ᠪᠡᠷ ᠪᠠᠢᠭᠤᠯᠤᠭᠰᠠᠨ ᠤᠰᠤᠨ ᠴᠥᠭᠥᠷᠥᠮ᠎ᠦᠨ ᠬᠠᠰᠢᠯᠭ᠎ᠠ᠎ᠶᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠦᠭᠡᠷᠦᠮᠵᠢ᠎ᠶᠢᠨ ᠨᠢᠭᠡᠨᠲᠡ ᠪᠠᠢᠭᠤᠯᠤᠭᠰᠠᠨ ᠤᠰᠤᠨ ᠴᠥᠭᠥᠷᠥᠮ᠎ᠦᠨ ᠶᠡᠬᠡ ᠬᠠᠰᠢᠯᠭ᠎ᠠ᠎ᠶᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠦᠭᠡᠷᠦᠮᠵᠢ᠎ᠶᠢ ᠰᠢᠨᠡᠳᠬᠡᠬᠦ ᠪᠠ ᠲᠣᠭᠠᠴᠢᠯᠠᠭᠰᠠᠨ ᠥᠭᠡᠷᠡᠴᠢᠯᠡᠯᠲᠡ᠎ᠶᠢ ᠠᠬᠢᠭᠤᠯᠵᠤ᠂ 《 ᠣᠭᠲᠠᠷᠭᠤᠢ ᠠᠭᠠᠷ ᠭᠠᠵᠠᠷ ᠤᠰᠤ ᠢᠨᠵᠧᠨᠧᠷᠢᠩ 》᠎ᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠵᠦ ᠮᠡᠳᠡᠷᠡᠬᠦ ᠰᠢᠰᠲᠧᠮ᠎ᠢ ᠪᠠᠢᠭᠤᠯᠵᠤ᠂ ᠶᠡᠬᠡ ᠬᠠᠰᠢᠯᠭ᠎ᠠ᠎ᠶᠢᠨ ᠳᠣᠲᠣᠭᠠᠳᠤ ᠪᠠᠢᠴᠠᠭᠠᠨ ᠬᠡᠮᠵᠢᠬᠦ ᠪᠠ ᠭᠠᠳᠠᠭᠠᠳᠤ ᠬᠢᠨᠠᠨ ᠬᠡᠮᠵᠢᠬᠦ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠴᠢᠩᠭᠠᠳᠬᠠᠨ᠂ ᠮᠡᠷᠭᠡᠵᠢᠯ᠎ᠦᠨ ᠪᠠᠷᠢᠮᠵᠢᠶ᠎ᠠ᠎ᠶᠢᠨ ᠵᠢᠷᠤᠮᠵᠢᠯ᠎ᠢ ᠲᠡᠭᠦᠯᠳᠡᠷᠵᠢᠭᠦᠯᠵᠦ᠂ ᠤᠰᠤᠨ ᠴᠥᠭᠥᠷᠥᠮ᠎ᠦᠨ ᠶᠡᠬᠡ ᠬᠠᠰᠢᠯᠭ᠎ᠠ᠎ᠶᠢ ᠪᠦᠬᠦᠨ᠎ᠢ ᠪᠦᠷᠬᠦᠭᠦᠯᠬᠦ᠂ ᠪᠥᠬᠥ ᠣᠷᠣᠨ ᠵᠠᠢ᠂ ᠪᠥᠬᠥ ᠬᠦᠴᠦᠨ ᠵᠦᠢᠯ᠂ ᠪᠥᠬᠥ ᠡᠳᠦᠷ᠎ᠢᠶᠡᠷ ᠬᠢᠨᠠᠨ ᠬᠡᠮᠵᠢᠵᠦ ᠮᠡᠳᠡᠷᠡᠬᠦ᠎ᠶᠢ ᠪᠡᠶᠡᠯᠡᠭᠦᠯᠵᠦ᠂ ᠤᠰᠤᠨ ᠴᠥᠭᠥᠷᠥᠮ ᠨᠢᠭᠡᠪᠦᠷᠢ᠎ᠶᠢᠨ ᠰᠢᠨᠵᠢ ᠪᠠᠢᠳᠠᠯ᠎ᠢ ᠪᠥᠬᠥ ᠲᠠᠯ᠎ᠠ᠎ᠪᠠᠷ ᠴᠠᠭ ᠲᠤᠬᠠᠢ ᠳ᠋ᠤᠨᠢ ᠣᠨᠣᠪᠴᠢᠲᠠᠶ ᠡᠵᠡᠮᠰᠢᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠬᠢᠨᠠᠨ ᠬᠡᠮᠵᠢᠯᠲᠡ᠎ᠶᠢᠨ ᠲᠣᠭ᠎ᠠ ᠪᠠᠷᠢᠮᠲᠠ᠎ᠶᠢ ᠴᠤᠭᠯᠠᠭᠤᠯᠤᠨ ᠬᠡᠷᠡᠭᠯᠡᠬᠦ᠎ᠶᠢ ᠴᠢᠩᠭᠠᠳᠬᠠᠵᠤ᠂ ᠵᠠᠭᠪᠤᠷ᠎ᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠭᠦᠨᠵᠡᠭᠡᠢᠷᠡᠭᠦᠯᠵᠦ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ ᠯᠦ᠍ᠭᠡ ᠠᠪᠴᠠᠯᠳᠤᠭᠤᠯᠤᠨ ᠨᠡᠪᠲᠡᠷᠡᠯᠴᠡᠭᠦᠯᠵᠦ᠂ 《 ᠵᠥᠪ ᠴᠢᠭᠯᠡᠯ ︱ ᠰᠥᠷᠭᠡᠦ ᠴᠢᠭᠯᠡᠯ ︱ ᠵᠥᠪ ᠴᠢᠭᠯᠡᠯ 》᠎ᠤᠨ ᠤᠯᠠᠷᠢᠭᠤᠯᠬᠤ ᠴᠢᠳᠠᠮᠵᠢ᠎ᠶᠢ ᠴᠢᠩᠭᠠᠷᠠᠭᠤᠯᠵᠤ᠂ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠂ ᠰᠤᠳᠤᠯᠤᠨ ᠮᠠᠭᠠᠳᠯᠠᠬᠤ᠂ ᠰᠢᠢᠳᠪᠦᠷᠢᠯᠡᠬᠦ ᠲᠣᠭᠲᠠᠴᠠ᠎ᠶᠢ ᠪᠦᠷᠢᠨᠰᠢᠭᠦᠯᠵᠦ᠂ ᠤᠰᠤᠨ ᠴᠥᠭᠥᠷᠥᠮ᠎ᠦᠨ ᠬᠠᠰᠢᠯᠭ᠎ᠠ᠎ᠶᠢᠨ ᠠᠵᠢᠯᠯᠠᠭᠠᠨ᠎ᠤ ᠬᠠᠮᠢᠶᠠᠷᠤᠯᠲᠠ᠎ᠳᠤ ᠢᠷᠡᠭᠡᠳᠦᠢ᠎ᠲᠠᠢ᠂ ᠰᠢᠨᠵᠢᠯᠡᠬᠦ ᠤᠬᠠᠭᠠᠨᠴᠢ᠂ ᠨᠠᠷᠢᠯᠢᠭ᠋ ᠣᠨᠣᠴᠠᠲᠠᠢ᠂ ᠠᠮᠤᠷ ᠲᠦᠪᠰᠢᠨ᠎ᠦ ᠰᠢᠢᠳᠪᠦᠷᠢᠲᠦ ᠪᠣᠳᠣᠯᠭ᠎ᠠ᠎ᠶᠢᠨ ᠳᠡᠮᠵᠢᠯᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            