ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠧᠩ ᠰᠢᠶᠣᠣ ᠶᠢᠦ ᠨᠠᠮ᠎ᠤᠨ ᠪᠠᠢᠭᠤᠯᠤᠯᠲᠠ᠎ᠶᠢᠨ ᠬᠠᠷᠢᠯᠴᠠᠬᠤ ᠴᠡᠭ᠎ᠲᠦ ᠬᠦᠷᠴᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ
ᠨᠡᠶ᠋ᠢᠲᠡᠯᠡᠭᠰᠡᠨ ᠴᠠᠭ᠄ 2025-12-16

12 ᠳ᠋ᠤᠭᠠᠷ ᠰᠠᠷ᠎ᠠ᠎ᠶᠢᠨ 11᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠨᠠᠮ᠎ᠤᠨ ᠪᠠᠢᠭᠤᠯᠤᠯᠲᠠ᠎ᠶᠢᠨ ᠬᠠᠷᠢᠯᠴᠠᠬᠤ ᠴᠡᠭ᠎ᠦᠨ ᠥᠪᠡᠷᠲᠡᠭᠡᠨ ᠵᠠᠰᠠᠬᠤ ᠣᠷᠣᠨ᠎ᠤ ᠤᠰᠤᠨ ᠵᠦᠢ ᠤᠰᠤᠨ᠎ᠤ ᠡᠬᠢ ᠪᠠᠶᠠᠯᠢᠭ᠋᠎ᠤᠨ ᠲᠥᠪ᠎ᠲᠦ ᠭᠦᠨᠵᠡᠭᠡᠢᠷᠡᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠰᠬᠠᠢ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ᠎ᠶᠢᠨ ᠬᠠᠮᠲᠤ᠂ ᠤᠰᠤᠨ ᠵᠦᠢ᠎ᠶᠢᠨ ᠰᠢᠰᠲᠧᠮ᠎ᠦᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠤᠰᠤᠨ ᠵᠦᠢ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠰᠢᠨᠵᠢᠯᠡᠬᠦ ᠤᠬᠠᠭᠠᠨᠴᠢ᠎ᠪᠠᠷ ᠰᠦᠪᠡᠭᠴᠢᠯᠡᠬᠦ ᠲᠤᠬᠠᠢ ᠲᠣᠬᠢᠷᠠᠭᠤᠯᠤᠯᠲᠠ ᠪᠠᠢᠷᠢᠯᠠᠭᠤᠯᠤᠯᠲᠠ ᠬᠢᠪᠡ᠃
      ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠱᠧᠩ ᠰᠢᠶᠣᠣ ᠶᠢᠦ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠥᠬᠥᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠪᠠ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭᠵᠢᠯᠲᠡ᠎ᠶᠢᠨ ᠣᠯᠣᠭᠰᠠᠨ ᠴᠢᠬᠤᠯᠠ ᠶᠡᠬᠡ ᠠᠮᠵᠢᠯᠲᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠤ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠶᠢ ᠰᠡᠩᠬᠡᠷᠡᠭᠦᠯᠬᠦ ᠴᠢᠬᠤᠯᠠ ᠪᠠᠢᠷᠢ ᠰᠠᠭᠤᠷᠢ᠎ᠲᠠᠢ ᠪᠠᠢᠵᠤ᠂ ᠰᠠᠭᠤᠷᠢ᠎ᠪᠠᠨ ᠪᠡᠬᠢᠵᠢᠭᠦᠯᠵᠦ᠂ ᠪᠦᠬᠦ ᠲᠠᠯ᠎ᠠ ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠬᠤᠭᠤᠴᠠᠭ᠎ᠠ ᠮᠥᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭᠵᠢᠯᠲᠡ᠎ᠶᠢᠨ ᠣᠷᠴᠢᠨ ᠨᠥᠬᠥᠴᠡᠯ᠎ᠳᠦ ᠲᠤᠯᠭᠠᠷᠠᠵᠤ ᠪᠠᠢᠭ᠎ᠠ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶᠢ ᠰᠡᠷᠭᠡᠭ᠎ᠢᠶᠡᠷ ᠲᠠᠨᠢᠵᠤ᠂ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠥᠬᠥᠳᠡ ᠬᠤᠷᠠᠯ᠎ᠤᠨ ᠤᠰᠤᠨ ᠠᠰᠢᠭ᠍ᠯᠠᠯᠲᠠ᠎ᠶᠢᠨ ᠠᠵᠢᠯ᠎ᠤᠨ ᠲᠤᠬᠠᠢ ᠪᠠᠢᠷᠢᠯᠠᠭᠤᠯᠤᠯᠲᠠ ᠲᠣᠬᠢᠷᠠᠭᠤᠯᠤᠯᠲᠠ᠎ᠶᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠡᠵᠡᠮᠳᠡᠵᠦ᠂ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠤᠨ᠂ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠵᠤ᠂ ᠪᠥᠬᠥᠳᠡ ᠬᠤᠷᠠᠯ᠎ᠠᠴᠠ ᠲᠣᠭᠲᠠᠭᠠᠭᠰᠠᠨ ᠬᠠᠷᠠᠯᠲᠠ᠎ᠶᠢ ᠬᠡᠷᠡᠭᠵᠢᠭᠦᠯᠵᠦ ᠪᠣᠯᠬᠤᠢᠴᠠ ᠪᠠᠷᠢᠯᠭ᠎ᠠ᠎ᠶᠢᠨ ᠵᠢᠷᠤᠭ ᠪᠠ ᠵᠠᠮ ᠱᠤᠭᠤᠮ᠎ᠤᠨ ᠵᠢᠷᠤᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠱᠧᠩ ᠰᠢᠶᠣᠣ ᠶᠢᠦ ᠤᠰᠤᠨ ᠰᠢᠨᠵᠢᠯᠡᠭᠡᠨ᠎ᠦ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠭᠦᠨᠵᠡᠭᠡᠢ ᠲᠠᠢᠯᠤᠮᠵᠢ ᠬᠢᠪᠡ᠃ ᠲᠡᠷᠡ᠂ ᠪᠥᠬᠥ ᠣᠷᠣᠨ᠎ᠤ ᠤᠰᠤᠨ ᠵᠦᠢ᠎ᠶᠢᠨ ᠰᠢᠰᠲᠧᠮ᠎ᠦᠨ ᠬᠢᠨ ᠤᠬᠠᠮᠰᠠᠷ᠎ᠠᠴᠠ᠎ᠪᠠᠨ ᠤᠰᠤᠨ ᠵᠦᠢ᠎ᠶᠢᠨ ᠬᠥᠭᠵᠢᠯᠲᠡ᠎ᠶᠢ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠪᠥᠬᠥ ᠲᠠᠯ᠎ᠠ᠎ᠳᠤ ᠲᠠᠯᠪᠢᠵᠤ ᠠᠷᠭ᠎ᠠ ᠰᠦᠪᠡᠭᠴᠢᠯᠡᠵᠦ᠂ ᠤᠰᠤᠨ ᠵᠦᠢ᠎ᠶᠢᠨ ᠠᠵᠢᠯ᠎ᠤᠨ ᠭᠠᠷᠳᠠᠬᠤ ᠴᠡᠭ ᠪᠠ ᠬᠦᠴᠦᠯᠡᠬᠦ ᠴᠡᠭ᠎ᠢ ᠣᠨᠣᠪᠴᠢᠲᠠᠶ ᠡᠷᠢᠨ ᠣᠯᠵᠤ᠂ ᠥᠪᠥᠷ ᠮᠣᠩᠭᠣᠯ᠎ᠤᠨ ᠤᠰᠤᠨ ᠵᠦᠢ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠭᠠᠵᠠᠷ ᠳᠣᠣᠷᠠᠬᠢ ᠤᠰᠤ᠎ᠶᠢ ᠲᠣᠳᠣᠷᠬᠠᠢ ᠪᠣᠯᠭᠠᠵᠤ᠂ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ᠎ᠶᠢ ᠤᠯᠠᠮ ᠨᠢᠭᠡ ᠠᠯᠬᠤᠮ ᠴᠢᠩᠭᠠᠳᠬᠠᠨ᠂ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠵᠠᠳᠠᠯᠤᠨ ᠬᠡᠷᠡᠭᠯᠡᠬᠦ ᠪᠠ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠷᠠᠭᠤᠯᠬᠤ ᠬᠡᠷᠡᠭᠲᠡᠢ ; ᠭᠠᠵᠠᠷ᠎ᠤᠨ ᠭᠠᠳᠠᠷᠭᠤ᠎ᠶᠢᠨ ᠤᠰᠤ᠎ᠶᠢ ᠲᠣᠳᠣᠷᠬᠠᠢ ᠪᠤᠳᠤᠵᠤ᠂ ᠤᠰᠤᠨ ᠵᠦᠢ᠎ᠶᠢᠨ ᠬᠢᠨᠠᠨ ᠬᠡᠮᠵᠢᠬᠦ ᠥᠷᠲᠡᠭᠡ᠎ᠶᠢᠨ ᠲᠣᠣᠷ᠎ᠢ ᠦᠷᠭᠦᠯᠵᠢᠯᠡᠨ ᠨᠢᠭᠤᠴᠠᠯᠠᠵᠤ᠂ ᠬᠡᠮᠵᠢᠨ ᠮᠡᠳᠡᠭᠦᠯᠬᠦ ᠠᠷᠭ᠎ᠠ ᠪᠠᠷᠢᠯ᠎ᠢ ᠰᠢᠨᠡᠳᠬᠡᠨ ᠲᠠᠰ ᠳᠡᠪᠰᠢᠭᠦᠯᠵᠦ᠂ 《 ᠳᠥᠷᠪᠡ᠎ᠶᠢ ᠤᠷᠢᠳᠴᠢᠯᠠᠨ ᠮᠡᠳᠡᠭᠦᠯᠬᠦ 》 ᠴᠢᠳᠠᠮᠵᠢ᠎ᠶᠢ ᠪᠡᠶᠡᠯᠡᠭᠦᠯᠦᠨ᠂ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ; ᠤᠰᠤᠨ ᠵᠦᠢ᠎ᠶᠢᠨ ᠣᠯᠠᠨ ᠨᠡᠶ᠋ᠢᠲᠡ᠎ᠳᠦ ᠬᠠᠨᠳᠤᠭᠤᠯᠤᠭᠰᠠᠨ ᠨᠡᠢᠭᠡᠮᠴᠢᠯᠡᠭᠰᠡᠨ ᠦᠢᠯᠡᠴᠢᠯᠡᠭᠡᠨ᠎ᠦ ᠦᠢᠯᠡᠳᠦᠯ᠎ᠢ ᠨᠡᠢᠭᠡᠮ ᠨᠡᠶ᠋ᠢᠲᠡ᠎ᠳᠦ ᠲᠣᠳᠣᠷᠬᠠᠢ ᠶᠠᠷᠢᠵᠤ᠂ ᠤᠰᠤᠨ ᠵᠦᠢ᠎ᠶᠢᠨ ᠬᠡᠮᠵᠢᠨ ᠮᠡᠳᠡᠭᠦᠯᠦᠭᠰᠡᠨ ᠲᠤᠰᠬᠠᠢ ᠮᠡᠷᠭᠡᠵᠢᠯ᠎ᠦᠨ ᠦᠷ᠎ᠡ ᠪᠦᠲᠦᠭᠡᠯ᠎ᠢ ᠨᠡᠢᠭᠡᠮ᠎ᠦᠨ ᠬᠠᠮᠲᠤ᠎ᠶᠢᠨ ᠲᠠᠨᠢᠯᠲᠠ ᠪᠣᠯᠭᠠᠨ ᠬᠤᠪᠢᠷᠠᠭᠤᠯᠵᠤ᠂ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠂ ᠤᠰᠤᠨ᠎ᠤ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠎ᠳᠦ ᠪᠠᠲᠤ ᠴᠢᠩᠭ᠎ᠠ ᠮᠡᠷᠭᠡᠵᠢᠯ᠎ᠦᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠱᠧᠩ ᠰᠢᠶᠣᠣ ᠶᠢᠦ᠂ ᠪᠦᠬᠦ ᠣᠷᠣᠨ᠎ᠤ ᠤᠰᠤᠨ ᠰᠢᠨᠵᠢᠯᠡᠭᠡᠨ᠎ᠦ ᠰᠢᠰᠲᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠰᠤᠷᠤᠯᠴᠠᠯᠭ᠎ᠠ᠎ᠶᠢ ᠶᠡᠬᠡ᠎ᠪᠡᠷ ᠡᠷᠬᠢᠮᠯᠡᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠪᠠᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠵᠦᠢ᠎ᠶᠢᠨ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠠᠷᠢᠭᠤᠨ ᠴᠢᠬᠡᠴᠢ ᠤᠯᠤᠰ ᠲᠥᠷᠥ᠎ᠶᠢᠨ ᠮᠥᠨ ᠴᠢᠨᠠᠷ᠎ᠢᠶᠠᠨ ᠡᠭᠦᠷᠢᠳᠡ ᠪᠠᠲᠤᠯᠠᠵᠤ᠂ ᠦᠨᠡᠨ ᠬᠦ᠌ ᠠᠳᠬᠤᠨ ᠪᠣᠳᠠᠲᠠᠢ᠎ᠪᠠᠷ ᠠᠵᠢᠯᠯᠠᠵᠤ᠂ ᠴᠢᠳᠠᠮᠠᠭᠠᠢ ᠠᠵᠢᠯᠯᠠᠵᠤ ᠰᠠᠢᠲᠤᠷ ᠪᠦᠲᠦᠭᠡᠵᠦ᠂ ᠤᠰᠤᠨ ᠵᠦᠢ᠎ᠶᠢᠨ ᠡᠯ᠎ᠡ ᠵᠦᠢᠯ᠎ᠦᠨ ᠠᠵᠢᠯ᠎ᠤᠨ ᠪᠣᠳᠠᠲᠤ ᠠᠮᠵᠢᠯᠲᠠ ᠪᠦᠲᠦᠮᠵᠢ ᠪᠠ ᠪᠣᠳᠠᠲᠤ ᠦᠷ᠎ᠡ ᠪᠦᠲᠦᠮᠵᠢ ᠣᠯᠬᠤ᠎ᠶᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
      ᠬᠤᠷᠠᠯ ᠳᠡᠭᠡᠷ᠎ᠡ ᠂ ᠱᠧᠩ ᠰᠢᠶᠣᠣ ᠶᠢᠦ ᠪᠠᠰᠠ ᠤᠰᠤᠨ ᠵᠦᠢ ᠤᠰᠤᠨ᠎ᠤ ᠡᠬᠢ ᠪᠠᠶᠠᠯᠢᠭ᠋᠎ᠤᠨ ᠲᠥᠪ᠎ᠦᠨ ᠤᠳᠤᠷᠢᠳᠬᠤ ᠪᠠᠭ᠎ᠤᠨ ᠪᠦᠷᠢᠯᠳᠦᠭᠦᠨ᠂ ᠭᠠᠵᠠᠷ ᠲᠠᠰᠤᠭ᠎ᠤᠨ ᠬᠠᠷᠢᠭᠤᠴᠠᠯᠭᠠᠲᠠᠨ᠎ᠲᠠᠢ ᠶᠠᠷᠢᠯᠴᠠᠨ ᠰᠣᠯᠢᠯᠴᠠᠵᠤ ᠂ ᠭᠣᠣᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ ᠪᠥᠭᠡᠳ ᠣᠳᠣᠬᠠᠨ᠎ᠤ ᠤᠰᠤᠨ ᠵᠦᠢ᠎ᠶᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠂ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠣᠷᠣᠭᠠᠨ᠎ᠤ ᠤᠰᠤᠨ᠎ᠤ ᠪᠠᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠢᠰᠲᠧᠮ᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠤᠬᠠᠢ ᠲᠣᠬᠢᠷᠠᠭᠤᠯᠤᠯᠲᠠ ᠪᠠ ᠪᠠᠢᠷᠢᠯᠠᠭᠤᠯᠤᠯᠲᠠ ᠬᠢᠵᠡᠢ ᠃
      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭᠠᠲᠠᠨ ᠂ ᠤᠰᠤᠨ ᠵᠦᠢ ᠤᠰᠤᠨ᠎ᠤ ᠡᠬᠢ ᠪᠠᠶᠠᠯᠢᠭ᠋᠎ᠤᠨ ᠲᠥᠪ᠎ᠦᠨ ᠤᠳᠤᠷᠢᠳᠬᠤ ᠪᠠᠭ᠎ᠤᠨ ᠪᠦᠷᠢᠯᠳᠦᠭᠦᠨ ᠂ ᠭᠠᠵᠠᠷ᠎ᠤᠨ ᠲᠠᠰ᠎ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            