12 ᠰᠠᠷ᠎ᠠ᠎ᠶᠢᠨ 8᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠲᠤᠰᠬᠠᠢ ᠮᠡᠷᠭᠡᠵᠢᠯᠲᠡᠨ᠎ᠦ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠺᠠᠳᠧᠮᠢᠴᠢ ᠲᠤᠰᠬᠠᠢ ᠮᠡᠷᠭᠡᠵᠢᠯᠲᠡᠨ᠎ᠦ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠪᠠ᠃ ᠶᠠᠮᠤᠨ᠎ᠤ ᠤᠳᠤᠷᠢᠳᠤᠯᠭ᠎ᠠ ᠽᠦ᠍ ᠯᠧᠢ ᠮᠢᠩ᠂ ᠯᠢᠦ ᠳ᠋ᠦᠩ ᠱᠦᠨ᠂ ᠸᠠᠩ ᠪᠦᠦ ᠧᠨ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠯᠥᠸᠧ ᠵᠢᠶᠦ᠋ᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠵᠧᠦ ᠴᠤᠸᠠᠩ ᠪᠢᠩ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠪᠡᠯᠡ ᠣᠷᠣᠭᠤᠯᠤᠯᠲᠠ᠎ᠶᠢᠨ ᠰᠤᠳᠤᠯᠭᠠᠨ᠎ᠤ ᠭᠠᠵᠠᠷ᠎ᠤᠨ ᠰᠤᠳᠤᠯᠤᠭ᠍ᠴᠢ ᠦ᠋ ᠶᠠ ᠫᠢᠩ᠂ ᠴᠢᠩᠬᠤᠸᠠ ᠶᠡᠬᠡ ᠰᠤᠷᠭᠠᠭᠤᠯᠢ᠎ᠶᠢᠨ ᠫᠷᠣᠹᠧᠰᠰᠣᠷ ᠸᠠᠩ ᠶᠠ ᠬᠤᠸᠠ ᠪᠣᠯᠣᠨ ᠶᠠᠩ ᠳᠠ ᠸᠧᠨ᠂ ᠦᠬᠠᠨ ᠶᠡᠬᠡ ᠰᠤᠷᠭᠠᠭᠤᠯᠢ᠎ᠶᠢᠨ ᠬᠠᠤᠯᠢ᠎ᠶᠢᠨ ᠤᠬᠠᠭᠠᠨ᠎ᠤ ᠳᠡᠭᠡᠳᠦ ᠰᠤᠷᠭᠠᠭᠤᠯᠢ᠎ᠶᠢᠨ ᠵᠠᠬᠢᠷᠤᠯ ᠴᠢᠨ ᠲᠢᠶᠠᠨ ᠪᠦᠦ ᠵᠡᠷᠭᠡ 6 ᠠᠺᠠᠳᠧᠮᠢᠴᠢ ᠲᠤᠰᠬᠠᠢ ᠮᠡᠷᠭᠡᠵᠢᠯᠲᠡᠨ ᠤᠷᠢᠳ ᠬᠣᠵᠢᠳ ᠶᠠᠷᠢᠶ᠎ᠠ ᠲᠠᠯᠪᠢᠵᠠᠢ᠃ ᠲᠠᠳᠠ ᠲᠣᠰ ᠲᠣᠰ ᠰᠢᠨ᠎ᠡ ᠨᠢᠭᠡ ᠦᠶ᠎ᠡ᠎ᠶᠢᠨ ᠬᠦᠨᠳᠦ᠎ᠶᠢᠨ ᠬᠦᠴᠦᠨ᠎ᠦ ᠳᠠᠭᠠᠭᠤᠯᠢ ᠣᠲᠣ᠌᠎ᠶᠢ ᠠᠰᠢᠭ᠍ᠯᠠᠨ ᠤᠰᠤᠨ᠎ᠤ ᠬᠠᠳᠠᠭᠠᠯᠠᠭᠳᠠᠴᠠ᠎ᠶᠢ ᠨᠠᠷᠢᠯᠢᠭ᠋ ᠬᠡᠮᠵᠢᠬᠦ᠂ ᠴᠥᠭᠥᠷᠥᠮ᠎ᠦᠨ ᠬᠠᠰᠢᠯᠭ᠎ᠠ᠎ᠶᠢᠨ ᠠᠮᠤᠷ ᠲᠦᠪᠰᠢᠨ᠎ᠦ ᠪᠠᠢᠭᠤᠯᠤᠯᠲᠠ᠎ᠶᠢ ᠠᠬᠢᠭᠤᠯᠬᠤ᠂ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠴᠢᠳᠠᠪᠤᠷᠢ᠎ᠶᠢ ᠨᠡᠮᠡᠭᠳᠡᠭᠦᠯᠬᠦ᠂ ᠲᠠᠷᠬᠠᠮᠠᠯ ᠬᠡᠯᠪᠡᠷᠢ᠎ᠶᠢᠨ ᠤᠰᠤᠨ ᠵᠦᠢ᠎ᠶᠢᠨ ᠵᠠᠭᠪᠤᠷ᠎ᠤᠨ ᠬᠡᠷᠡᠭᠯᠡᠯᠲᠡ᠂ ᠤᠰᠤᠨ ᠠᠰᠢᠭ᠍ᠯᠠᠯᠲᠠ᠎ᠶᠢᠨ ᠬᠠᠤᠯᠢ᠎ᠪᠠᠷ ᠵᠠᠰᠠᠬᠤ ᠰᠢᠰᠲᠧᠮ᠎ᠦᠨ ᠪᠠᠢᠭᠤᠯᠤᠯᠲᠠ ᠵᠡᠷᠭᠡ᠎ᠶᠢᠨ ᠲᠤᠬᠠᠢ ᠰᠠᠨᠠᠯ ᠪᠠ ᠰᠠᠨᠠᠭᠤᠯᠭ᠎ᠠ ᠳᠤᠷᠠᠳᠪᠠ᠃
ᠠᠺᠠᠳᠧᠮᠢᠴᠢ ᠲᠤᠰᠬᠠᠢ ᠮᠡᠷᠭᠡᠵᠢᠯᠲᠡᠳ᠎ᠦᠨ ᠶᠠᠷᠢᠶ᠎ᠠ᠎ᠶᠢ ᠬᠢᠨᠠᠮᠠᠭᠠᠢ ᠰᠣᠨᠣᠰᠤᠭᠰᠠᠨ᠎ᠤ ᠳᠠᠷᠠᠭ᠎ᠠ᠂ ᠯᠢ ᠭᠦᠸᠧ ᠶᠢᠩ ᠢᠯᠡᠷᠬᠡᠢᠯᠡᠬᠦ᠎ᠳᠡᠭᠡᠨ᠂ ᠠᠺᠠᠳᠧᠮᠢᠴᠢ ᠲᠤᠰᠬᠠᠢ ᠮᠡᠷᠭᠡᠵᠢᠯᠲᠡᠳ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠮᠵᠢ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠲᠠᠢ ᠪᠠᠷᠢᠮᠵᠢᠶᠠᠯᠠᠵᠤ᠂ ᠮᠠᠨ᠎ᠤ ᠤᠯᠤᠰ᠎ᠤᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠵᠣᠭᠰᠣᠯᠲᠠ ᠥᠨᠳᠥᠷ᠂ ᠬᠠᠷᠠᠭᠠᠰᠤ ᠥᠷᠭᠡᠨ᠂ ᠪᠦᠲᠦᠮᠵᠢ ᠭᠦᠨ᠂ ᠦᠵᠡᠯᠲᠡ ᠰᠢᠨ᠎ᠡ ᠰᠠᠨᠠᠯ ᠰᠠᠨᠠᠭᠤᠯᠭ᠎ᠠ᠎ᠶᠢ ᠮᠠᠰᠢ ᠣᠯᠠᠨ ᠳᠤᠷᠠᠳᠤᠭᠰᠠᠨ ᠪᠠᠢᠨ᠎ᠠ᠃ ᠤᠰᠤᠨ ᠠᠰᠢᠭ᠍ᠯᠠᠯᠲᠠ᠎ᠶᠢᠨ ᠶᠠᠮᠤᠨ ᠵᠦᠢᠯ ᠳᠠᠷᠠᠭᠠᠯᠠᠨ ᠰᠤᠳᠤᠯᠵᠤ᠂ ᠠᠺᠠᠳᠧᠮᠢᠴᠢ ᠲᠤᠰᠬᠠᠢ ᠮᠡᠷᠭᠡᠵᠢᠯᠲᠡᠳ᠎ᠦᠨ ᠦᠨᠡᠨ ᠮᠡᠳᠡᠯᠭᠡ ᠨᠡᠪᠲᠡᠷᠬᠡᠢ ᠦᠵᠡᠯᠲᠡ᠎ᠶᠢ ᠭᠦᠢᠴᠡᠳ ᠰᠢᠩᠭᠡᠬᠡᠨ ᠠᠪᠴᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠠᠺᠠᠳᠧᠮᠢᠴᠢ ᠲᠤᠰᠬᠠᠢ ᠮᠡᠷᠭᠡᠵᠢᠯᠲᠡᠳ ᠤᠰᠤᠨ ᠠᠰᠢᠭ᠍ᠯᠠᠯᠲᠠ᠎ᠶᠢᠨ ᠠᠵᠢᠯ᠎ᠢ ᠥᠩᠭᠡᠷᠡᠭᠰᠡᠨ᠎ᠲᠠᠢ᠎ᠪᠡᠨ ᠠᠳᠠᠯᠢ᠎ᠪᠠᠷ ᠬᠠᠯᠠᠮᠵᠢᠯᠠᠨ ᠳᠡᠮᠵᠢᠵᠦ᠂ ᠤᠰᠤᠨ ᠠᠰᠢᠭ᠍ᠯᠠᠯᠲᠠ᠎ᠶᠢᠨ ᠦᠢᠯᠡᠰ᠎ᠦᠨ ᠬᠥᠭᠵᠢᠯᠲᠡ᠎ᠶᠢ ᠲᠦᠯᠬᠢᠨ ᠠᠬᠢᠭᠤᠯᠬᠤ᠎ᠳᠤ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠣᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ᠎ᠶᠢ ᠬᠦᠰᠡᠵᠦ ᠪᠠᠢᠨ᠎ᠠ ᠭᠡᠵᠡᠢ᠃
ᠤᠰᠤᠨ ᠠᠰᠢᠭ᠍ᠯᠠᠯᠲᠠ᠎ᠶᠢᠨ ᠶᠠᠮᠤᠨ᠎ᠤ ᠶᠡᠷᠦᠩᠬᠡᠢ ᠢᠨᠵᠧᠨᠧᠷ ᠪᠠ ᠶᠡᠷᠦᠩᠬᠡᠢ ᠲᠥᠯᠥᠪᠯᠡᠭᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ᠂ ᠶᠠᠮᠤᠨ᠎ᠤ ᠪᠠᠢᠭᠤᠯᠭ᠎ᠠ᠎ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃