ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠨ᠎ᠠ
ᠨᠡᠶ᠋ᠢᠲᠡᠯᠡᠭᠰᠡᠨ ᠴᠠᠭ᠄ 2025-12-18

      ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ ᠨᠢ᠂ ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠤᠰᠤᠨ᠎ᠤ ᠡᠬᠢ ᠪᠠᠶᠠᠯᠢᠭ᠋ ᠳᠤᠲᠠᠮᠠᠭ᠂ ᠤᠰᠤᠨ᠎ᠤ ᠴᠢᠨᠠᠷ᠎ᠤᠨ ᠲᠣᠭᠲᠠᠪᠤᠷᠢᠲᠤ ᠴᠢᠨᠠᠷ ᠬᠦᠷᠦᠯᠴᠡᠬᠦ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠢ ᠵᠠᠭᠠᠭᠯᠠᠨ ᠲᠣᠭᠲᠠᠭᠠᠬᠤ᠂ ᠪᠡᠯᠡ ᠮᠥᠩᠭᠥ᠎ᠶᠢᠨ ᠣᠷᠣᠭᠤᠯᠤᠯᠲᠠ᠎ᠶᠢ ᠨᠡᠮᠡᠭᠳᠡᠭᠦᠯᠬᠦ᠂ ᠤᠰᠤ ᠬᠠᠩᠭᠠᠬᠤ ᠵᠠᠭᠪᠤᠷ᠎ᠤᠨ ᠰᠢᠨ᠎ᠡ᠎ᠶᠢ ᠡᠭᠦᠳᠬᠦ ᠵᠡᠷᠭᠡ ᠠᠷᠭ᠎ᠠ ᠬᠡᠮᠵᠢᠶ᠎ᠡ ᠠᠪᠴᠤ᠂ ᠪᠥᠬᠥ ᠬᠡᠯᠬᠢᠶᠡᠵᠢᠭᠰᠡᠨ ᠤᠰᠤᠨ᠎ᠤ ᠴᠢᠨᠠᠷ᠎ᠤᠨ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠰᠲᠧᠮᠵᠢ᠎ᠶᠢ ᠪᠠᠢᠭᠤᠯᠪᠠ᠃
      ᠥᠪᠥᠷ ᠮᠣᠩᠭᠣᠯ ᠡᠬᠢ ᠡᠭᠦᠰᠦᠯ᠎ᠡᠴᠡ ᠤᠰᠤᠨ ᠭᠣᠭᠣᠵᠢᠭᠤᠷ ᠬᠦᠷᠲᠡᠯᠡᠬᠢ ᠪᠥᠬᠥ ᠶᠠᠪᠤᠴᠠ᠎ᠶᠢ ᠬᠠᠮᠢᠶᠠᠷᠤᠨ ᠡᠵᠡᠮᠳᠡᠬᠦ᠎ᠶᠢ ᠴᠢᠩᠭ᠎ᠠ ᠬᠡᠷᠡᠭᠵᠢᠭᠦᠯᠵᠦ᠂ 472 ᠰᠢᠶᠠᠩ ᠪᠠᠯᠭᠠᠰᠤᠨ᠎ᠤ ᠲᠠᠰ᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠢ ᠵᠠᠭᠠᠭᠯᠠᠨ ᠲᠣᠭᠲᠠᠭᠠᠵᠤ᠂ ᠰᠡᠷᠭᠡᠢᠯᠡᠨ ᠬᠠᠮᠠᠭᠠᠯᠠᠬᠤ ᠲᠣᠭᠣᠷᠢᠨ ᠪᠠᠢᠴᠠᠭᠠᠬᠤ ᠲᠣᠭᠲᠠᠴᠠ᠎ᠶᠢ ᠨᠠᠢᠳᠠᠪᠤᠷᠢᠵᠢᠭᠤᠯᠤᠨ᠂ 《 ᠰᠡᠷᠭᠡᠢᠯᠡᠬᠦ ᠶᠣᠰᠣᠲᠠᠢ᠎ᠶᠢ ᠨᠢ ᠴᠥᠮ ᠰᠡᠷᠭᠡᠢᠯᠡᠬᠦ 》᠎ᠶᠢ ᠪᠡᠶᠡᠯᠡᠭᠦᠯᠪᠡ ; 76 ᠬᠣᠰᠢᠭᠤ ( ᠰᠢᠶᠠᠨ ᠂ ᠲᠣᠭᠣᠷᠢᠭ᠋ )᠎ᠶᠢᠨ ᠠᠷᠢᠭᠤᠳᠬᠠᠬᠤ ᠠᠷᠭ᠎ᠠ ᠬᠡᠮᠵᠢᠶ᠎ᠡ᠎ᠶᠢ ᠴᠡᠭᠴᠡᠯᠡᠨ ᠰᠠᠢᠵᠢᠷᠠᠭᠤᠯᠬᠤ᠎ᠶᠢ ᠪᠡᠶᠡᠯᠡᠭᠦᠯᠵᠦ᠂ 《 ᠠᠷᠢᠯᠭᠠᠬᠤ ᠶᠣᠰᠣᠲᠠᠢ᠎ᠶᠢ ᠨᠢ ᠪᠦᠬᠦᠨ᠎ᠢ ᠠᠷᠢᠯᠭᠠᠬᠤ 》᠎ᠶᠢ ᠪᠡᠶᠡᠯᠡᠭᠦᠯᠪᠡ ; 2.2 ᠲᠦᠮᠡᠨ ᠬᠡᠰᠡᠭ᠎ᠤᠨ ᠤᠰᠤ ᠬᠠᠩᠭᠠᠬᠤ ᠢᠨᠵᠧᠨᠧᠷᠢᠩ᠎ᠦᠨ ᠤᠰᠤᠨ᠎ᠤ ᠴᠢᠨᠠᠷ᠎ᠤᠨ ᠪᠠᠢᠴᠠᠭᠠᠨ ᠬᠡᠮᠵᠢᠯᠲᠡ᠎ᠶᠢ ᠪᠡᠶᠡᠯᠡᠭᠦᠯᠵᠦ᠂ 《ᠪᠠᠢᠴᠠᠭᠠᠬᠤ ᠶᠣᠰᠣᠲᠠᠢ᠎ᠶᠢ ᠨᠢ ᠴᠥᠮ ᠪᠠᠢᠴᠠᠭᠠᠬᠤ》 ᠪᠠᠷᠢᠮᠵᠢᠶ᠎ᠠ᠎ᠳᠦ ᠬᠦᠷᠴᠦ᠂ ᠪᠣᠬᠢᠷᠲᠤᠯ᠎ᠤᠨ ᠲᠦᠭᠰᠢᠭᠦᠷᠢ᠎ᠶᠢ ᠪᠥᠬᠥ ᠬᠦᠴᠦᠨ᠎ᠢᠶᠡᠷ᠎ᠢᠶᠡᠨ ᠰᠡᠷᠭᠡᠢᠯᠡᠨ ᠡᠵᠡᠮᠳᠡᠪᠡ; ᠨᠡᠶ᠋ᠢᠲᠡ 2.4 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠵᠤ᠂ ᠤᠰᠤᠨ᠎ᠤ ᠡᠬᠢ ᠰᠤᠷᠪᠤᠯᠵᠢ᠎ᠶᠢ ᠰᠣᠯᠢᠬᠤ᠂ ᠴᠡᠪᠡᠷᠰᠢᠭᠦᠯᠦᠨ ᠠᠷᠢᠭᠤᠳᠬᠠᠬᠤ ᠪᠡᠯᠡᠳᠬᠡᠮᠵᠢ᠎ᠶᠢ ᠤᠭᠰᠠᠷᠠᠬᠤ ᠵᠢᠴᠢ ᠰᠡᠯᠪᠢᠨ ᠵᠠᠰᠠᠵᠤ ᠠᠷᠠᠴᠢᠯᠠᠬᠤ᠎ᠳᠤ ᠬᠡᠷᠡᠭᠯᠡᠵᠦ᠂ 803 ᠰᠢᠯᠢᠳᠡᠭ ᠤᠰᠤᠨ᠎ᠤ ᠡᠬᠢ ᠰᠤᠷᠪᠤᠯᠵᠢ᠎ᠶᠢ ᠰᠣᠯᠢᠬᠤ᠎ᠶᠢ ᠪᠡᠶᠡᠯᠡᠭᠦᠯᠵᠦ᠂ ᠡᠯ᠎ᠡ ᠲᠥᠷᠥᠯ᠎ᠦᠨ ᠴᠡᠪᠡᠷᠰᠢᠭᠦᠯᠦᠨ ᠠᠷᠢᠭᠤᠳᠬᠠᠬᠤ ᠲᠥᠬᠦᠭᠡᠷᠦᠮᠵᠢ᠎ᠶᠢ 2068 ᠢᠵᠢ ᠤᠭᠰᠠᠷᠠᠵᠤ ᠂ ᠤᠰᠤᠨ᠎ᠤ ᠴᠢᠨᠠᠷ᠎ᠤᠨ 410 ᠳᠠᠯᠳᠠ ᠬᠡᠮ᠎ᠢ ᠠᠷᠢᠯᠭᠠᠪᠠ᠃
      ᠣᠳᠣᠬᠠᠨ᠎ᠳᠤ᠂ ᠥᠪᠥᠷ ᠮᠣᠩᠭᠣᠯ᠎ᠤᠨ 67 ᠬᠣᠰᠢᠭᠤ ( ᠰᠢᠶᠠᠨ᠂ ᠲᠣᠭᠣᠷᠢᠭ᠋ )᠎ᠳᠤ ᠨᠢᠭᠡᠨᠲᠡ ᠬᠥᠳᠡᠭᠡ ᠲᠣᠰᠬᠣᠨ᠎ᠤ ᠤᠰᠤ ᠬᠠᠩᠭᠠᠬᠤ ᠰᠢᠶᠠᠨ᠎ᠤ ᠬᠡᠪᠴᠢᠶᠡᠨ᠎ᠦ ᠨᠢᠭᠡᠳᠦᠯᠲᠡᠢ ᠬᠠᠮᠢᠶᠠᠷᠤᠯᠲᠠ᠎ᠶᠢ ᠪᠡᠶᠡᠯᠡᠭᠦᠯᠵᠦ᠂ ᠡᠯ᠎ᠡ ᠭᠠᠵᠠᠷ᠎ᠤᠨ ᠬᠢᠨ ᠲᠤᠰᠬᠠᠢᠵᠢᠭ᠍ᠰᠠᠨ ᠬᠠᠮᠢᠶᠠᠷᠤᠯᠲᠠ ᠬᠠᠮᠠᠭᠠᠯᠠᠯᠲᠠ᠂ ᠨᠠᠷᠢᠯᠢᠭ᠍ᠵᠢᠭᠤᠯᠤᠭᠰᠠᠨ ᠬᠢᠨᠠᠨ ᠬᠡᠮᠵᠢᠯᠲᠡ᠎ᠪᠡᠷ ᠳᠡᠮᠵᠢᠨ᠂ ᠣᠯᠠᠨ ᠲᠦᠮᠡᠨ᠎ᠢ ᠳᠠᠶ᠋ᠢᠴᠢᠯᠠᠨ ᠬᠢᠨᠠᠯᠲᠠ ᠲᠠᠯᠪᠢᠬᠤ᠎ᠳᠤ ᠣᠷᠣᠯᠴᠠᠭᠤᠯᠵᠤ᠂ ᠤᠰᠤᠨ᠎ᠤ ᠴᠢᠨᠠᠷ᠎ᠢ ᠳᠡᠭᠡᠭᠰᠢᠯᠡᠭᠦᠯᠬᠦ ᠦᠷ᠎ᠡ ᠪᠦᠲᠦᠮᠵᠢ᠎ᠶᠢ ᠦᠷᠭᠦᠯᠵᠢᠯᠡᠨ ᠪᠡᠬᠢᠵᠢᠭᠦᠯᠵᠦ ᠪᠣᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            