ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ ᠳᠡᠭᠡᠭᠰᠢᠯᠡᠪᠡ
ᠨᠡᠶ᠋ᠢᠲᠡᠯᠡᠭᠰᠡᠨ ᠴᠠᠭ᠄ 2025-12-18

      ᠰᠤᠷᠪᠤᠯᠵᠢᠯᠠᠭ᠍ᠴᠢ 12 ᠳ᠋ᠤᠭᠠᠷ ᠰᠠᠷ᠎ᠠ᠎ᠶᠢᠨ 9᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠠᠯᠳᠤᠭᠤᠯᠤᠭᠰᠠᠨ 《 ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ᠎ᠶᠢᠨ ᠰᠢᠰᠲᠧᠮ᠎ᠢ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠪᠠᠲᠤᠯᠠᠭ᠎ᠠ᠎ᠶᠢᠨ ᠴᠢᠳᠠᠪᠤᠷᠢ᠎ᠶᠢ ᠴᠢᠩᠭᠠᠷᠠᠭᠤᠯᠤᠶ᠎ᠠ 》 ᠭᠡᠬᠦ ᠲᠤᠰᠬᠠᠢ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ ᠨᠢ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠴᠢᠬᠤᠯᠠ ᠶᠡᠬᠡ ᠲᠥᠷᠥᠯ ᠵᠦᠢᠯ᠎ᠢᠶᠡᠷ ᠬᠥᠲᠥᠯᠥᠮᠵᠢ ᠪᠣᠯᠭᠠᠵᠤ᠂ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ᠎ᠶᠢᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠰᠢᠰᠲᠧᠮ᠎ᠲᠠᠢ ᠲᠦᠯᠬᠢᠨ ᠠᠬᠢᠭᠤᠯᠵᠤ᠂ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢᠨ ᠪᠦᠬᠦᠯᠢ ᠴᠣᠭᠴᠠ᠎ᠶᠢᠨ ᠴᠢᠨᠠᠷᠲᠠᠢ ᠳᠡᠭᠡᠭᠰᠢᠯᠡᠯᠲᠡ᠎ᠶᠢ ᠪᠡᠶᠡᠯᠡᠭᠦᠯᠵᠡᠢ᠃
      ᠦᠶᠡᠷ᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠲᠠᠯ᠎ᠠ᠎ᠪᠠᠷ᠂ ᠥᠪᠥᠷ ᠮᠣᠩᠭᠣᠯ ᠦᠶᠡᠷ᠎ᠢ ᠰᠡᠷᠭᠡᠢᠯᠡᠬᠦ ᠢᠨᠵᠧᠨᠧᠷᠢᠩ᠎ᠦᠨ ᠰᠢᠰᠲᠧᠮ᠎ᠢ ᠲᠦᠷᠭᠡᠨ ᠲᠡᠭᠦᠯᠳᠡᠷᠵᠢᠭᠦᠯᠵᠦ᠂ ᠬᠠᠳᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠡᠬᠢᠯᠡᠨ ᠪᠠᠢᠭᠤᠯᠪᠠ; ᠨᠡᠶ᠋ᠢᠲᠡ 14 ᠭᠣᠣᠯ ᠰᠠᠯᠪᠤᠷᠢ ᠤᠷᠤᠰᠬᠠᠯ ᠂ 117 ᠳᠤᠮᠳᠠ ᠵᠢᠵᠢᠭ ᠭᠣᠣᠯ ᠮᠥᠷᠡᠨ᠎ᠢ ᠵᠠᠰᠠᠬᠤ ᠡᠭᠦᠷᠭᠡ᠎ᠶᠢ ᠪᠡᠶᠡᠯᠡᠭᠦᠯᠵᠦ ᠂ 59 ᠠᠭᠤᠯᠠᠨ ᠦᠶᠡᠷ᠎ᠦᠨ ᠭᠤᠤ᠎ᠶᠢ ᠵᠠᠰᠠᠵᠤ᠂ 1—5 ᠲᠠᠰ᠎ᠤᠨ ᠭᠣᠣᠯ ᠮᠥᠷᠡᠨ᠎ᠦ ᠬᠠᠰᠢᠯᠭ᠎ᠠ᠎ᠶᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 80.13%᠎ᠳᠤ ᠬᠥᠷᠪᠡ ; 49 ᠰᠠᠭᠤᠷᠢ ᠡᠮᠵᠡᠭ ᠠᠶᠤᠯ᠎ᠲᠠᠢ ᠤᠰᠤᠨ ᠴᠥᠭᠥᠷᠥᠮ ᠪᠠ 5 ᠰᠠᠭᠤᠷᠢ ᠲᠣᠮᠣ᠌ ᠳᠤᠮᠳᠠ ᠬᠡᠯᠪᠡᠷᠢ᠎ᠶᠢᠨ ᠡᠮᠵᠡᠭ ᠠᠶᠤᠯ᠎ᠲᠠᠢ ᠤᠰᠤᠨ ᠬᠠᠭᠠᠯᠲᠠ᠎ᠶᠢᠨ ᠠᠶᠤᠯ᠎ᠢ ᠠᠷᠢᠯᠭᠠᠨ ᠪᠡᠬᠢᠯᠡᠬᠦ᠎ᠶᠢ ᠪᠡᠶᠡᠯᠡᠭᠦᠯᠪᠡ ; ᠠᠭᠤᠯᠠᠨ ᠦᠶᠡᠷ᠎ᠦᠨ ᠭᠠᠮᠰᠢᠭ᠋᠎ᠤᠨ ᠡᠯ᠎ᠡ ᠲᠥᠷᠥᠯ᠎ᠦᠨ ᠠᠦ᠋ᠲ᠋ᠣ᠋ ᠬᠢᠨᠠᠨ ᠬᠡᠮᠵᠢᠯᠲᠡ᠎ᠶᠢᠨ ᠪᠣᠷᠣᠭᠠᠨ᠎ᠤ ᠬᠡᠮᠵᠢᠶ᠎ᠡ᠎ᠶᠢᠨ ᠥᠷᠲᠡᠭᠡ᠎ᠶᠢ 3548 ᠰᠢᠨ᠎ᠡ᠎ᠪᠡᠷ ᠪᠠᠢᠭᠤᠯᠵᠤ ᠂ 178 ᠥᠷᠲᠡᠭᠡ ᠴᠡᠭ᠎ᠦᠨ ᠳᠠᠭᠠᠭᠤᠯᠢ ᠣᠳᠣᠨ᠎ᠤ ᠴᠢᠮᠡᠭᠡ ᠬᠣᠯᠪᠣᠭ᠎ᠠ᠎ᠶᠢᠨ ᠪᠡᠯᠡᠳᠬᠡᠮᠵᠢ᠎ᠶᠢ ᠥᠭᠡᠷᠡᠴᠢᠯᠡᠵᠦ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠪᠡ᠃
      ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ ᠬᠢᠭᠡᠳ ᠤᠰᠤ ᠬᠠᠩᠭᠠᠬᠤ ᠪᠠᠲᠤᠯᠠᠭ᠎ᠠ᠎ᠶᠢᠨ ᠲᠠᠯ᠎ᠠ᠎ᠪᠠᠷ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠪᠥᠬᠥ ᠱᠤᠭᠤᠮ᠎ᠤᠨ ᠤᠰᠤ᠎ᠶᠢ ᠲᠤᠷᠰᠢᠨ ᠨᠡᠪᠲᠡᠷᠡᠭᠦᠯᠦᠭᠡᠳ ᠠᠮᠵᠢᠯᠲᠠ ᠣᠯᠵᠤ᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠢᠨᠵᠧᠨᠧᠷᠢᠩ᠎ᠢ ᠡᠮᠬᠢ ᠵᠢᠷᠤᠮ᠎ᠲᠠᠢ ᠲᠦᠯᠬᠢᠨ ᠠᠬᠢᠭᠤᠯᠵᠤ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ 71%᠎ᠳᠤ ᠬᠥᠷᠪᠡ ; ᠥᠨᠳᠡᠭᠡᠨ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠠᠭᠠᠯᠲᠠ ᠬᠠᠭᠠᠵᠤ ᠤᠰᠤ ᠬᠠᠳᠠᠭᠠᠯᠠᠬᠤ᠎ᠶᠢ ᠪᠡᠶᠡᠯᠡᠭᠦᠯᠵᠦ᠂ ᠳ᠋ᠦᠩ᠎ᠲᠠᠢ ᠽᠢ᠂ ᠭᠠᠬᠠᠢᠲᠤ ᠠᠭᠤᠯᠠ᠎ᠶᠢᠨ ᠤᠰᠤᠨ ᠴᠥᠭᠥᠷᠥᠮ᠎ᠦᠨ ᠭᠣᠣᠯ ᠪᠠᠷᠢᠯᠭ᠎ᠠ᠎ᠶᠢ ᠪᠠᠷᠢᠵᠤ ᠳᠠᠭᠤᠰᠬᠠᠪᠠ ; ᠠᠢᠮᠠᠭ ᠬᠣᠲᠠ ᠂ ᠬᠣᠰᠢᠭᠤ ᠰᠢᠶᠠᠨ᠎ᠤ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠤᠰᠤ ᠬᠠᠩᠭᠠᠬᠤ ᠴᠢᠳᠠᠪᠤᠷᠢ᠎ᠶᠢ 6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠪᠡ ; ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ ᠵᠡᠷᠭᠡ 28 ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢ ᠬᠡᠷᠡᠭᠵᠢᠭᠦᠯᠵᠦ᠂ ᠥᠪᠥᠷ ᠮᠣᠩᠭᠣᠯ᠎ᠤᠨ ᠬᠠᠲᠤᠨ ᠭᠣᠣᠯ᠎ᠤᠨ ᠭᠣᠣᠯ ᠤᠷᠤᠰᠬᠠᠯ ᠤᠰᠤᠨ᠎ᠤ ᠡᠷᠬᠡ᠎ᠶᠢᠨ ᠠᠢᠮᠠᠭ ᠬᠣᠲᠠ᠎ᠶᠢᠨ ᠬᠣᠭᠣᠷᠣᠨᠳᠤ ᠰᠢᠯᠵᠢᠭᠦᠯᠦᠨ ᠥᠭᠬᠦ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠴᠢᠳᠠᠪᠤᠷᠢ᠎ᠶᠢ 4.5 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠪᠡ ; ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠢ 1 ᠲᠦᠮᠡ ᠭᠠᠷᠤᠢ ᠰᠢᠨ᠎ᠡ᠎ᠪᠡᠷ ᠪᠠᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠢᠭᠤᠯᠵᠤ ᠂ ᠮᠠᠯᠵᠢᠬᠤ ᠲᠠᠷᠢᠶᠠᠯᠠᠬᠤ ᠣᠷᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ ᠨᠣᠷᠮ᠎ᠠ 85.1%᠎ᠳᠤ ᠬᠥᠷᠪᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            