2025 ᠣᠨ᠎ᠤ 7 ᠳ᠋ᠤᠭᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《 〈 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 〉᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ 》 ( ᠳᠣᠷᠣᠭ᠍ᠰᠢ 《 ᠬᠡᠷᠡᠭᠵᠢᠭᠦᠯᠬᠦ ᠰᠠᠨᠠᠯ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠪᠥᠬᠥ ᠣᠷᠣᠨ᠎ᠤ ᠬᠡᠪᠴᠢᠶᠡᠨ᠎ᠳᠦ ᠤᠰᠤ᠎ᠪᠠᠷ ᠬᠣᠲᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠪᠠ᠃
ᠤᠰᠤᠨ᠎ᠤ ᠡᠬᠢ ᠪᠠᠶᠠᠯᠢᠭ᠋ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠠᠭᠤᠷᠢ ᠴᠢᠨᠠᠷᠲᠠᠢ᠂ ᠤᠳᠤᠷᠢᠳᠤᠮᠵᠢ᠎ᠶᠢᠨ ᠴᠢᠨᠠᠷᠲᠠᠢ᠂ ᠡᠵᠡᠮᠳᠡᠯ᠎ᠦᠨ ᠴᠢᠨᠠᠷᠲᠠᠢ ᠬᠦᠴᠦᠨ ᠵᠦᠢᠯ ᠮᠥᠨ᠂ ᠤᠰᠤᠨ᠎ᠤ ᠳᠠᠭᠠᠭᠠᠴᠠ᠎ᠶᠢᠨ ᠣᠷᠣᠨ ᠵᠠᠢ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠣᠷᠣᠨ ᠵᠠᠢ᠎ᠶᠢ ᠲᠣᠭᠲᠠᠭᠠᠵᠤ᠂ ᠮᠠᠨ᠎ᠤ ᠣᠷᠣᠨ᠎ᠤ ᠤᠰᠤᠨ᠎ᠤ ᠡᠬᠢ ᠪᠠᠶᠠᠯᠢᠭ᠋ ᠳᠤᠲᠠᠮᠠᠭ ᠮᠥᠷᠲᠡᠭᠡᠨ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠠᠷᠬᠠᠯᠲᠠ ᠲᠡᠭᠰᠢ ᠪᠤᠰᠤ ᠪᠣᠯᠣᠭᠰᠠᠨ ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠭ᠎ᠠ ᠠᠰᠠᠭᠤᠳᠠᠯ ᠨᠢ ᠨᠢᠭᠡᠨᠲᠡ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠬᠢᠵᠠᠭᠠᠷᠯᠠᠬᠤ ᠬᠦᠴᠦᠨ ᠵᠦᠢᠯ᠎ᠦᠨ ᠨᠢᠭᠡ ᠪᠣᠯᠤᠭᠰᠠᠨ ᠪᠠᠢᠨ᠎ᠠ᠃ ᠣᠳᠣᠬᠠᠨ᠎ᠳᠤ᠂ ᠪᠥᠬᠥ ᠣᠷᠣᠨ᠎ᠤ ᠤᠰᠤᠨ᠎ᠤ ᠡᠬᠢ ᠪᠠᠶᠠᠯᠢᠭ᠋᠎ᠤᠨ ᠶᠡᠷᠦᠩᠬᠡᠢ ᠬᠡᠮᠵᠢᠶ᠎ᠡ 515 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠪᠥᠬᠥ ᠤᠯᠤᠰ᠎ᠤᠨ ᠶᠡᠷᠦᠩᠬᠡᠢ ᠬᠡᠮᠵᠢᠶ᠎ᠡ᠎ᠶᠢᠨ 1.9%᠎ᠶᠢ ᠡᠵᠡᠯᠡᠪᠡ ;ᠤᠰᠤᠨ᠎ᠤ ᠡᠬᠢ ᠪᠠᠶᠠᠯᠢᠭ᠋᠎ᠤᠨ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ 246 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠣᠯᠣᠨ᠎ᠠ᠃ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠦᠨᠳᠦᠰᠦᠯᠡᠪᠡᠯ᠂ 2025 ᠣᠨ᠎ᠳᠤ᠂ ᠥᠪᠥᠷ ᠮᠣᠩᠭᠣᠯ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ 196.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠦᠨ ᠳᠣᠲᠣᠷ᠎ᠠ ᠬᠢᠵᠠᠭᠠᠷᠯᠠᠵᠤ᠂ 2030 ᠣᠨ ᠪᠣᠯᠬᠤ᠎ᠳᠤ ᠬᠥᠮᠥᠨ ᠠᠮᠠ ᠂ ᠠᠵᠤ ᠠᠬᠤᠢ ᠬᠢᠭᠡᠳ ᠤᠰᠤᠨ᠎ᠤ ᠡᠬᠢ ᠪᠠᠶᠠᠯᠢᠭ᠋᠎ᠤᠨ ᠲᠡᠩᠴᠡᠭᠦᠷᠢᠲᠡᠢ ᠬᠥᠭᠵᠢᠯᠲᠡ᠎ᠶᠢ ᠦᠨᠳᠦᠰᠦᠨ᠎ᠳᠡᠭᠡᠨ ᠪᠡᠶᠡᠯᠡᠭᠦᠯᠦᠨ᠎ᠡ᠃
ᠪᠠᠢᠳᠠᠯ ︱ 《 ᠲᠦᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠡᠷᠬᠡᠪᠰᠢ ᠪᠦᠬᠦ ᠲᠠᠯ᠎ᠠ᠎ᠪᠠᠷ ᠲᠤᠭᠤᠰᠢᠯᠠᠭᠤᠯᠬᠤ ᠬᠡᠷᠡᠭᠲᠡᠢ
2014 ᠣᠨ᠎ᠳᠤ᠂ ᠶᠡᠷᠦᠩᠬᠡᠢ ᠱᠦᠵᠢ ᠰᠢ᠎ᠶᠢᠨ ᠫᠢᠩ 《 ᠤᠰᠤ᠎ᠪᠠᠷ ᠬᠤᠳᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ 》( ᠳᠥᠭᠥᠮᠴᠢᠯᠡᠭᠡᠳ 《 ᠲᠦᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠭᠡᠨ᠎ᠡ )᠎ᠶᠢ ᠳᠤᠷᠠᠳᠴᠤ᠂ ᠲᠠᠷᠢᠶᠠᠯᠠᠩ᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ᠎ᠶᠢ ᠪᠠᠭᠲᠠᠭᠠᠭᠰᠠᠨ ᠠᠵᠤ ᠠᠬᠤᠢ᠎ᠶᠢ ᠬᠥᠭᠵᠢᠭᠦᠯᠬᠦ᠂ ᠠᠵᠤ ᠦᠢᠯᠡᠳᠪᠦᠷᠢᠵᠢᠯᠲᠡ᠂ ᠬᠤᠳᠠ ᠪᠠᠯᠭᠠᠰᠤᠵᠢᠯᠲᠠ᠎ᠶᠢ ᠲᠦᠯᠬᠢᠨ ᠠᠬᠢᠭᠤᠯᠬᠤ᠎ᠳᠤ ᠴᠥᠮ ᠡᠷᠬᠡᠪᠰᠢ ᠬᠥᠮᠥᠨ ᠠᠮᠠ᠎ᠶᠢᠨ ᠠᠵᠤ ᠠᠬᠤᠢ ᠪᠣᠯᠣᠨ ᠡᠬᠢ ᠪᠠᠶᠠᠯᠢᠭ᠋ ᠣᠷᠴᠢᠨ ᠲᠣᠭᠣᠷᠢᠨ᠎ᠢ ᠲᠡᠩᠴᠡᠭᠦᠷᠢᠲᠡᠢ ᠪᠠᠢᠯᠭᠠᠬᠤ ᠵᠠᠷᠴᠢᠮ᠎ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 《 ᠬᠢᠷᠢ ᠳᠣᠲᠣᠷ᠎ᠠ᠎ᠪᠠᠨ ᠮᠡᠷᠡᠢᠨ ᠴᠢᠷᠮᠠᠢᠨ᠎ᠠ 》᠃ ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠳᠠᠭᠠᠭᠠᠴᠠ᠎ᠶᠢ ᠬᠠᠲᠠᠭᠤ ᠬᠢᠵᠠᠭᠠᠷᠯᠠᠯ ᠪᠣᠯᠭᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢᠯ᠎ᠦᠨ ᠠᠵᠢᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃ ᠡᠭᠦᠨ᠎ᠡᠴᠡ ᠰᠡᠭᠦᠯᠡᠷ᠂ ᠶᠡᠷᠦᠩᠬᠡᠢ ᠱᠦᠵᠢ ᠰᠢ᠎ᠶᠢᠨ ᠫᠢᠩ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠶᠠᠷᠢᠯᠴᠠᠬᠤ ᠬᠤᠷᠠᠯ ᠵᠡᠷᠭᠡ ᠴᠢᠬᠤᠯᠠ ᠬᠤᠷᠠᠯ ᠳᠡᠭᠡᠷ᠎ᠡ 《 ᠤᠰᠤ᠎ᠪᠠᠷ ᠬᠣᠲᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ 》 ᠵᠠᠷᠴᠢᠮ᠎ᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠋᠎ᠢ ᠬᠠᠮᠤᠭ᠎ᠤᠨ ᠬᠠᠲᠠᠭᠤ ᠬᠢᠵᠠᠭᠠᠷᠯᠠᠯ ᠪᠣᠯᠭᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ 2023 ᠣᠨ᠎ᠤ 4 ᠳ᠋ᠦ᠍ᠭᠡᠷ ᠰᠠᠷ᠎ᠠ᠎ᠶᠢᠨ 1᠎ᠦ ᠡᠳᠦᠷ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠳᠤᠨ ᠭᠣᠣᠯ᠎ᠢ ᠬᠠᠮᠠᠭᠠᠯᠠᠬᠤ ᠬᠠᠤᠯᠢ 》᠎ᠶᠢ ᠵᠢᠩᠬᠢᠨᠢ᠎ᠪᠡᠷ ᠬᠡᠷᠡᠭᠵᠢᠭᠦᠯᠵᠦ᠂ 《 ᠤᠯᠤᠰ᠎ᠠᠴᠠ ᠬᠠᠳᠤᠨ ᠭᠣᠣᠯ᠎ᠤᠨ ᠰᠠᠪᠠ ᠭᠠᠵᠠᠷ᠎ᠲᠤ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠬᠡᠷᠡᠭᠵᠢᠭᠦᠯᠵᠦ᠂ ᠤᠰᠤ᠎ᠪᠠᠷ ᠬᠤᠳᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ᠎ᠶᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠢᠷᠢᠰᠢᠯ᠎ᠢ ᠰᠢᠯᠢᠳᠡᠭᠵᠢᠭᠦᠯᠵᠦ᠂ ᠬᠥᠮᠥᠨ ᠠᠮᠠ ᠪᠠ ᠬᠤᠳᠠ᠎ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠢᠷᠢᠯᠠᠭᠤᠯᠤᠯᠲᠠ᠎ᠶᠢ ᠠᠬᠢᠭᠤᠯᠵᠤ᠂ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠᠲᠠᠢ ᠵᠣᠬᠢᠴᠠᠭᠰᠠᠨ ᠤᠳᠤ ᠦᠶ᠎ᠡ᠎ᠶᠢᠨ ᠠᠵᠤ ᠦᠢᠯᠡᠰ᠎ᠦᠨ ᠰᠢᠰᠲᠧᠮ᠎ᠢ ᠪᠠᠢᠭᠤᠯᠤᠨ᠎ᠠ 》 ᠭᠡᠵᠦ ᠲᠣᠳᠣᠷᠬᠠᠢ ᠲᠣᠭᠲᠠᠭᠠᠪᠠ᠃
2023 ᠣᠨ᠎ᠤ 6 ᠳ᠋ᠤᠭᠠᠷ ᠰᠠᠷ᠎ᠠ᠎ᠶᠢᠨ 6᠎ᠤ ᠡᠳᠦᠷ᠂ ᠶᠡᠷᠦᠩᠬᠡᠢ ᠱᠦᠵᠢ ᠰᠢ᠎ᠶᠢᠨ ᠫᠢᠩ ᠪᠠᠶᠠᠨᠨᠠᠭᠤᠷ ᠬᠤᠳᠠ᠎ᠳᠤ ᠰᠢᠨᠵᠢᠯᠡᠨ ᠪᠠᠢᠴᠠᠭᠠᠬᠤ᠎ᠶᠢᠨ ᠬᠠᠮᠲᠤ ᠴᠦᠯᠯᠡᠷᠬᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠴᠢᠩᠭᠠᠳᠬᠠᠬᠤ ᠪᠠ 《 ᠤᠮᠠᠷᠠᠲᠤ᠎ᠶᠢᠨ ᠭᠤᠷᠪᠠᠨ ᠣᠷᠣᠨ 》 ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠰᠤᠨ᠎ᠤ ᠡᠬᠢ ᠪᠠᠶᠠᠯᠢᠭ᠋᠎ᠢ ᠵᠣᠬᠢᠰᠲᠠᠢ ᠠᠰᠢᠭ᠍ᠯᠠᠵᠤ᠂ ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ᠎ᠶᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠋᠎ᠢ ᠬᠠᠮᠤᠭ᠎ᠤᠨ ᠴᠢᠩᠭ᠎ᠠ ᠬᠢᠵᠠᠭᠠᠷᠯᠠᠯ ᠪᠣᠯᠭᠠᠵᠤ᠂ ᠤᠰᠤ ᠠᠷᠪᠢᠯᠠᠬᠤ ᠤᠢ ᠡᠪᠡᠰᠦ᠎ᠶᠢ ᠶᠡᠬᠡᠪᠡᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠮᠠᠨ᠎ᠤ ᠣᠷᠣᠨ᠎ᠳᠤ ᠠᠪᠴᠤ ᠬᠡᠯᠡᠪᠡᠯ᠂ 《 ᠤᠰᠤ᠎ᠪᠠᠷ ᠬᠣᠲᠠ᠎ᠶᠢ ᠲᠣᠭᠲᠠᠭᠠᠬᠤ᠂ ᠤᠰᠤ᠎ᠪᠠᠷ ᠭᠠᠵᠠᠷ ᠣᠷᠣᠨ᠎ᠢ ᠲᠣᠭᠲᠠᠭᠠᠬᠤ᠂ ᠤᠰᠤ᠎ᠪᠠᠷ ᠬᠥᠮᠥᠨ᠎ᠢ ᠲᠣᠭᠲᠠᠭᠠᠬᠤ᠂ ᠤᠰᠤ᠎ᠪᠠᠷ ᠭᠠᠷᠤᠯᠲᠠ᠎ᠶᠢ ᠲᠣᠭᠲᠠᠭᠠᠬᠤ 》᠎ᠶᠢ ᠨᠠᠢᠳᠠᠪᠤᠷᠢᠵᠢᠭᠤᠯᠬᠤ᠎ᠠᠴᠠ ᠭᠠᠳᠠᠨ᠎ᠠ᠂ ᠪᠠᠰᠠ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠳᠤ 《 ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ 》᠎ᠶᠢ ᠨᠠᠢᠳᠠᠪᠤᠷᠢᠵᠢᠭᠤᠯᠬᠤ᠎ᠶᠢ ᠨᠠᠩ ᠴᠢᠬᠤᠯᠠᠴᠢᠯᠠᠬᠤ ᠬᠡᠷᠡᠭᠲᠡᠢ᠃
ᠮᠠᠨ᠎ᠤ ᠣᠷᠣᠨ ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠭ᠎ᠠ ᠣᠷᠣᠨ ᠪᠦᠰᠡ ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠬᠥᠯᠥᠨ ᠪᠣᠶ᠋ᠢᠷ ᠬᠣᠲᠠ᠂ ᠬᠢᠩᠭᠠᠨ ᠠᠢᠮᠠᠭ᠎ᠠᠴᠠ ᠭᠠᠳᠠᠨ᠎ᠠ ᠪᠠᠰᠠ ᠵᠣᠬᠢᠬᠤ ᠬᠡᠮᠵᠢᠶᠡᠨ᠎ᠦ ᠦᠯᠡᠭᠦᠳᠡᠯ᠎ᠲᠠᠢ ᠪᠠᠢᠵᠤ᠂ ᠪᠤᠰᠤᠳ ᠠᠢᠮᠠᠭ ᠬᠣᠲᠠ᠎ᠶᠢᠨ ᠤᠰᠤᠨ᠎ᠤ ᠡᠬᠢ ᠪᠠᠶᠠᠯᠢᠭ᠋᠎ᠤᠨ ᠨᠡᠭᠡᠭᠡᠨ ᠠᠰᠢᠭ᠍ᠯᠠᠯᠲᠠ ᠨᠢ ᠨᠢᠭᠡᠨᠲᠡ ᠤᠯᠤᠰ᠎ᠤᠨ ᠬᠠᠮᠢᠶᠠᠷᠤᠨ ᠡᠵᠡᠮᠳᠡᠬᠦ ᠭᠦᠢᠴᠡᠳᠬᠡᠯ ᠲᠣᠭ᠎ᠠ᠎ᠶᠢᠨ 《 ᠳᠡᠭᠡᠳᠦ ᠬᠢᠵᠠᠭᠠᠷ 》᠎ᠳᠤ ᠦᠨᠳᠦᠰᠦᠨ᠎ᠳᠡᠭᠡᠨ ᠭᠦᠷᠦᠭᠰᠡᠨ ᠪᠠᠢᠨ᠎ᠠ᠃ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠪᠴᠢᠶ᠎ᠡ᠂ ᠪᠠᠢᠷᠢᠰᠢᠭᠤᠯᠤᠯᠲᠠ᠎ᠶᠢ ᠤᠰᠤᠨ᠎ᠤ ᠡᠬᠢ ᠪᠠᠶᠠᠯᠢᠭ᠋᠂ ᠤᠰᠤᠨ᠎ᠤ ᠣᠷᠴᠢᠨ ᠲᠣᠭᠣᠷᠢᠨ᠎ᠤ ᠳᠠᠭᠠᠭᠠᠴᠠ᠎ᠶᠢᠨ ᠴᠢᠳᠠᠪᠤᠷᠢ ᠯᠤᠭ᠎ᠠ ᠵᠣᠬᠢᠴᠠᠭᠤᠯᠬᠤ᠎ᠶᠢ ᠠᠬᠢᠭᠤᠯᠬᠤ ᠪᠣᠯ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠮᠥᠨ ᠴᠤ᠌ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠦᠷᠭᠦᠯᠵᠢᠯᠡᠨ ᠬᠥᠭᠵᠢᠬᠦ᠎ᠶᠢᠨ ᠵᠠᠢᠯᠠᠰᠢ ᠦᠭᠡᠢ ᠶᠠᠪᠤᠬᠤ ᠵᠠᠮ ᠪᠣᠯᠣᠨ᠎ᠠ᠃
ᠡᠭᠦᠷᠭᠡ ︱ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》᠎ᠶᠢ ᠬᠡᠷᠡᠭᠵᠢᠭᠦᠯᠬᠦ ᠲᠣᠭᠲᠠᠴᠠ᠎ᠶᠢ ᠪᠦᠷᠢᠨᠰᠢᠭᠦᠯᠵᠦ᠂ ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠦᠨ᠎ᠡ
ᠪᠤᠰᠤᠳᠴᠢ ᠨᠥᠬᠥᠴᠡᠯ᠎ᠦᠨ ᠲᠠᠯ᠎ᠠ᠎ᠪᠠᠷ ᠂ ᠮᠠᠨ᠎ᠤ ᠣᠷᠣᠨ᠎ᠤ ᠤᠰᠤᠨ᠎ᠤ ᠡᠬᠢ ᠪᠠᠶᠠᠯᠢᠭ᠋ ᠳᠤᠲᠠᠮᠠᠭ᠂ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠠᠷᠬᠠᠯᠲᠠ ᠲᠡᠭᠰᠢ ᠪᠤᠰᠤ ; ᠪᠣᠳᠠᠲᠠᠢ ᠠᠵᠢᠯ᠎ᠤᠨ ᠳᠤᠮᠳᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠳ ᠠᠵᠤ ᠠᠬᠤᠢ ᠨᠡᠢᠭᠡᠮ᠎ᠦᠨ ᠬᠥᠭᠵᠢᠯᠲᠡ᠂ ᠠᠵᠤ ᠦᠢᠯᠡᠰ᠎ᠦᠨ ᠪᠠᠢᠷᠢᠰᠢᠭᠤᠯᠤᠯᠲᠠ᠎ᠶᠢ ᠰᠦᠪᠡᠭᠴᠢᠯᠡᠬᠦ᠎ᠳᠡᠭᠡᠨ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠶᠢᠨ ᠴᠢᠳᠠᠪᠤᠷᠢ᠎ᠶᠢ ᠪᠣᠳᠣᠯᠬᠢᠯᠠᠭᠰᠠᠨ᠎ᠢᠶᠠᠷ ᠬᠦᠷᠦᠯᠴᠡᠬᠦ ᠦᠭᠡᠢ ᠪᠠᠢᠵᠤ᠂ ᠬᠡᠰᠡᠭ ᠭᠠᠵᠠᠷ ᠣᠷᠣᠨ᠎ᠤ ᠳᠠᠭᠠᠭᠠᠴᠠ᠎ᠶᠢᠨ ᠴᠢᠳᠠᠪᠤᠷᠢ᠎ᠠᠴᠠ ᠬᠡᠲᠦᠷᠡᠭᠦᠯᠦᠨ ᠤᠰᠤᠨ᠎ᠤ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠬᠠᠤᠯᠢ ᠲᠣᠭᠲᠠᠭᠠᠯ᠎ᠠᠴᠠ ᠵᠥᠷᠢᠴᠡᠨ ᠤᠰᠤ ᠲᠠᠲᠠᠬᠤ ᠵᠡᠷᠭᠡ ᠠᠰᠠᠭᠤᠳᠠᠯ᠎ᠢ ᠣᠯᠠᠨᠲᠠ ᠴᠠᠭᠠᠵᠠᠯᠠᠭᠰᠠᠨ ᠴᠤ᠌ ᠮᠥᠨ ᠣᠷᠣᠰᠢᠭ᠍ᠰᠠᠭᠠᠷ ᠪᠠᠢᠨ᠎ᠠ᠃ ᠪᠦᠬᠦ ᠣᠷᠣᠨ᠎ᠤ ᠪᠠᠢᠳᠠᠯ ᠤᠰᠤᠨ᠎ᠤ ᠪᠠᠢᠳᠠᠯ᠎ᠤᠨ ᠪᠣᠳᠠᠲᠤ ᠪᠠᠢᠳᠠᠯ᠎ᠤᠨ ᠲᠣᠭᠣᠷᠢᠨ᠎ᠳᠤ᠂ 2024 ᠣᠨ᠎ᠤ 7 ᠳ᠋ᠤᠭᠠᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠨᠠᠢ᠍ᠮᠠᠳᠤᠭᠠᠷ ᠤᠳᠠᠭ᠎ᠠ᠎ᠶᠢᠨ ᠪᠦᠬᠦᠳᠠ ᠬᠤᠷᠠᠯ᠎ᠠᠴᠠ 《〈 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 〉 ᠬᠡᠷᠡᠭᠵᠢᠭᠦᠯᠬᠦ ᠲᠣᠭᠲᠠᠴᠠ᠎ᠶᠢ ᠪᠦᠷᠢᠨᠰᠢᠭᠦᠯᠵᠦ᠂ ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠬᠦ 》 ᠶ᠋ᠢ 2025 ᠣᠨ᠎ᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠥᠭᠡᠷᠡᠴᠢᠯᠡᠯᠲᠡ᠎ᠶᠢᠨ ᠡᠭᠦᠷᠭᠡ᠎ᠪᠡᠷ ᠲᠣᠭᠲᠠᠭᠠᠪᠠ᠃
2025 ᠣᠨ᠎ᠳᠤ᠂ ᠥᠪᠡᠷᠲᠡᠭᠡᠨ ᠵᠠᠰᠠᠬᠤ ᠣᠷᠣᠨ 《〈 ᠳᠥᠷᠪᠡᠨᠤᠰᠤᠪᠠᠷ ᠳᠥᠷᠪᠡ᠎ᠶᠢ ᠲᠣᠭᠲᠠᠭᠠᠬᠤ 〉 ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ 》᠎ᠢ ᠲᠣᠭᠲᠠᠭᠠᠪᠠ᠃ 《 ᠬᠡᠷᠡᠭᠵᠢᠭᠦᠯᠬᠦ ᠰᠠᠨᠠᠯ 》᠎ᠳᠤ 2025 ᠣᠨ᠎ᠤ ᠡᠴᠦᠰ ᠪᠠ 2030 ᠣᠨ ᠪᠣᠯᠲᠠᠯᠠᠬᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ ᠵᠡᠷᠭᠡ ᠤᠰᠤᠨ᠎ᠤ ᠡᠬᠢ ᠪᠠᠶᠠᠯᠢᠭ᠋᠎ᠢ ᠬᠠᠮᠢᠶᠠᠷᠤᠨ ᠡᠵᠡᠮᠳᠡᠬᠦ ᠬᠠᠷᠠᠯᠲᠠ᠎ᠶᠢ ᠲᠣᠳᠣᠷᠬᠠᠢ ᠲᠣᠭᠲᠠᠭᠠᠵᠤ᠂ ᠬᠠᠲᠠᠭᠤ ᠬᠢᠵᠠᠭᠠᠷᠯᠠᠯ᠎ᠢ ᠴᠢᠩᠭᠠᠳᠬᠠᠨ᠂ ᠤᠰᠤᠨ᠎ᠤ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠶᠡᠷᠦᠩᠬᠡᠢ ᠬᠡᠮᠵᠢᠶ᠎ᠡ᠎ᠶᠢ ᠴᠢᠩᠭ᠎ᠠ ᠬᠢᠵᠠᠭᠠᠷᠯᠠᠬᠤ ᠬᠡᠷᠡᠭᠲᠡᠢ ;ᠤᠰᠤ᠎ᠪᠠᠷ ᠬᠤᠳᠠ᠎ᠶᠢ ᠲᠣᠭᠲᠠᠭᠠᠵᠤ ᠬᠥᠮᠥᠨ᠎ᠢ ᠲᠣᠭᠲᠠᠭᠠᠬᠤ᠎ᠶᠢ ᠪᠠᠷᠢᠮᠲᠠᠯᠠᠵᠤ᠂ ᠬᠤᠳᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ ᠬᠢᠵᠠᠭᠠᠷ᠎ᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠵᠤ᠂ ᠬᠤᠳᠠ ᠪᠠᠯᠭᠠᠰᠤᠨ᠎ᠤ ᠠᠮᠢᠳᠤᠷᠠᠯ᠎ᠤᠨ ᠤᠰᠤ ᠠᠷᠪᠢᠯᠠᠬᠤ᠎ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠬᠡᠯᠪᠡᠷᠢ᠎ᠶᠢᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠬᠤᠳᠠ ᠪᠠᠯᠭᠠᠰᠤᠨ᠎ᠤ ᠪᠠᠢᠷᠢᠰᠢᠯ ᠪᠠ ᠬᠥᠮᠥᠨ ᠠᠮᠠ᠎ᠶᠢᠨ ᠬᠡᠪᠴᠢᠶ᠎ᠡ᠎ᠶᠢ ᠰᠢᠯᠢᠳᠡᠭᠵᠢᠭᠦᠯᠦᠨ᠎ᠡ ;ᠤᠰᠤ᠎ᠪᠠᠷ ᠭᠠᠵᠠᠷ ᠣᠷᠣᠨ᠎ᠢ ᠲᠣᠭᠲᠠᠭᠠᠬᠤ᠎ᠶᠢ ᠪᠠᠷᠢᠮᠲᠠᠯᠠᠵᠤ᠂ ᠲᠠᠷᠢᠶᠠᠯᠠᠩ᠎ᠤᠨ ᠤᠰᠤᠯᠠᠯᠲᠠ᠎ᠶᠢᠨ ᠬᠡᠪᠴᠢᠶ᠎ᠡ᠎ᠶᠢ ᠵᠦᠢ ᠵᠣᠬᠢᠰᠲᠠᠢ ᠲᠣᠭᠲᠠᠭᠠᠵᠤ᠂ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ᠎ᠶᠢ ᠴᠢᠩᠭᠠᠳᠬᠠᠵᠤ᠂ ᠤᠰᠤᠯᠠᠯᠲᠠ᠎ᠶᠢᠨ ᠬᠡᠲᠦᠷᠡᠲᠡᠯ᠎ᠡ ᠬᠡᠷᠡᠭᠯᠡᠭᠰᠡᠨ ᠤᠰᠤᠨ᠎ᠤ ᠬᠡᠮᠵᠢᠶ᠎ᠡ᠎ᠶᠢ ᠪᠠᠭᠠᠰᠬᠠᠨ᠂ ᠬᠥᠷᠥᠰᠥ ᠰᠢᠷᠣᠢ᠎ᠶᠢᠨ ᠡᠬᠢ ᠪᠠᠶᠠᠯᠢᠭ᠋᠎ᠤᠨ ᠬᠠᠷᠢᠯᠴᠠᠨ ᠵᠣᠬᠢᠴᠠᠯᠳᠤᠬᠤ᠎ᠶᠢ ᠠᠬᠢᠭᠤᠯᠤᠨ᠎ᠠ ;ᠤᠰᠤ᠎ᠪᠠᠷ ᠭᠠᠷᠤᠯᠲᠠ᠎ᠶᠢ ᠲᠣᠭᠲᠠᠭᠠᠬᠤ᠎ᠶᠢ ᠪᠠᠷᠢᠮᠲᠠᠯᠠᠨ᠂ ᠠᠵᠤ ᠦᠢᠯᠡᠰ᠎ᠦᠨ ᠬᠥᠭᠵᠢᠯᠲᠡ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠲᠦᠯᠬᠢᠨ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠤᠰᠤ ᠬᠡᠷᠡᠭᠯᠡᠬᠦ ᠬᠣᠭᠣᠯᠠᠢ᠎ᠶᠢᠨ ᠡᠵᠡᠮᠳᠡᠯ᠎ᠢ ᠴᠢᠩᠭᠠᠳᠬᠠᠵᠤ᠂ ᠠᠵᠤ ᠦᠢᠯᠡᠰ᠎ᠦᠨ ᠤᠰᠤᠨ᠎ᠳᠤ ᠵᠣᠬᠢᠴᠠᠬᠤ ᠬᠥᠭᠵᠢᠯᠲᠡ᠎ᠶᠢ ᠲᠦᠯᠬᠢᠨ ᠠᠬᠢᠭᠤᠯᠤᠨ᠎ᠠ ; ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠬᠤ᠎ᠶᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠣᠢ᠎ᠶᠢᠨ ᠨᠣᠭᠣᠭᠠᠷᠠᠭᠤᠯᠤᠯᠲᠠ᠎ᠶᠢᠨ ᠤᠰᠤ᠎ᠶᠢ ᠬᠡᠮᠵᠢᠬᠦ᠎ᠶᠢ ᠠᠬᠢᠭᠤᠯᠤᠨ᠂ ᠬᠣᠲᠠ᠎ᠶᠢᠨ ᠨᠣᠭᠣᠭᠠᠷᠠᠭᠤᠯᠤᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠤᠯᠤᠰ᠎ᠤᠨ ᠭᠠᠵᠠᠷ ᠰᠢᠷᠣᠢ᠎ᠶᠢᠨ ᠨᠣᠭᠣᠭᠠᠷᠠᠭᠤᠯᠤᠯᠲᠠ ᠵᠡᠷᠭᠡ ᠪᠣᠳᠠᠲᠠᠢ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠥᠷᠨᠢᠭᠦᠯᠦᠨ᠎ᠡ᠃ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ᠎ᠶᠢᠨ ᠲᠠᠯ᠎ᠠ᠎ᠪᠠᠷ᠂ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠲᠣᠰ ᠲᠣᠰ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠵᠦ᠂ ᠨᠢᠭ᠍ᠲᠠ ᠬᠠᠮᠵᠢᠯᠴᠠᠬᠤ ᠬᠡᠷᠡᠭᠲᠡᠢ᠂ ᠨᠢᠭᠡ ᠲᠠᠯ᠎ᠠ᠎ᠪᠠᠷ᠂ ᠡᠯ᠎ᠡ ᠱᠠᠲᠤᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ 《 ᠤᠰᠤ ᠲᠣᠭᠲᠠᠭᠠᠬᠤ 》 ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠋᠎ᠢ ᠨᠢᠭᠡᠳᠦᠯᠲᠡᠢ ᠬᠢᠨᠠᠨ ᠬᠠᠮᠢᠶᠠᠷᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠬᠠᠵᠤ᠂ 《 ᠥᠪᠡᠷ᠎ᠦᠨ ᠬᠢᠷᠢ ᠴᠢᠳᠠᠯ 》᠎ᠢᠶᠠᠨ ᠲᠣᠳᠣᠷᠬᠠᠢ ᠪᠤᠳᠤᠬᠤ ᠬᠡᠷᠡᠭᠲᠡᠢ ;ᠨᠥᠭᠥᠭᠡ ᠲᠠᠯ᠎ᠠ᠎ᠪᠠᠷ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠬᠠᠷᠢᠭᠤᠴᠠᠯᠭ᠎ᠠ᠎ᠶᠢ ᠠᠵᠢᠯ ᠬᠤᠪᠢᠶᠠᠷᠢᠯᠠᠨ ᠨᠠᠢᠳᠠᠪᠤᠷᠢᠵᠢᠭᠤᠯᠵᠤ᠂ ᠴᠣᠬᠣᠮ ᠬᠡᠳᠦᠢ ᠬᠢᠵᠦ ᠲᠡᠢᠯᠬᠦ᠎ᠶᠢ ᠲᠣᠳᠣᠷᠬᠠᠢᠯᠠᠵᠤ᠂ ᠳᠡᠭᠡᠳᠦ ᠳᠣᠣᠷᠠᠳᠤ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠵᠦ᠂ ᠨᠡᠢᠯᠡᠮᠡᠯ ᠬᠦᠴᠦᠨ᠎ᠢ ᠪᠦᠷᠢᠯᠳᠦᠭᠦᠯᠦᠨ᠂ 《 ᠳᠥᠷᠪᠡᠨ ᠤᠰᠤ᠎ᠪᠡᠷ ᠳᠥᠷᠪᠡ᠎ᠶᠢ ᠲᠣᠭᠲᠠᠭᠠᠬᠤ》᠎ᠶᠢ ᠪᠦᠲᠦᠮᠵᠢᠲᠡᠶ ᠨᠠᠢᠳᠠᠪᠤᠷᠢᠵᠢᠭᠤᠯᠬᠤ᠎ᠶᠢ ᠦᠨᠡᠨ ᠬᠦ᠌ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃
ᠠᠵᠢᠯᠯᠠᠭ᠎ᠠ ︱ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠷᠢᠰᠢᠭᠤᠯᠤᠯᠲᠠ᠎ᠶᠢ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠᠲᠠᠢ ᠵᠣᠬᠢᠴᠠᠭᠤᠯᠬᠤ᠎ᠶᠢ ᠪᠦᠬᠦ ᠬᠦᠴᠦᠨ᠎ᠢᠶᠡᠷ ᠠᠬᠢᠭᠤᠯᠤᠨ᠎ᠠ
ᠶᠡᠷᠦ᠎ᠡᠴᠡ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠶᠡᠷᠦᠩᠬᠡᠢ ᠱᠦᠵᠢ ᠰᠢ᠎ᠶᠢᠨ ᠫᠢᠩ᠎ᠦᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》᠎ᠪᠠᠷ ᠶᠡᠷᠦᠩᠬᠡᠢᠯᠡᠨ ᠵᠠᠬᠢᠷᠤᠭᠤᠯᠵᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠪᠠ ᠡᠷᠡᠰ ᠴᠢᠩᠭ᠎ᠠ ᠤᠳᠤᠷᠢᠳᠤᠯᠭ᠎ᠠ᠎ᠶᠢᠨ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠯᠦ᠍ᠭᠡ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠠᠳᠠᠯᠢ ᠴᠢᠭᠯᠡᠯ᠎ᠢᠶᠡᠷ ᠬᠦᠴᠦᠯᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ ᠬᠢᠭᠡᠳ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠶᠢᠨ ᠴᠢᠳᠠᠪᠤᠷᠢ᠎ᠶᠢᠨ ᠬᠠᠷᠢᠯᠴᠠᠨ ᠵᠣᠬᠢᠴᠠᠯᠳᠤᠬᠤ᠎ᠶᠢ ᠬᠠᠮᠲᠤ᠎ᠪᠠᠷ ᠠᠬᠢᠭᠤᠯᠵᠤ᠂ ᠬᠥᠮᠥᠨ ᠠᠮᠠ᠂ ᠠᠵᠤ ᠠᠬᠤᠢ ᠬᠢᠭᠡᠳ ᠤᠰᠤᠨ᠎ᠤ ᠡᠬᠢ ᠪᠠᠶᠠᠯᠢᠭ᠋᠎ᠤᠨ ᠲᠡᠩᠴᠡᠭᠦᠷᠢ᠎ᠲᠠᠢ ᠬᠥᠭᠵᠢᠬᠦ᠎ᠶᠢ ᠪᠡᠶᠡᠯᠡᠭᠦᠯᠬᠦ᠎ᠶᠢ ᠠᠬᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠦᠷ᠎ᠡ ᠠᠰᠢᠭ᠋᠎ᠢ ᠢᠯᠡᠳᠲᠡ ᠳᠡᠭᠡᠭᠰᠢᠯᠡᠭᠦᠯᠪᠡ᠃
ᠳᠦᠷᠢᠮ᠎ᠦᠨ ᠰᠢᠰᠲᠧᠮᠵᠢ᠎ᠶᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《 〈 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 〉᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ 》 《 ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠎ᠤ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠶᠢ ᠨᠢᠭᠡᠳᠦᠯᠲᠡᠢ ᠲᠥᠯᠥᠪᠯᠡᠨ ᠵᠢᠯᠣᠭᠣᠳᠪᠠ ; 《 ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠢ ᠴᠢᠩᠭᠠᠳᠬᠠᠬᠤ ᠵᠢᠯᠤᠭᠣᠳᠬᠤ ᠰᠠᠨᠠᠯ 》᠎ᠢ ᠳᠠᠷᠤᠮᠠᠯᠯᠠᠨ ᠲᠠᠷᠬᠠᠭᠠᠵᠤ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠠᠴᠠ ᠨᠡᠶ᠋ᠢᠲᠡ 23 ᠲᠥᠯᠦᠪᠵᠢᠭᠦᠯᠭᠡ᠎ᠶᠢᠨ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠂ 16 ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠤᠰᠤᠨ᠎ᠤ ᠡᠬᠢ ᠪᠠᠶᠠᠯᠢᠭ᠋᠎ᠤᠨ ᠨᠤᠲᠠᠯᠠᠯᠲᠠ᠎ᠶᠢ ᠬᠢᠨᠠᠨ ᠪᠠᠢᠴᠠᠭᠠᠵᠤ᠂ 7 ᠤᠰᠤ ᠲᠠᠲᠠᠬᠤ ᠵᠥᠪᠰᠢᠶᠡᠷᠡᠯ᠎ᠢ ᠬᠢᠨᠠᠨ ᠵᠥᠪᠰᠢᠶᠡᠷᠡᠵᠦ᠂ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠶᠢᠨ ᠴᠢᠳᠠᠪᠤᠷᠢ᠎ᠠᠴᠠ ᠳᠠᠪᠠᠭᠰᠠᠨ ᠲᠥᠷᠥᠯ ᠵᠦᠢᠯ᠎ᠳᠦ ᠤᠰᠤ ᠲᠠᠲᠠᠬᠤ᠎ᠶᠢ ᠡᠷᠡᠰ ᠵᠥᠪᠰᠢᠶᠡᠷᠡᠬᠦ ᠦᠭᠡᠢ᠃ ᠤᠰᠤ ᠲᠠᠲᠠᠬᠤ᠎ᠶᠢ ᠵᠥᠪᠰᠢᠶᠡᠷᠡᠬᠦ᠂ ᠤᠰᠤᠨ᠎ᠤ ᠡᠬᠢ ᠪᠠᠶᠠᠯᠢᠭ᠋᠎ᠢ ᠨᠤᠲᠠᠯᠠᠬᠤ ᠬᠠᠮᠢᠶᠠᠷᠤᠯᠲᠠ᠎ᠶᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠦᠨ ᠰᠢᠰᠲᠧᠮᠵᠢ᠎ᠶᠢ ᠠᠯᠬᠤᠮ ᠠᠯᠬᠤᠮ᠎ᠢᠶᠠᠷ ᠪᠠᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠰᠤᠨ᠎ᠤ ᠡᠬᠢ ᠪᠠᠶᠠᠯᠢᠭ᠋᠎ᠤᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠠᠢ᠃
ᠤᠰᠤ᠎ᠶᠢ ᠬᠢᠵᠠᠭᠠᠷᠯᠠᠨ ᠤᠰᠤ ᠠᠷᠪᠢᠯᠠᠬᠤ ᠲᠠᠯ᠎ᠠ᠎ᠪᠠᠷ᠂ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠦᠨ᠂ ᠬᠠᠳᠤᠨ ᠭᠣᠣᠯ᠎ᠤᠨ ᠰᠠᠪᠠ ᠭᠠᠵᠠᠷ᠎ᠤᠨ ᠭᠦᠨ ᠤᠰᠤ ᠠᠷᠪᠢᠯᠠᠵᠤ ᠤᠰᠤ᠎ᠶᠢ ᠬᠢᠵᠠᠭᠠᠷᠯᠠᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂ ᠤᠰᠤᠨ᠎ᠤ ᠲᠥᠰᠥᠪ᠎ᠤᠨ ᠬᠠᠮᠢᠶᠠᠷᠤᠯᠲᠠ᠎ᠶᠢᠨ ᠲᠤᠷᠰᠢᠯᠲᠠ᠎ᠶᠢᠨ ᠴᠡᠭ᠎ᠢ ᠢᠳᠡᠪᠬᠢᠲᠡᠢ᠎ᠪᠡᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠤᠨ ᠬᠣᠯᠪᠣᠭ᠎ᠠ᠎ᠶᠢ ᠪᠠᠢᠭᠤᠯᠤᠨ᠂ ᠤᠰᠤ ᠠᠷᠪᠢᠯᠠᠬᠤ ᠣᠨᠣᠰᠢᠯᠠᠯᠲᠠ᠎ᠶᠢᠨ ᠨᠡᠢ᠍ᠢᠳᠡ᠎ᠶᠢᠨ ᠠᠰᠠᠷᠠᠮᠵᠢ᠎ᠶᠢᠨ ᠦᠢᠯᠡᠴᠢᠯᠡᠭᠡᠨᠢ ᠲᠦᠯᠬᠢᠨ ᠠᠬᠢᠭᠤᠯᠪᠠ᠃ 2025 ᠣᠨ᠎ᠳᠤ ᠂ ᠪᠥᠬᠥ ᠣᠷᠣᠨ᠎ᠳᠤ ᠵᠢᠱ᠌ᠢᠯᠲᠡ᠎ᠪᠡᠷ ᠤᠰᠤ ᠠᠷᠪᠢᠯᠠᠬᠤ ᠴᠢᠳᠠᠪᠤᠷᠢ᠎ᠶᠢ 2.7 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠡᠭᠡᠭᠰᠢ ᠰᠢᠨ᠎ᠡ᠎ᠪᠡᠷ ᠨᠡᠮᠡᠭᠳᠡᠭᠦᠯᠵᠦ᠂ ᠡᠩ᠎ᠦᠨ ᠪᠤᠰᠤ ᠤᠰᠤᠨ ᠠᠰᠢᠭ᠍ᠯᠠᠯᠲᠠ᠎ᠶᠢᠨ ᠬᠡᠷᠡᠭᠯᠡᠬᠦ ᠬᠡᠮᠵᠢᠶ᠎ᠡ᠎ᠶᠢ 7.6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠠᠪᠠᠭᠤᠯᠤᠨ᠎ᠠ ; 《 ᠤᠰᠤ ᠠᠷᠪᠢᠯᠠᠬᠤ ᠵᠢᠭᠡᠯᠡᠯᠭᠡ 》᠎ᠳᠤ ᠨᠡᠶ᠋ᠢᠲᠡ 16.68 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠲᠠᠯᠪᠢᠵᠤ᠂ 32 ᠠᠵᠤ ᠠᠬᠤᠢᠯᠠᠯ᠎ᠳᠤ ᠠᠰᠢᠭ᠋ ᠬᠦᠷᠲᠡᠭᠡᠪᠡ ; ᠨᠡᠶ᠋ᠢᠲᠡ 9 ᠵᠦᠢᠯ᠎ᠦᠨ ᠤᠰᠤ ᠠᠷᠪᠢᠯᠠᠬᠤ ᠭᠡᠷᠡᠲᠦ ᠲᠥᠷᠥᠯ ᠵᠦᠢᠯ᠎ᠢ ᠬᠡᠷᠡᠭᠵᠢᠭᠦᠯᠵᠦ᠂ ᠪᠠᠷᠤᠭ 6512.63 ᠲᠦᠮᠡᠨ ᠲᠥᠭᠥᠷᠢᠭ᠎ᠦᠨ ᠪᠡᠯᠡ ᠮᠥᠩᠭᠥ ᠣᠷᠣᠭᠤᠯᠵᠤ᠂ ᠵᠢᠯ ᠪᠦᠷᠢ ᠳᠤᠮᠳᠠᠴᠢ᠎ᠪᠠᠷ ᠪᠠᠷᠤᠭ 100 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠬᠤ᠎ᠶᠢ ᠪᠡᠶᠡᠯᠡᠭᠦᠯᠵᠦ ᠪᠣᠯᠣᠨ᠎ᠠ᠃ ᠡᠭᠦᠨ᠎ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《 ᠤᠰᠤ ᠲᠠᠲᠠᠬᠤ ᠵᠢᠭᠡᠯᠡᠯᠭᠡ 》 ( ᠤᠰᠤ ᠲᠠᠲᠠᠬᠤ ᠵᠥᠪᠰᠢᠶᠡᠷᠡᠯ᠎ᠦᠨ ᠦᠨᠡᠮᠯᠡᠯ᠎ᠢᠶᠡᠷ ᠳᠠᠨᠵᠢᠯᠠᠭᠰᠠᠨ ᠵᠢᠭᠡᠯᠡᠯᠭᠡ ) ᠶ᠋ᠢ ᠬᠢᠩᠭᠠᠨ ᠠᠢᠮᠠᠭ᠎ᠤᠨ ᠷᠠᠰᠢᠶᠠᠨ ᠬᠣᠲᠠ᠎ᠳᠤ ᠠᠮᠵᠢᠯᠲᠠ᠎ᠲᠠᠢ ᠨᠠᠢᠳᠠᠪᠤᠷᠢᠵᠢᠭᠤᠯᠪᠠ᠃
ᠠᠮᠢ ᠠᠬᠤᠢ᠎ᠶᠢᠨ ᠤᠰᠤ᠎ᠶᠢ ᠬᠠᠮᠠᠭᠠᠯᠠᠬᠤ ᠲᠠᠯ᠎ᠠ᠎ᠪᠠᠷ᠂ 2025 ᠣᠨ᠎ᠳᠤ ᠪᠠᠷᠠᠭᠤᠨ ᠯᠢᠶᠣᠤ ᠾᠧ ᠭᠣᠣᠯ᠎ᠤᠨ ᠭᠣᠣᠯ ᠤᠷᠤᠰᠬᠠᠯ ᠬᠠᠪᠤᠷ᠂ ᠵᠤᠨ᠎ᠤ ᠬᠣᠶᠠᠷ ᠤᠯᠠᠷᠢᠯ᠎ᠳᠤ ᠬᠣᠶᠠᠷ ᠤᠳᠠᠭ᠎ᠠ ᠪᠦᠬᠦ ᠱᠤᠭᠤᠮ᠎ᠢᠶᠠᠷ ᠥᠩᠭᠡᠷᠡᠵᠦ᠂ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠵᠦ᠂ ᠨᠡᠢ᠍ᠢᠳᠡ 4.5 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤᠨ᠎ᠤ ᠬᠡᠮᠵᠢᠶ᠎ᠡ᠎ᠶᠢ ᠲᠣᠬᠢᠷᠠᠭᠤᠯᠵᠤ᠂ ᠰᠠᠪᠠ ᠭᠠᠵᠠᠷ᠎ᠤᠨ ᠭᠠᠵᠠᠷ ᠳᠣᠣᠷᠠᠬᠢ ᠤᠰᠤᠨ᠎ᠤ ᠲᠦᠪᠰᠢᠨ᠎ᠦ 4 ᠤᠯᠠᠷᠢᠯ ᠳᠠᠷᠠᠭᠠᠯᠠᠨ ᠲᠣᠭᠲᠠᠭᠤᠨ᠎ᠢᠶᠠᠷ ᠳᠡᠭᠡᠭᠰᠢᠯᠡᠬᠦ᠎ᠳᠦ ᠬᠦᠴᠦ ᠨᠡᠮᠡᠷᠢᠯᠡᠵᠡᠢ᠃ ᠳᠠᠭ᠎ᠠ᠎ᠶᠢᠨ ᠨᠠᠭᠤᠷ᠎ᠤᠨ ᠠᠮᠢ ᠠᠬᠤᠢ᠎ᠶᠢᠨ ᠤᠰᠤ ᠨᠥᠬᠥᠪᠦᠷᠢᠯᠡᠬᠦ ᠠᠵᠢᠯ᠎ᠢ ᠦᠷᠭᠦᠯᠵᠢᠯᠡᠨ ᠥᠷᠨᠢᠭᠦᠯᠵᠦ᠂ 10 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠤᠯᠠᠭᠠᠨᠰᠤᠬᠠᠢ᠎ᠳᠤ ᠨᠡᠶ᠋ᠢᠲᠡ 3.0 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠦ᠂ ᠳᠠᠭ᠎ᠠ᠎ᠶᠢᠨ ᠨᠠᠭᠤᠷ᠎ᠤᠨ ᠨᠢᠭᠤᠷ᠎ᠤᠨ ᠲᠠᠯᠠᠪᠠᠶ ᠨᠢᠭᠡᠨᠲᠡ 63.4 ᠲᠡᠭᠰᠢ ᠳᠥᠷᠪᠡᠯᠵᠢᠨ ᠺᠢᠯᠣᠮᠧᠲᠷ᠎ᠲᠦ ᠬᠦᠷᠴᠦ᠂ ᠳᠠᠭ᠎ᠠ᠎ᠶᠢᠨ ᠨᠠᠭᠤᠷ᠎ᠤᠨ ᠤᠰᠤᠨ ᠣᠷᠣᠨ᠎ᠤ ᠲᠠᠯᠠᠪᠠᠶ ᠪᠠ ᠰᠠᠪᠠ ᠭᠠᠵᠠᠷ᠎ᠤᠨ ᠭᠠᠵᠠᠷ ᠳᠣᠣᠷᠠᠬᠢ ᠤᠰᠤᠨ ᠲᠦᠪᠰᠢᠨ᠎ᠦ ᠬᠣᠣᠰ ᠨᠡᠮᠡᠭᠳᠡᠯ᠎ᠢ ᠪᠡᠶᠡᠯᠡᠭᠦᠯᠪᠡ᠃
ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠲᠠᠯ᠎ᠠ᠎ᠪᠠᠷ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ᠎ᠶᠢᠨ ᠥᠭᠡᠷᠡᠴᠢᠯᠡᠯᠲᠡ᠎ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ 》᠎ᠢ ᠳᠠᠷᠤᠮᠠᠯᠯᠠᠨ ᠲᠠᠷᠬᠠᠭᠠᠵᠤ᠂ ᠬᠠᠲᠤᠨ ᠭᠣᠣᠯ᠎ᠤᠨ ᠠᠢᠮᠠᠭ ᠬᠣᠲᠠ᠎ᠶᠢᠨ ᠬᠣᠭᠣᠷᠣᠨᠳᠣᠬᠢ ᠤᠰᠤᠨ᠎ᠤ ᠡᠷᠬᠡ᠎ᠶᠢ ᠰᠢᠯᠵᠢᠭᠦᠯᠦᠨ ᠥᠭᠬᠦ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠮᠤᠵᠢ ᠣᠷᠣᠨ ᠠᠯᠤᠰᠯᠠᠭᠰᠠᠨ ᠤᠰᠤ ᠬᠡᠷᠡᠭᠯᠡᠬᠦ ᠡᠷᠬᠡ᠎ᠶᠢᠨ ᠠᠷᠠᠯᠵᠢᠶ᠎ᠠ᠎ᠶᠢ ᠢᠳᠡᠪᠬᠢᠲᠡᠢ᠎ᠪᠡᠷ ᠬᠠᠢᠨ ᠰᠦᠪᠡᠭᠴᠢᠯᠡᠪᠡ᠃ 2025 ᠣᠨ᠎ᠳᠤ ᠂ ᠪᠥᠬᠥ ᠣᠷᠣᠨ᠎ᠳᠤ ᠤᠰᠤ ᠬᠡᠷᠡᠭᠯᠡᠬᠦ ᠡᠷᠬᠡ᠎ᠶᠢᠨ ᠣᠬᠣᠷ ᠬᠤᠭᠤᠴᠠᠭᠠᠨ᠎ᠤ ᠠᠷᠠᠯᠵᠢᠶ᠎ᠠ᠎ᠶᠢ 101 ᠬᠤᠪᠢ ᠪᠡᠶᠡᠯᠡᠭᠦᠯᠵᠦ᠂ ᠠᠷᠠᠯᠵᠢᠶᠠᠯᠠᠭᠰᠠᠨ ᠤᠰᠤᠨ᠎ᠤ ᠬᠡᠮᠵᠢᠶ᠎ᠡ 4000 ᠲᠦᠮᠡᠨ ᠪᠣᠰᠣᠭ᠎ᠠ ᠳᠥᠷᠪᠡᠯᠵᠢᠨ ᠮᠧᠲᠷ᠎ᠲᠦ ᠬᠦᠷᠴᠡᠢ ; ᠠᠯᠠᠱᠠ ᠠᠢᠮᠠᠭ ᠬᠢᠭᠡᠳ ᠰᠧᠴᠤᠸᠠᠨ ᠮᠤᠵᠢ᠎ᠶᠢᠨ 1680 ᠲᠦᠮᠡᠨ ᠪᠣᠰᠣᠭ᠎ᠠ ᠳᠥᠷᠪᠡᠯᠵᠢᠨ ᠮᠧᠲᠷ᠎ᠦᠨ ᠬᠠᠲᠤᠨ ᠭᠣᠣᠯ᠎ᠤᠨ ᠤᠰᠤᠨ᠎ᠤ ᠭᠦᠢᠴᠡᠳᠬᠡᠯ ᠲᠣᠭ᠎ᠠ᠎ᠶᠢ 2 ᠤᠳᠠᠭ᠎ᠠ ᠠᠮᠵᠢᠯᠲᠠ᠎ᠲᠠᠢ᠎ᠪᠠᠷ ᠠᠷᠠᠯᠵᠢᠶᠠᠯᠠᠬᠤ᠎ᠶᠢ ᠠᠬᠢᠭᠤᠯᠵᠠᠢ᠃