ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ ᠣᠷᠣᠨ ᠨᠤᠲᠤᠭ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ( ᠸᠢᠳᠢᠤ᠋ )᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-12-03

      11 ᠳ᠋ᠦ᠍ᠭᠡᠷ ᠰᠠᠷ᠎ᠠ᠎ᠶᠢᠨ 25᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠶᠠᠮᠤᠨ᠎ᠤ ᠰᠠᠢᠳ ᠯᠢ ᠭᠦᠸᠧ ᠶᠢᠩ ᠣᠷᠣᠨ ᠨᠤᠲᠤᠭ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ( ᠸᠢᠳᠢᠤ᠋ )᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠶᠢᠨ ᠲᠣᠭᠣᠷᠢᠨ᠎ᠳᠤ᠂ ᠮᠤᠵᠢ᠎ᠶᠢᠨ ᠱᠠᠲᠤᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠥᠬᠥᠳ᠎ᠦᠨ ᠰᠠᠨᠠᠯ ᠰᠠᠨᠠᠭᠤᠯᠭ᠎ᠠ᠎ᠶᠢ ᠨᠢᠭᠡᠳ ᠨᠢᠭᠡ᠎ᠪᠡᠷ ᠰᠣᠨᠣᠰᠪᠠ᠃ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠸᠠᠩ ᠰᠢᠨ ᠵᠧ᠂ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠯᠢᠦ ᠳ᠋ᠦᠩ ᠱᠦᠨ᠂ ᠸᠠᠩ ᠪᠦᠦ ᠧᠨ ᠬᠤᠷᠠᠯ᠎ᠳᠤ ᠣᠷᠣᠯᠴᠠᠪᠠ᠃
      ᠶᠠᠷᠢᠯᠴᠠᠬᠤ ᠬᠤᠷᠠᠯ ᠳᠡᠭᠡᠷ᠎ᠡ᠂ 31 ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ )᠎ᠶᠢᠨ ᠤᠰᠤᠨ ᠠᠰᠢᠭ᠍ᠯᠠᠯᠲᠠ ( ᠤᠰᠤᠨ᠎ᠤ ᠶᠠᠪᠤᠳᠠᠯ )᠎ᠶᠢᠨ ᠲᠢᠩᠬᠢᠮ ( ᠲᠣᠪᠴᠢᠶ᠎ᠠ ) ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠤᠰᠤᠨ ᠠᠰᠢᠭ᠍ᠯᠠᠯᠲᠠ᠎ᠶᠢᠨ ᠲᠣᠪᠴᠢᠶᠠᠨ᠎ᠤ ᠬᠠᠷᠢᠭᠤᠴᠠᠯᠭᠠᠲᠠᠨ ᠨᠥᠬᠥᠳ ᠲᠤᠰ ᠭᠠᠵᠠᠷ᠎ᠤᠨ᠎ᠢᠶᠠᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠤᠰᠤᠨ ᠠᠰᠢᠭ᠍ᠯᠠᠯᠲᠠ᠎ᠶᠢᠨ ᠠᠵᠢᠯ᠎ᠢ ᠰᠠᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃
      ᠯᠢ ᠭᠥᠸᠧ ᠶᠢᠩ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠤ ᠤᠷᠢᠳᠤᠬᠢ᠎ᠶᠢ ᠵᠠᠯᠭᠠᠮᠵᠢᠯᠠᠨ ᠢᠷᠡᠭᠡᠳᠦᠢ᠎ᠶᠢ ᠨᠡᠭᠡᠭᠡᠬᠦ ᠴᠢᠬᠤᠯᠠ ᠪᠠᠢᠷᠢ ᠰᠠᠭᠤᠷᠢ᠎ᠲᠠᠢ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠢᠳᠡᠪᠬᠢᠲᠡᠢ ᠦᠢᠯᠡᠳᠦᠯᠭᠡᠵᠢᠭᠦᠯᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠦ ᠬᠠᠷᠠᠯᠲᠠ᠎ᠶᠢ ᠪᠠᠲᠤᠯᠠᠵᠤ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠬᠠᠮᠠᠭᠠᠯᠠᠵᠤ ᠵᠠᠰᠠᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠡᠯ᠎ᠡ ᠨᠢᠭᠡᠴᠢ᠎ᠶᠢᠨ ᠳ᠋ᠦᠩᠨᠡᠭᠰᠡᠨ ᠲᠤᠷᠰᠢᠯᠭ᠎ᠠ ᠪᠠ ᠠᠰᠠᠭᠤᠳᠠᠯ᠂ ᠳᠤᠷᠠᠳᠤᠭᠰᠠᠨ ᠰᠠᠨᠠᠯ ᠪᠠ ᠰᠠᠨᠠᠭᠤᠯᠭ᠎ᠠ᠎ᠶᠢ ᠵᠦᠢᠯ ᠳᠠᠷᠠᠭᠠᠯᠠᠨ ᠭᠦᠨᠵᠡᠭᠡᠢ ᠰᠤᠳᠤᠯᠵᠤ᠂ ᠪᠥᠬᠥ ᠠᠵᠢᠯ ᠲᠥᠷᠥᠯ᠂ ᠪᠥᠬᠥ ᠰᠢᠰᠲᠧᠮ᠎ᠦᠨ ᠣᠶᠤᠨ ᠤᠬᠠᠭᠠᠨ ᠪᠠ ᠬᠦᠴᠦᠨ ᠴᠢᠳᠠᠯ᠎ᠢ ᠬᠤᠷᠠᠮᠳᠤᠭᠤᠯᠤᠨ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠤᠰᠤᠨ ᠠᠰᠢᠭ᠍ᠯᠠᠯᠲᠠ᠎ᠶᠢᠨ ᠶᠠᠮᠤᠨ᠎ᠤ ᠶᠡᠷᠦᠩᠬᠡᠢ ᠢᠨᠵᠧᠨᠧᠷ ᠪᠠ ᠲᠥᠰᠥᠪᠯᠡᠭᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ᠂ ᠶᠠᠮᠤᠨ᠎ᠤ ᠪᠠᠢᠭᠤᠯᠭ᠎ᠠ᠎ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠨᠢᠭᠡᠴᠢ᠎ᠶᠢᠨ ᠬᠠᠷᠢᠭᠤᠴᠠᠯᠭᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            