ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠤᠳᠠᠭᠠᠨ᠎ᠤ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠪᠠ
ᠨᠡᠶ᠋ᠢᠲᠡᠯᠡᠭᠰᠡᠨ ᠴᠠᠭ᠄ 2025-12-03

      11 ᠳ᠋ᠦ᠍ᠭᠡᠷ ᠰᠠᠷ᠎ᠠ᠎ᠶᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ )᠎ᠤᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠤᠳᠠᠭᠠᠨ᠎ᠤ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠰᠤᠷᠤᠯᠴᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠢ ᠡᠷᠭᠢᠯᠡᠵᠦ᠂ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ᠂ ᠲᠢᠩᠬᠢᠮ᠎ᠦᠨ ᠪᠠᠢᠭᠤᠯᠭ᠎ᠠ᠎ᠶᠢᠨ ᠡᠯ᠎ᠡ ᠭᠠᠵᠠᠷ ᠭᠡᠷ ᠵᠢᠴᠢ ᠲᠢᠩᠬᠢᠮ᠎ᠦᠨ ᠬᠠᠷᠢᠶ᠎ᠠ ᠡᠯ᠎ᠡ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
      ᠬᠤᠷᠠᠯ᠎ᠠᠴᠠ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠲᠡᠭᠦᠰᠬᠡᠯ ᠪᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢ ᠲᠥᠯᠥᠪᠯᠡᠨ ᠪᠠᠢᠷᠢᠯᠠᠭᠤᠯᠬᠤ ᠴᠢᠬᠤᠯᠠ ᠴᠠᠭ ᠦᠶ᠎ᠡ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ ᠢᠯᠠᠯᠲᠠ ᠎ᠲᠠᠢ ᠬᠤᠷᠠᠯᠳᠤᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ 》᠎ᠶᠢ ᠬᠢᠨᠠᠨ ᠵᠥᠪᠯᠡᠵᠦ ᠪᠠᠲᠤᠯᠠᠭᠠᠳ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠦᠵᠦ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭᠯᠠᠯᠲᠠ ᠬᠢᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠰᠡᠳᠬᠢᠴᠡ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠰᠦᠪᠡᠭᠴᠢᠯᠡᠵᠦ᠂ ᠴᠢᠬᠤᠯᠠ ᠶᠡᠬᠡ ᠠᠴᠢ ᠬᠣᠯᠪᠣᠭᠳᠠᠯ᠎ᠲᠠᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠤᠯᠤᠰ᠎ᠤᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠶᠡᠷᠦᠩᠬᠡᠢ ᠱᠦᠵᠢ ᠰᠢ᠎ᠶᠢᠨ ᠫᠢᠩ᠎ᠤᠨ ᠠᠯᠢ ᠣᠯᠠᠨ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠣᠷᠣᠨ᠎ᠤ ᠪᠠᠢᠳᠠᠯ ᠤᠰᠤᠨ᠎ᠤ ᠪᠠᠢᠳᠠᠯ ᠪᠠ ᠠᠵᠤ ᠦᠢᠯᠡᠰ᠎ᠦᠨ ᠪᠠᠢᠷᠢᠰᠢᠭᠤᠯᠤᠯᠲᠠ᠎ᠳᠤ ᠰᠠᠭᠤᠷᠢᠯᠠᠨ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠬᠥᠭᠵᠢᠯᠲᠡ᠎ᠶᠢᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠬᠦᠴᠦᠨ᠎ᠢᠶᠡᠨ ᠲᠥᠪᠯᠡᠷᠡᠭᠦᠯᠦᠨ ᠡᠬᠢ ᠰᠤᠷᠪᠤᠯᠵᠢ᠎ᠶᠢ ᠨᠡᠭᠡᠭᠡᠨ ᠨᠥᠭᠡᠴᠡ᠎ᠶᠢ ᠨᠡᠮᠡᠭᠳᠡᠭᠦᠯᠵᠦ᠂ ᠤᠰᠤ ᠬᠡᠷᠡᠭᠯᠡᠬᠦ ᠰᠠᠭᠤᠷᠢ᠎ᠶᠢ ᠪᠡᠬᠢᠵᠢᠭᠦᠯᠵᠦ᠂ 《 ᠨᠢᠭᠡ ᠭᠣᠣᠯ ᠬᠣᠶᠠᠷ ᠵᠢᠭᠦᠷ᠂ ᠭᠤᠷᠪᠠᠨ ᠭᠤᠯᠳᠤ ᠳᠥᠷᠪᠡᠨ ᠬᠥᠨᠳᠡᠯᠡᠨ᠂ ᠪᠠᠷᠠᠭᠤᠨᠰᠢ ᠲᠠᠲᠠᠵᠤ ᠵᠡᠭᠦᠨᠰᠢ ᠲᠣᠬᠢᠷᠠᠭᠤᠯᠬᠤ᠂ ᠭᠠᠳᠠᠨ᠎ᠠ᠎ᠪᠠᠨ ᠬᠣᠯᠪᠣᠭᠠᠯᠠᠵᠤ ᠳᠣᠲᠣᠭᠠᠳᠤ᠎ᠳᠠᠭᠠᠨ ᠨᠡᠪᠲᠡᠷᠡᠬᠦ 》 ᠤᠰᠤᠨ ᠠᠰᠢᠭ᠍ᠯᠠᠯᠲᠠ᠎ᠶᠢᠨ ᠲᠣᠣᠷ᠎ᠤᠨ ᠶᠡᠷᠦᠩᠬᠡᠢ ᠪᠠᠢᠷᠢᠰᠢᠭᠤᠯᠤᠯᠲᠠ᠎ᠶᠢ ᠪᠠᠢᠭᠤᠯᠵᠤ᠂ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠵᠦ ᠭᠠᠮᠰᠢᠭ᠋᠎ᠢ ᠪᠠᠭᠠᠰᠬᠠᠬᠤ᠂ ᠤᠰᠤᠨ᠎ᠤ ᠡᠬᠢ ᠪᠠᠶᠠᠯᠢᠭ᠋᠎ᠢ ᠡᠷᠴᠢᠮᠵᠢᠭᠦᠯᠦᠨ ᠲᠣᠬᠢᠷᠠᠭᠤᠯᠬᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠰᠢᠰᠲᠧᠮ᠎ᠢ ᠬᠠᠮᠠᠭᠠᠯᠠᠨ ᠵᠠᠰᠠᠬᠤ᠂ ᠠᠮᠢᠳᠤᠷᠠᠯ ᠦᠢᠯᠡᠳᠪᠦᠷᠢᠯᠡᠯ ᠠᠮᠢ ᠠᠬᠤᠢ᠎ᠳᠤ ᠬᠡᠷᠡᠭᠯᠡᠬᠦ ᠤᠰᠤ ᠵᠡᠷᠭᠡ ᠴᠢᠳᠠᠮᠵᠢ᠎ᠶᠢ ᠨᠢᠭᠡᠳᠦᠯᠲᠡᠢ ᠲᠥᠯᠥᠪᠯᠡᠨ᠂ ᠤᠰᠤ ᠲᠠᠲᠠᠵᠤ ᠤᠰᠤ ᠲᠣᠬᠢᠷᠠᠭᠤᠯᠬᠤ ᠢᠨᠵᠧᠨᠧᠷᠢᠩ᠂ ᠰᠢᠨ᠎ᠡ᠎ᠪᠡᠷ ᠪᠠᠶ᠋ᠢᠭᠤᠯᠬᠤ ᠤᠰᠤᠨ ᠴᠥᠭᠥᠷᠥᠮ᠎ᠦᠨ ᠢᠨᠵᠧᠨᠧᠷᠢᠩ᠂ ᠤᠰᠤᠨ᠎ᠤ ᠡᠷᠬᠡ᠎ᠶᠢ ᠰᠢᠯᠵᠢᠭᠦᠯᠦᠨ ᠥᠭᠬᠦ ᠢᠨᠵᠧᠨᠧᠷᠢᠩ ᠵᠡᠷᠭᠡ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠪᠴᠢᠯᠡᠨ ᠠᠬᠢᠭᠤᠯᠵᠤ᠂ ᠤᠯᠤᠰ᠎ᠤᠨ ᠣᠷᠣᠨ ᠪᠦᠰᠡ᠎ᠶᠢᠨ ᠤᠰᠤᠨ᠎ᠤ ᠲᠣᠣᠷ᠎ᠲᠠᠬᠢ ᠮᠠᠨ᠎ᠤ ᠣᠷᠣᠨ᠎ᠤ ᠤᠰᠤᠨ᠎ᠤ ᠡᠬᠢ ᠪᠠᠶᠠᠯᠢᠭ᠋᠎ᠢ ᠲᠣᠬᠢᠷᠠᠭᠤᠯᠬᠤ ᠢᠨᠵᠧᠨᠧᠷᠢᠩ᠎ᠢ ᠰᠢᠨᠵᠢᠯᠡᠬᠦ ᠤᠬᠠᠭᠠᠨᠴᠢ᠎ᠪᠠᠷ ᠰᠦᠪᠡᠭᠴᠢᠯᠡᠵᠦ᠂ ᠠᠷᠭ᠎ᠠ ᠪᠦᠬᠦᠨ᠎ᠢ ᠰᠦᠪᠡᠭᠴᠢᠯᠡᠵᠦ ᠪᠠᠢᠭᠠᠳ ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠵᠤ ᠪᠣᠯᠬᠤ ᠬᠡᠮᠵᠢᠶ᠎ᠡ᠎ᠶᠢ ᠨᠡᠮᠡᠭᠳᠡᠭᠦᠯᠬᠦ ᠬᠡᠷᠡᠭᠲᠡᠢ᠃ ᠵᠠᠷᠤᠯᠭ᠎ᠠ᠎ᠪᠠᠨ ᠠᠷᠪᠢᠯᠠᠨ ᠶᠠᠰᠤ ᠴᠢᠨᠠᠷ᠎ᠢᠶᠠᠨ ᠳᠡᠭᠡᠭᠰᠢᠯᠡᠭᠦᠯᠬᠦ᠎ᠶᠢ ᠪᠠᠷᠢᠮᠲᠠᠯᠠᠵᠤ᠂ ᠠᠰᠢᠭ᠍ᠯᠠᠯᠲᠠ᠎ᠶᠢᠨ ᠴᠢᠳᠠᠪᠬᠢ᠎ᠪᠠᠨ ᠳᠡᠭᠡᠭᠰᠢᠯᠡᠭᠦᠯᠵᠦ ᠂ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠢ ᠴᠢᠩᠭᠠᠳᠬᠠᠵᠤ᠂ ᠤᠰᠤ ᠠᠷᠪᠢᠯᠠᠬᠤ᠎ᠶᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠭᠠᠵᠤ᠂ ᠤᠰᠤ ᠠᠷᠪᠢᠯᠠᠬᠤ᠎ᠪᠠᠷ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠂ ᠬᠤᠳᠠ ᠬᠥᠳᠡᠭᠡ᠎ᠶᠢᠨ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ ᠳᠦᠷᠢᠮ᠎ᠦᠨ ᠰᠢᠰᠲᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠠᠬᠢᠯᠲᠠ ᠤᠰᠤ᠂ ᠠᠭᠤᠷᠬᠠᠢ᠎ᠶᠢᠨ ᠬᠤᠳᠳᠤᠭ᠎ᠤᠨ ᠤᠰᠤ ᠵᠡᠷᠭᠡ᠎ᠶᠢ ᠶᠡᠷᠦᠩᠬᠡᠢᠯᠡᠨ ᠠᠰᠢᠭ᠍ᠯᠠᠬᠤ ᠪᠠ ᠪᠣᠷᠣᠭᠠᠨ ᠦᠶᠡᠷ᠎ᠦᠨ ᠤᠰᠤ᠎ᠶᠢ ᠡᠬᠢ ᠪᠠᠶᠠᠯᠢᠭ᠍ᠵᠢᠭᠤᠯᠤᠨ ᠠᠰᠢᠭ᠍ᠯᠠᠬᠤ᠎ᠶᠢ ᠴᠢᠩᠭᠠᠳᠬᠠᠵᠤ᠂ ᠤᠰᠤᠨ᠎ᠤ ᠡᠬᠢ ᠪᠠᠶᠠᠯᠢᠭ᠋᠎ᠢ ᠡᠷᠴᠢᠮᠵᠢᠭᠦᠯᠦᠨ ᠠᠮᠤᠷ ᠲᠦᠪᠰᠢᠨ ᠠᠰᠢᠭ᠍ᠯᠠᠬᠤ ᠬᠢᠷᠢ ᠬᠡᠮᠵᠢᠶ᠎ᠡ᠎ᠶᠢ ᠲᠡᠭᠡᠭᠰᠢᠯᠡᠬᠦᠯᠬᠦ ᠬᠡᠷᠡᠭᠲᠡᠢ᠃ ᠬᠠᠮᠠᠭᠠᠯᠠᠯᠲᠠ ᠵᠠᠰᠠᠯᠲᠠ᠎ᠪᠠᠨ ᠴᠢᠩᠭᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠤᠷ ᠲᠦᠪᠰᠢᠨ᠎ᠢ ᠰᠠᠬᠢᠨ ᠬᠠᠮᠠᠭᠠᠯᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠂ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠦᠨ ᠪᠦᠲᠦᠭᠡᠨ ᠪᠠᠢᠭᠤᠯᠤᠯᠲᠠ᠂ ᠤᠰᠤᠨ ᠣᠷᠣᠨ᠎ᠤ ᠡᠷᠭᠢ᠎ᠶᠢᠨ ᠱᠤᠭᠤᠮ᠎ᠤᠨ ᠣᠷᠣᠨ ᠵᠠᠢ᠎ᠶᠢ ᠬᠠᠮᠢᠶᠠᠷᠤᠨ ᠡᠵᠡᠮᠳᠡᠬᠦ᠂ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠬᠤ ᠵᠡᠷᠭᠡ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠬᠠᠲᠤᠨ ᠭᠣᠣᠯ᠎ᠢ ᠰᠠᠢᠲᠤᠷ ᠬᠠᠮᠠᠭᠠᠯᠠᠵᠤ᠂ 《 ᠭᠤᠷᠪᠠᠨ ᠨᠠᠭᠤᠷ 》 ᠵᠢᠴᠢ ᠴᠠᠭᠠᠨ ᠨᠠᠭᠤᠷ ᠵᠡᠷᠭᠡ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠨ ᠵᠠᠰᠠᠬᠤ᠎ᠶᠢ ᠭᠦᠨᠵᠡᠭᠡᠢᠷᠡᠭᠦᠯᠦᠨ᠂ 《 ᠠᠷᠪᠠᠨ ᠶᠡᠬᠡ ᠬᠥᠨᠳᠡᠢ 》 ᠵᠡᠷᠭᠡ ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠢᠨᠵᠧᠨᠧᠷᠢᠩ᠎ᠢ ᠠᠬᠢᠭᠤᠯᠵᠤ᠂ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠰᠡᠷᠭᠦᠭᠡᠯᠲᠡ᠎ᠶᠢ ᠦᠷᠭᠦᠯᠵᠢᠯᠡᠨ ᠠᠬᠢᠭᠤᠯᠵᠤ᠂ ᠤᠰᠤᠨ᠎ᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ 《 ᠭᠣᠣᠯ ᠮᠥᠷᠡᠨ ᠠᠷᠠᠳ ᠲᠦᠮᠡᠨ᠎ᠢ ᠥᠰᠬᠡᠨ ᠪᠣᠢᠵᠢᠭᠤᠯᠬᠤ᠂ ᠠᠷᠠᠳ ᠲᠦᠮᠡᠨ ᠭᠣᠣᠯ ᠮᠥᠷᠡᠨ᠎ᠢ ᠰᠠᠬᠢᠨ ᠬᠠᠮᠠᠭᠠᠯᠠᠬᠤ᠂ ᠬᠥᠮᠥᠨ ᠤᠰᠤ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ 》 ᠭᠣᠣᠯ ᠮᠥᠷᠡᠨ᠎ᠢ ᠬᠠᠮᠠᠭᠠᠯᠠᠨ ᠵᠠᠰᠠᠬᠤ ᠪᠠᠢᠷᠢᠰᠢᠯ᠎ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠬᠣᠷᠢᠭ᠎ᠠ ᠴᠡᠭ᠎ᠢ ᠠᠷᠢᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠤ ᠬᠦᠴᠢᠷᠳᠡᠯ᠎ᠢ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ᠎ᠶᠢᠨ ᠲᠦᠭᠵᠢᠷᠡᠯ᠎ᠢ ᠨᠠᠪᠲᠠᠷᠡᠭᠦᠯᠵᠦ᠂ ᠤᠰᠤᠨ᠎ᠤ ᠬᠦᠴᠢᠷᠳᠡᠯ᠎ᠳᠦ ᠲᠤᠯᠭᠠᠷᠠᠭᠰᠠᠨ ᠠᠰᠠᠭᠤᠳᠠᠯ᠎ᠢ ᠰᠢᠢᠳᠪᠦᠷᠢᠯᠡᠵᠦ᠂ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ ᠪᠣᠯᠣᠨ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ᠎ᠶᠢᠨ ᠡᠭᠦᠷᠭᠡ᠎ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ᠎ᠶᠢ ᠤᠰᠤᠨ ᠠᠰᠢᠭ᠍ᠯᠠᠯᠲᠠ᠎ᠶᠢᠨ ᠦᠢᠯᠡᠰ᠎ᠦᠨ ᠬᠥᠭᠵᠢᠯᠲᠡ᠎ᠶᠢᠨ ᠡᠯ᠎ᠡ ᠲᠠᠯ᠎ᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠠᠲᠤᠳᠬᠠᠬᠤ᠎ᠶᠢ ᠪᠠᠷᠢᠮᠲᠠᠯᠠᠵᠤ᠂ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠴᠢᠩᠭᠠᠳᠬᠠᠵᠤ᠂ ᠨᠠᠮ᠎ᠤᠨ ᠰᠤᠷᠲᠠᠯ᠎ᠤᠨ ᠪᠠ ᠴᠢᠬᠡᠴᠢ ᠵᠠᠰᠠᠭ᠎ᠦᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠠᠵᠢᠯ᠎ᠢ ᠭᠦᠨᠵᠡᠭᠡᠢ ᠥᠷᠨᠢᠭᠦᠯᠵᠦ᠂ ᠡᠷᠴᠢ ᠵᠣᠷᠢᠭ᠋᠎ᠢᠶᠠᠨ ᠭᠦᠢᠴᠡᠳ ᠪᠠᠳᠠᠷᠠᠭᠤᠯᠤᠨ᠂ ᠦᠨᠡᠨ ᠬᠦ᠌ ᠠᠳᠬᠤᠵᠤ ᠪᠣᠳᠠᠲᠠᠢ᠎ᠪᠠᠷ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠡᠷᠡᠰ ᠭᠤᠢᠪᠢᠰᠢ ᠦᠭᠡᠢ᠎ᠪᠡᠷ ᠠᠬᠢᠭᠤᠯᠤᠨ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ ᠭᠠᠵᠠᠷ 》᠂ 《 ᠨᠢᠭᠡ ᠪᠡᠬᠢᠯᠡᠯᠲᠡ 》᠎ᠶᠢᠨ ᠦᠢᠯᠡᠳᠦᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠳᠦ ᠪᠠᠲᠤ ᠪᠡᠬᠢ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            