11 ᠳ᠋ᠦ᠍ᠭᠡᠷ ᠰᠠᠷ᠎ᠠ᠎ᠶᠢᠨ 27᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠣᠨᠣᠯ᠎ᠤᠨ ᠰᠤᠷᠤᠯᠴᠠᠯᠭ᠎ᠠ᠎ᠶᠢᠨ ᠭᠣᠣᠯ ᠳᠤᠭᠤᠢᠯᠠᠩ ( ᠥᠷᠭᠡᠳᠬᠡᠭᠰᠡᠨ )᠎ᠤᠨ ᠠᠷᠪᠠᠨ ᠳᠥᠷᠪᠡᠳᠦᠭᠡᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ᠵᠢᠴᠢ ᠵᠣᠬᠢᠶᠠᠯ᠎ᠤᠨ ᠰᠤᠷᠲᠠᠯ᠎ᠢ ᠥᠭᠡᠷᠡᠴᠢᠯᠡᠨ ᠰᠤᠷᠲᠠᠯ᠎ᠢ ᠬᠤᠪᠢᠷᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠬᠤᠷᠠᠯ᠎ᠢ ᠡᠷᠭᠢᠯᠡᠵᠦ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠎ᠤᠨ ᠵᠣᠬᠢᠶᠠᠯ᠎ᠤᠨ ᠰᠤᠷᠲᠠᠯ᠎ᠢ ᠥᠭᠡᠷᠡᠴᠢᠯᠡᠨ ᠰᠤᠷᠲᠠᠯ᠎ᠢ ᠬᠤᠪᠢᠷᠠᠭᠤᠯᠬᠤ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠂ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠳᠦᠷᠢᠮ 》᠎ᠢ ᠲᠥᠪᠯᠡᠷᠡᠭᠦᠯᠦᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠵᠣᠬᠢᠶᠠᠯ᠎ᠤᠨ ᠰᠤᠷᠲᠠᠯ᠎ᠢ ᠥᠭᠡᠷᠡᠴᠢᠯᠡᠨ ᠰᠤᠷᠲᠠᠯ᠎ᠢ ᠬᠤᠪᠢᠷᠠᠭᠤᠯᠬᠤ᠎ᠶᠢᠨ ᠲᠣᠭᠣᠷᠢᠨ᠎ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠵᠡᠢ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠪᠣᠯᠣᠨ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠭᠦᠨ ᠨᠠᠷ ᠶᠡᠬᠡ ᠬᠤᠷᠠᠯ᠎ᠳᠤ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠣᠣᠯ ᠳᠤᠭᠤᠢᠯᠠᠩ᠎ᠤᠨ ᠪᠦᠷᠢᠯᠳᠦᠭᠦᠨ ᠨᠠᠷ ᠪᠢᠴᠢᠭ᠎ᠦᠨ ᠬᠡᠯᠪᠡᠷᠢ᠎ᠪᠡᠷ ᠰᠠᠨᠠᠯ᠎ᠢᠶᠠᠨ ᠰᠣᠯᠢᠯᠴᠠᠪᠠ᠃
ᠬᠤᠷᠠᠯ᠎ᠠᠴᠠ᠂ ᠠᠯᠪᠠᠨ ᠪᠢᠴᠢᠭ᠎ᠢ ᠬᠠᠭᠤᠯᠬᠤ ᠠᠰᠠᠭᠤᠳᠠᠯ᠎ᠤᠨ ᠬᠦᠨᠳᠦ ᠨᠣᠴᠢᠲᠠᠢ ᠴᠢᠨᠠᠷ ᠪᠣᠯᠣᠨ ᠬᠣᠣᠷ ᠬᠥᠨᠥᠭᠡᠯᠳᠦ ᠴᠢᠨᠠᠷ᠎ᠢ ᠭᠦᠨᠵᠡᠭᠡᠢ ᠲᠠᠨᠢᠵᠤ᠂ ᠵᠥᠪ ᠣᠨᠣᠪᠴᠢᠲᠠᠢ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠠᠲᠤ ᠪᠤᠢ ᠪᠣᠯᠭᠠᠵᠤ᠂ ᠠᠵᠢᠯ᠎ᠢ ᠠᠬᠢᠭᠤᠯᠬᠤ᠂ ᠠᠰᠠᠭᠤᠳᠠᠯ᠎ᠢ ᠰᠢᠢᠳᠪᠦᠷᠢᠯᠡᠬᠦ᠎ᠪᠡᠷ ᠪᠢᠴᠢᠭ ᠮᠠᠲᠧᠷᠢᠶᠠᠯ ᠲᠠᠷᠬᠠᠭᠠᠵᠤ ᠬᠤᠷᠠᠯ ᠡᠷᠬᠢᠯᠡᠬᠦ᠎ᠶᠢᠨ ᠭᠣᠣᠯ ᠵᠣᠷᠢᠯᠭ᠎ᠠ ᠪᠣᠯᠭᠠᠵᠤ᠂ ᠪᠢᠴᠢᠭ ᠮᠠᠲᠧᠷᠢᠶᠠᠯ ᠨᠢᠭᠡᠪᠦᠷᠢ᠂ ᠮᠡᠳᠡᠭᠦᠯᠦᠯᠲᠡ ᠨᠢᠭᠡᠪᠦᠷᠢ᠎ᠶᠢ ᠴᠥᠮ ᠪᠣᠳᠠᠲᠠᠢ ᠪᠠᠢᠳᠠᠯ᠎ᠳᠤ ᠰᠠᠭᠤᠷᠢᠯᠠᠭᠤᠯᠵᠤ᠂ ᠭᠦᠨᠵᠡᠭᠡᠢ ᠰᠡᠳᠬᠢᠨ ᠪᠣᠳᠣᠯᠬᠢᠯᠠᠬᠤ᠎ᠪᠠᠷ ᠳᠠᠮᠵᠢᠭᠤᠯᠵᠤ᠂ ᠲᠤᠰᠬᠠᠢ ᠮᠡᠷᠭᠡᠵᠢᠯ᠎ᠦᠨ ᠬᠢᠷᠢ ᠲᠦᠪᠰᠢᠨ᠎ᠢ ᠢᠯᠡᠷᠡᠭᠦᠯᠵᠦ᠂ ᠪᠣᠳᠠᠲᠠᠢ ᠬᠡᠷᠡᠭᠵᠢᠭᠦᠯᠵᠦ ᠪᠣᠯᠬᠤᠢᠴᠠ ᠠᠷᠭ᠎ᠠ ᠬᠡᠮᠵᠢᠶ᠎ᠡ᠎ᠶᠢ ᠪᠠᠲᠤᠯᠠᠬᠤ ᠬᠡᠷᠡᠭᠲᠡᠢ᠃ 《 ᠪᠣᠭᠣᠨᠢ ᠪᠣᠳᠠᠲᠠᠢ ᠰᠢᠨ᠎ᠡ 》 ᠵᠣᠬᠢᠶᠠᠯ᠎ᠤᠨ ᠰᠤᠷᠲᠠᠯ᠎ᠢ ᠪᠠᠷᠢᠮᠲᠠᠯᠠᠵᠤ᠂ ᠪᠥᠬᠥ ᠲᠢᠩᠬᠢᠮ᠎ᠦᠨ ᠳᠡᠭᠡᠷ᠎ᠡ ᠳᠣᠣᠷ᠎ᠠ ᠱᠠᠲᠤᠨ᠎ᠳᠤ ᠠᠩᠬᠠᠨ᠎ᠤ ᠡᠭᠦᠳᠦᠯᠲᠡ᠎ᠶᠢ ᠡᠷᠬᠢᠮᠯᠡᠬᠦ᠂ ᠶᠠᠰᠤ ᠴᠢᠨᠠᠷ᠎ᠢ ᠴᠢᠬᠤᠯᠠᠴᠢᠯᠠᠬᠤ᠂ ᠴᠢᠩᠭ᠎ᠠ ᠨᠢᠮᠪᠠᠢ᠂ ᠨᠢᠭ᠍ᠲᠠ᠎ᠠᠴᠠ ᠨᠢᠭ᠍ᠲᠠ ᠪᠠᠢᠬᠤ ᠠᠯᠪᠠᠨ ᠪᠢᠴᠢᠭ᠎ᠢ ᠵᠣᠬᠢᠶᠠᠨ ᠪᠢᠴᠢᠬᠦ ᠰᠢᠨ᠎ᠡ ᠬᠡᠪ ᠰᠤᠷᠲᠠᠯ᠎ᠢ ᠪᠣᠶ ᠪᠣᠯᠭᠠᠵᠤ᠂ ᠪᠡᠶ᠎ᠡ᠎ᠪᠡᠨ ᠳᠠᠭᠠᠭᠠᠨ ᠰᠡᠳᠬᠢᠵᠦ ᠨᠢᠭ᠍ᠲᠠ᠎ᠠᠴᠠ ᠨᠢᠭ᠍ᠲᠠ ᠪᠠᠢᠬᠤ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ ᠪᠣᠯ ᠨᠠᠮ᠎ᠤᠨ ᠠᠵᠢᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠦᠨᠡᠨ ᠬᠦ᠌ ᠰᠠᠢᠲᠤᠷ ᠠᠳᠬᠤᠵᠤ᠂ ᠬᠥᠮᠥᠨ᠎ᠢ ᠬᠥᠲᠥᠯᠥᠨ ᠵᠢᠯᠤᠭᠣᠳᠬᠤ᠂ ᠬᠥᠮᠥᠨ᠎ᠢ ᠤᠶᠠᠷᠠᠭᠤᠯᠬᠤ᠂ ᠬᠥᠮᠥᠨ᠎ᠢ ᠨᠢᠭ᠍ᠲᠠᠷᠠᠭᠤᠯᠬᠤ᠂ ᠬᠥᠮᠥᠨ᠎ᠢ ᠬᠥᠮᠥᠵᠢᠭᠦᠯᠬᠦ᠎ᠶᠢ ᠠᠩᠬᠠᠷᠴᠤ᠂ ᠤᠯᠠᠨ ᠲᠦᠮᠡᠨᠴᠢᠯᠡᠬᠦ᠂ ᠪᠣᠳᠠᠰᠵᠢᠭᠤᠯᠬᠤ᠂ ᠨᠠᠷᠢᠯᠢᠭ᠋ ᠣᠨᠣᠴᠠᠲᠠᠢ ᠪᠣᠯᠭᠠᠬᠤ᠎ᠶᠢ ᠴᠢᠬᠤᠯᠠᠴᠢᠯᠠᠵᠤ᠂ ᠰᠢᠨ᠎ᠡ ᠮᠡᠷᠭᠡᠵᠢᠯ ᠰᠢᠨ᠎ᠡ ᠠᠷᠭ᠎ᠠ ᠪᠠᠷᠢᠯ᠎ᠢ ᠴᠢᠳᠠᠮᠠᠭᠠᠢ ᠬᠡᠷᠡᠭᠯᠡᠵᠦ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠢ ᠨᠢᠭᠡ ᠵᠦᠢᠯ᠎ᠦᠨ ᠪᠠᠢᠩᠭᠤ᠎ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠭᠠᠨ ᠴᠢᠩᠭ᠎ᠠ ᠠᠳᠬᠤᠵᠤ ᠪᠣᠳᠠᠲᠠᠢ᠎ᠪᠠᠷ ᠠᠳᠬᠤᠬᠤ ᠬᠡᠷᠡᠭᠲᠡᠢ᠃ ᠢᠯᠠᠩᠭᠤᠶ᠎ᠠ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ ᠬᠢᠬᠦ ᠳᠠᠳᠬᠠᠯ᠎ᠲᠠᠢ ᠪᠣᠯᠵᠤ᠂ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠶ᠎ᠡ᠎ᠪᠡᠷ᠎ᠢᠶᠡᠨ ᠲᠦᠷᠦᠭᠦᠯᠡᠨ ᠲᠥᠪ ᠰᠤᠷᠲᠠᠯ᠎ᠢ ᠪᠠᠳᠠᠷᠠᠭᠤᠯᠵᠤ᠂ ᠰᠢᠨ᠎ᠡ ᠰᠤᠷᠲᠠᠯ᠎ᠢ ᠪᠣᠶ ᠪᠣᠯᠭᠠᠵᠤ ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠢᠭᠠᠳ ᠨᠠᠮ᠎ᠤᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠭᠦᠯᠵᠦ ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠬᠤᠷᠠᠮᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭᠠᠨ᠎ᠤ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠥᠬᠥ ᠣᠷᠣᠨ᠎ᠤ ᠬᠥᠭᠵᠢᠯᠲᠡ᠎ᠶᠢᠨ ᠪᠠᠢᠳᠠᠯ᠎ᠢ ᠮᠠᠭᠠᠳᠯᠠᠬᠤ ᠪᠠ ᠲᠣᠭᠲᠠᠭᠠᠭᠰᠠᠨ ᠬᠠᠷᠠᠯᠲᠠᠲᠤ ᠡᠭᠦᠷᠭᠡ᠂ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠣᠨᠣᠪᠴᠢᠲᠠᠶ ᠡᠵᠡᠮᠳᠡᠵᠦ ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠲᠡᠷᠡ ᠬᠡᠪ᠎ᠢᠶᠡᠷ ᠨᠢ ᠰᠠᠢᠲᠤᠷ ᠠᠳᠬᠤᠵᠤ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ ᠭᠠᠵᠠᠷ 》᠂ 《 ᠨᠢᠭᠡ ᠪᠡᠬᠢᠯᠡᠯᠲᠡ》᠎ᠶᠢᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠨ ᠲᠤᠯᠭᠠᠭᠤᠷᠢᠯᠠᠬᠤ᠎ᠳᠤ ᠤᠰᠤᠨ᠎ᠤ ᠠᠮᠤᠷ ᠲᠦᠪᠰᠢᠨ᠎ᠦ ᠬᠦᠴᠦᠲᠡᠢ ᠪᠠᠲᠤᠯᠠᠭ᠎ᠠ᠎ᠶᠢ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ ( ᠥᠷᠭᠡᠳᠬᠡᠭᠰᠡᠨ)᠎ᠤᠨ ᠪᠦᠷᠢᠯᠳᠦᠭᠦᠨ ᠰᠤᠷᠤᠯᠴᠠᠯᠭ᠎ᠠ᠎ᠳᠤ ᠣᠷᠣᠯᠴᠠᠪᠠ᠃