ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠯᠪᠣᠭᠳᠠᠭᠰᠠᠨ 9 ᠵᠦᠢᠯ᠎ᠦᠨ ᠮᠡᠷᠭᠡᠵᠢᠯ ᠤᠯᠤᠰ᠎ᠠᠴᠠ ᠵᠣᠷᠢᠭ᠍ᠵᠢᠭᠤᠯᠬᠤ ᠠᠵᠤ ᠦᠢᠯᠡᠳᠪᠦᠷᠢ᠎ᠶᠢᠨ ᠤᠰᠤ ᠠᠷᠪᠢᠯᠠᠬᠤ ᠰᠢᠨ᠎ᠡ ᠨᠡᠷᠡᠰ᠎ᠦᠨ ᠵᠢᠭ᠍ᠰᠠᠭᠠᠯᠲᠠ᠎ᠳᠦ ᠰᠣᠩᠭᠣᠭᠳᠠᠪᠠ
ᠨᠡᠶ᠋ᠢᠲᠡᠯᠡᠭᠰᠡᠨ ᠴᠠᠭ᠄ 2025-12-03

      ᠲᠡᠷᠢᠭᠦᠨ᠎ᠦ ᠤᠰᠤ ᠠᠷᠪᠢᠯᠠᠬᠤ ᠤᠷᠠᠯᠠᠯ᠂ ᠮᠡᠷᠭᠡᠵᠢᠯ᠂ ᠲᠣᠨᠣᠭ ᠲᠥᠬᠦᠭᠡᠷᠦᠮᠵᠢ᠎ᠶᠢ ᠰᠤᠳᠤᠯᠤᠨ ᠨᠡᠭᠡᠭᠡᠬᠦ ᠪᠠ ᠬᠡᠷᠡᠭᠯᠡᠵᠦ ᠳᠡᠯᠭᠡᠷᠡᠭᠦᠯᠬᠦ᠎ᠶᠢ ᠲᠦᠷᠭᠡᠳᠬᠡᠵᠦ᠂ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠣᠢᠷ᠎ᠠ᠎ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠤᠰᠤᠨ ᠠᠰᠢᠭ᠍ᠯᠠᠯᠲᠠ᠎ᠶᠢᠨ ᠶᠠᠮᠤᠨ ᠬᠠᠮᠲᠤᠷᠠᠨ 《 ᠤᠯᠤᠰ᠎ᠠᠴᠠ  ᠵᠣᠷᠢᠭ᠍ᠵᠢᠭᠤᠯᠬᠤ ᠠᠵᠤ ᠦᠢᠯᠡᠳᠪᠦᠷᠢ᠎ᠶᠢᠨ ᠤᠰᠤ ᠠᠷᠪᠢᠯᠠᠬᠤ ᠤᠷᠠᠯᠠᠯ᠂ ᠮᠡᠷᠭᠡᠵᠢᠯ ᠪᠠ ᠲᠣᠨᠣᠭ ᠲᠥᠬᠦᠭᠡᠷᠦᠮᠵᠢ᠎ᠶᠢᠨ ᠭᠠᠷᠴᠠᠭ ( 2025 ᠣᠨ᠎ᠤ ᠬᠡᠪᠯᠡᠯ ) 》᠎ᠢ ᠨᠡᠢᠲᠡᠯᠡᠪᠡ᠃ ᠲᠤᠰ ᠭᠠᠷᠴᠠᠭ᠎ᠲᠤ ᠨᠡᠢᠲᠡᠴᠢ ᠴᠢᠨᠠᠷᠲᠠᠢ ᠨᠡᠢᠳᠡᠮ ᠬᠡᠷᠡᠭᠯᠡᠭᠡᠨ᠎ᠦ ᠮᠡᠷᠭᠡᠵᠢᠯ ᠪᠣᠯᠣᠨ ᠪᠣᠯᠣᠳ ᠲᠡᠮᠦᠷ᠂ ᠴᠢᠯᠠᠭᠤᠨ ᠲᠣᠰᠣᠨ᠎ᠤ ᠬᠢᠮᠢ᠎ᠶᠢᠨ ᠠᠵᠤ ᠦᠢᠯᠡᠳᠪᠦᠷᠢ᠂ ᠨᠡᠬᠡᠮᠡᠯ᠎ᠦᠨ ᠳᠠᠷᠤᠮᠠᠯᠯᠠᠨ ᠪᠤᠳᠤᠬᠤ᠂ ᠴᠠᠭᠠᠰᠤ ᠬᠢᠬᠦ᠂ ᠢᠳᠡᠭᠡᠨ᠂ ᠥᠩᠭᠡᠲᠦ ᠲᠡᠮᠦᠷᠯᠢᠭ᠂ ᠨᠡᠭᠦᠷᠡᠰᠦ᠂ ᠴᠠᠬᠢᠯᠭᠠᠨ ᠬᠦᠴᠦ ᠵᠡᠷᠭᠡ 13 ᠠᠵᠢᠯ ᠲᠥᠷᠥᠯ᠎ᠦᠨ ᠬᠦᠷᠢᠶ᠎ᠡ ᠴᠠᠷᠠᠭ᠎ᠠ᠎ᠶᠢ ᠬᠠᠮᠤᠷᠴᠠᠢ᠃ ᠲᠡᠷᠢᠭᠦᠨ᠎ᠦ ᠤᠰᠤ ᠠᠷᠪᠢᠯᠠᠬᠤ ᠭᠠᠷ ᠤᠷᠠᠯᠠᠯ᠎ᠤᠨ ᠮᠡᠷᠭᠡᠵᠢᠯ᠎ᠢ ᠨᠡᠶ᠋ᠢᠲᠡ 150 ᠵᠦᠢᠯ ᠰᠢᠩᠭᠡᠬᠡᠨ ᠠᠪᠴᠤ᠂ ᠡᠭᠦᠨ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠯᠪᠣᠭᠳᠠᠭᠰᠠᠨ 9 ᠵᠦᠢᠯ᠎ᠦᠨ ᠮᠡᠷᠭᠡᠵᠢᠯ᠎ᠦᠨ ᠦᠷ᠎ᠡ ᠪᠦᠲᠦᠭᠡᠯ ᠰᠣᠩᠭᠣᠭᠳᠠᠪᠠ᠂ ᠡᠭᠦᠨ᠎ᠳᠦ ᠮᠠᠨ᠎ᠤ ᠣᠷᠣᠨ᠎ᠤ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠪᠥᠭᠡᠳ ᠠᠩᠬ᠎ᠠ ᠤᠳᠠᠭ᠎ᠠ ᠬᠡᠷᠡᠭᠯᠡᠭᠰᠡᠨ ᠲᠡᠷᠢᠭᠦᠨ᠎ᠦ ᠮᠡᠷᠭᠡᠵᠢᠯ᠎ᠢ ᠪᠠᠭᠲᠠᠭᠠᠬᠤ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠶᠢᠨ ᠮᠤᠵᠢ᠎ᠶᠢᠨ ᠭᠠᠳᠠᠨᠠᠬᠢ ᠪᠦᠷᠢᠯᠳᠦᠭᠦᠨ ᠨᠢᠭᠡᠴᠢ᠎ᠶᠢᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠪᠠᠭᠲᠠᠭᠠᠵᠤ᠂ ᠮᠠᠨ᠎ᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠤᠰᠤ ᠠᠷᠪᠢᠯᠠᠬᠤ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠶᠡᠬᠡ᠎ᠪᠡᠷ ᠲᠦᠯᠬᠢᠨ ᠠᠬᠢᠭᠤᠯᠤᠭᠰᠠᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ᠎ᠶᠢ ᠲᠥᠪᠯᠡᠷᠡᠩᠭᠦᠢ ᠬᠠᠷᠠᠭᠤᠯᠪᠠ᠃
      ᠡᠨᠡ ᠵᠢᠯ᠎ᠡᠴᠡ ᠨᠠᠭᠠᠰᠢ᠂ ᠤᠰᠤ ᠠᠷᠪᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠤᠰᠤ ᠠᠷᠪᠢᠯᠠᠬᠤ ᠠᠵᠤ ᠦᠢᠯᠡᠰ᠎ᠦᠨ ᠡᠬᠢ ᠪᠠᠶᠠᠯᠢᠭ᠋᠎ᠢ ᠨᠡᠩ ᠰᠠᠢᠨ ᠡᠮᠬᠢᠯᠡᠨ ᠨᠡᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠥᠭᠵᠢᠯᠲᠡ᠎ᠳᠦ ᠰᠠᠢᠨ ᠰᠠᠭᠤᠷᠢ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠶᠢ ᠲᠦᠷᠦᠭᠦᠯᠡᠨ ᠪᠠᠢᠭᠤᠯᠵᠤ᠂ ᠠᠵᠢᠯ ᠲᠥᠷᠥᠯ᠎ᠦᠨ ᠰᠠᠯᠠᠭ᠎ᠠ ᠮᠥᠴᠢᠷ᠂ ᠮᠥᠩᠭᠥᠨ ᠭᠦᠢᠯᠭᠡᠭᠡ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠡᠯ᠎ᠡ ᠲᠠᠯ᠎ᠠ᠎ᠶᠢᠨ ᠬᠦᠴᠦᠨ᠎ᠢ ᠵᠣᠬᠢᠴᠠᠭᠤᠯᠤᠨ ᠭᠦᠨᠵᠡᠭᠡᠢ ᠣᠷᠣᠯᠴᠠᠭᠤᠯᠵᠤ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠤᠰᠤ ᠠᠷᠪᠢᠯᠠᠬᠤ ᠲᠡᠷᠢᠭᠦᠨ᠎ᠦ ᠬᠡᠷᠡᠭᠯᠡᠭᠡᠨ᠎ᠦ ᠮᠡᠷᠭᠡᠵᠢᠯ᠎ᠦᠨ ᠲᠣᠨᠣᠭᠯᠠᠯ᠎ᠢ ᠳᠡᠯᠭᠡᠷᠡᠭᠦᠯᠦᠨ ᠬᠡᠷᠡᠭᠯᠡᠬᠦ ᠎ᠶᠢ ᠲᠦᠷᠭᠡᠳᠬᠡᠵᠦ᠂ 《 ᠤᠰᠤ ᠠᠷᠪᠢᠯᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》 《 ᠤᠰᠤ ᠲᠠᠲᠠᠬᠤ ᠵᠢᠭᠡᠯᠡᠯᠭᠡ 》 ᠵᠡᠷᠭᠡ ᠵᠦᠢ ᠶᠣᠰᠣᠨ᠎ᠤ ᠮᠥᠩᠭᠥᠨ ᠭᠦᠢᠯᠭᠡᠭᠡᠨ᠎ᠦ ᠦᠢᠯᠡᠴᠢᠯᠡᠭᠡ ᠪᠠ ᠭᠡᠷᠡᠲᠦ ᠤᠰᠤ ᠠᠷᠪᠢᠯᠠᠬᠤ ᠬᠠᠮᠢᠶᠠᠷᠤᠯᠲᠠ ᠵᠡᠷᠭᠡ ᠰᠢᠨ᠎ᠡ ᠬᠡᠯᠪᠡᠷᠢ᠎ᠶᠢᠨ ᠵᠠᠬ᠎ᠠ ᠳᠡᠯᠭᠡᠭᠦᠷᠴᠢᠯᠡᠭᠰᠡᠨ ᠤᠰᠤ ᠠᠷᠪᠢᠯᠠᠬᠤ ᠵᠠᠭᠪᠤᠷ᠎ᠢ ᠪᠥᠬᠥ ᠲᠠᠯ᠎ᠠ᠎ᠪᠠᠷ ᠠᠬᠢᠭᠤᠯᠵᠤ᠂ 《 ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠵᠠᠬ᠎ᠠ ᠳᠡᠯᠭᠡᠭᠦᠷ᠎ᠢᠶᠡᠷ ᠬᠥᠳᠡᠯᠭᠡᠭᠦᠷ ᠪᠣᠯᠭᠠᠬᠤ᠂ ᠮᠡᠷᠭᠡᠵᠢᠯ᠎ᠢᠶᠡᠷ ᠲᠤᠯᠭᠠᠭᠤᠷᠢᠯᠠᠭᠤᠯᠬᠤ᠂ ᠮᠥᠩᠭᠥᠨ ᠭᠦᠢᠯᠭᠡᠭᠡᠨ᠎ᠢᠶᠡᠷ ᠪᠠᠲᠤᠯᠠᠬᠤ 》 ᠳᠥᠷᠪᠡ᠎ᠶᠢ ᠨᠢᠭᠡ ᠴᠣᠭᠴᠠᠵᠢᠭᠤᠯᠤᠭᠰᠠᠨ ᠤᠰᠤ ᠠᠷᠪᠢᠯᠠᠬᠤ ᠠᠵᠤ ᠦᠢᠯᠡᠰ᠎ᠦᠨ ᠠᠮᠢ ᠠᠬᠤᠢ᠎ᠶᠢᠨ ᠰᠢᠰᠲᠧᠮᠵᠢ᠎ᠶᠢ ᠪᠠᠢᠭᠤᠯᠵᠤ᠂ ᠭᠥᠸᠧ ᠨᠧᠩ ᠪᠤᠭᠤᠲᠤ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠵᠦᠩ ᠶᠠᠨ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠨᠡᠭᠡᠭᠡᠯᠲᠡ᠎ᠲᠠᠢ ᠣᠷᠴᠢᠯ ᠤᠰᠤᠨ᠎ᠤ ᠵᠠᠩᠭᠢᠯᠠᠭ᠎ᠠ᠎ᠶᠢᠨ ᠮᠡᠷᠭᠡᠵᠢᠯ ᠵᠡᠷᠭᠡ ᠨᠢᠭᠡ ᠪᠦᠯᠦᠭ ᠠᠵᠤ ᠦᠢᠯᠡᠳᠪᠦᠷᠢ᠎ᠶᠢᠨ ᠬᠦᠷᠢᠶᠡᠨ᠎ᠳᠡᠬᠢ ᠤᠰᠤ ᠠᠷᠪᠢᠯᠠᠬᠤ ᠭᠣᠣᠯᠳᠠᠯᠭ᠎ᠠ᠎ᠲᠠᠢ ᠲᠥᠷᠥᠯ ᠵᠦᠢᠯ᠎ᠢ ᠪᠠᠢᠳᠠᠯ ᠳ᠋ᠤᠨᠢ ᠵᠣᠬᠢᠴᠠᠭᠤᠯᠤᠨ ᠡᠬᠢᠯᠡᠭᠦᠯᠵᠦ᠂ ᠤᠰᠤ ᠠᠷᠪᠢᠯᠠᠬᠤ ᠠᠵᠤ ᠦᠢᠯᠡᠰ᠎ᠦᠨ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ ᠪᠠ ᠤᠰᠤ ᠠᠷᠪᠢᠯᠠᠬᠤ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠪᠡ᠃
      ᠮᠠᠨ᠎ᠤ ᠣᠷᠣᠨ᠎ᠤ ᠡᠨᠡ ᠤᠳᠠᠭ᠎ᠠ᠎ᠶᠢᠨ ᠤᠯᠤᠰ᠎ᠤᠨ ᠰᠢᠨ᠎ᠡ ᠭᠠᠷᠴᠠᠭ᠎ᠲᠤ ᠰᠣᠩᠭᠣᠭᠳᠠᠭᠰᠠᠨ ᠮᠡᠷᠭᠡᠵᠢᠯ᠎ᠦᠨ ᠦᠷ᠎ᠡ ᠪᠦᠲᠦᠭᠡᠯ ᠨᠢ ᠣᠷᠴᠢᠯ ᠤᠰᠤ᠎ᠶᠢ ᠬᠥᠷᠥᠭᠡᠬᠦ ᠵᠢᠴᠢ ᠡᠭᠡᠭᠦᠯᠦᠨ ᠬᠤᠷᠢᠶᠠᠵᠤ ᠠᠰᠢᠭ᠍ᠯᠠᠬᠤ ᠮᠡᠷᠭᠡᠵᠢᠯ᠂ ᠡᠩ᠎ᠦᠨ ᠪᠤᠰᠤ ᠤᠰᠤ᠎ᠶᠢ ᠠᠰᠢᠭ᠍ᠯᠠᠬᠤ ᠮᠡᠷᠭᠡᠵᠢᠯ ᠵᠡᠷᠭᠡ ᠠᠵᠤ ᠦᠢᠯᠡᠳᠪᠦᠷᠢ᠎ᠶᠢᠨ ᠤᠰᠤ ᠠᠷᠪᠢᠯᠠᠬᠤ ᠣᠯᠠᠨ ᠭᠣᠣᠯ ᠬᠦᠷᠢᠶ᠎ᠡ᠂ ᠵᠠᠩᠭᠢᠯᠠᠭ᠎ᠠ᠎ᠶᠢᠨ ᠭᠣᠭᠴᠣᠭ᠎ᠠ᠎ᠳᠤ ᠬᠣᠯᠪᠣᠭᠳᠠᠵᠤ᠂ ᠮᠠᠨ᠎ᠤ ᠣᠷᠣᠨ᠎ᠤ ᠠᠵᠤ ᠦᠢᠯᠡᠳᠪᠦᠷᠢ᠎ᠶᠢᠨ ᠤᠰᠤ ᠠᠷᠪᠢᠯᠠᠬᠤ ᠬᠦᠷᠢᠶᠡᠨ᠎ᠳᠡᠬᠢ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠳᠡᠯᠭᠡᠨ ᠦᠵᠡᠭᠦᠯᠦᠭᠰᠡᠨ᠎ᠢᠶᠡᠷ ᠪᠠᠷᠠᠬᠤ ᠦᠭᠡᠢ᠂ ᠪᠠᠰᠠ ᠪᠥᠬᠥ ᠣᠷᠣᠨ᠎ᠤ ᠤᠰᠤ ᠶᠡᠬᠡ ᠬᠣᠷᠣᠭᠳᠠᠭᠤᠯᠬᠤ ᠠᠵᠢᠯ ᠲᠥᠷᠥᠯ᠎ᠦᠨ ᠤᠰᠤ ᠠᠷᠪᠢᠯᠠᠬᠤ ᠥᠭᠡᠷᠡᠴᠢᠯᠡᠯᠲᠡ᠎ᠳᠦ ᠨᠠᠩ ᠣᠯᠠᠨ ᠯᠠᠪᠯᠠᠯᠲᠠ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ᠎ᠢ ᠬᠠᠩᠭᠠᠵᠤ᠂ ᠪᠥᠬᠥ ᠣᠷᠣᠨ᠎ᠤ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            