ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ 《 ᠭᠤᠷᠪᠠ᠎ᠶᠢ ᠪᠠᠷᠢᠮᠵᠢᠶᠠᠯᠠᠵᠤ᠂ ᠨᠢᠭᠡ᠎ᠶᠢ ᠲᠥᠯᠥᠪᠵᠢᠭᠦᠯᠬᠦ 》 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-12-03

      11 ᠳ᠋ᠦ᠍ᠭᠡᠷ ᠰᠠᠷ᠎ᠠ᠎ᠶᠢᠨ 28᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ 《 ᠭᠤᠷᠪᠠ᠎ᠶᠢ ᠪᠠᠷᠢᠮᠵᠢᠶᠠᠯᠠᠵᠤ᠂ ᠨᠢᠭᠡ᠎ᠶᠢ ᠲᠥᠯᠥᠪᠵᠢᠭᠦᠯᠬᠦ 》 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠤᠷᠠᠯ ᠬᠤᠷᠠᠯᠳᠤᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ᠎ᠶᠢᠨ ᠲᠠᠯ᠎ᠠ᠎ᠪᠠᠷ ᠪᠠᠷᠢᠮᠵᠢᠶᠠᠯᠠᠬᠤ᠂ ᠰᠡᠳᠬᠢᠴᠡ᠎ᠶᠢᠨ ᠲᠠᠯ᠎ᠠ᠎ᠪᠠᠷ ᠪᠠᠷᠢᠮᠵᠢᠶᠠᠯᠠᠬᠤ᠂ ᠡᠭᠦᠷᠭᠡ᠎ᠶᠢᠨ ᠲᠠᠯ᠎ᠠ᠎ᠪᠠᠷ ᠪᠠᠷᠢᠮᠵᠢᠶᠠᠯᠠᠬᠤ ᠠᠵᠢᠯ ᠎ᠢ ᠬᠢᠨᠠᠮᠠᠭᠠᠢ ᠥᠷᠨᠢᠭᠦᠯᠵᠦ᠂ ᠤᠰᠤᠨ ᠠᠰᠢᠭ᠍ᠯᠠᠯᠲᠠ᠎ᠶᠢᠨ ᠠᠵᠢᠯ᠎ᠢ ᠢᠮᠠᠭᠲᠠ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ ᠤᠷᠤᠭᠰᠢᠯᠠᠭᠤᠯᠬᠤ᠎ᠶᠢ ᠦᠨᠡᠨ ᠬᠦ᠌ ᠪᠠᠲᠤᠯᠠᠵᠤ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠤᠰᠤᠨ ᠠᠰᠢᠭ᠍ᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ ᠬᠡᠷᠡᠭᠵᠢᠭᠦᠯᠬᠦ ᠪᠦᠬᠦ ᠶᠠᠪᠤᠴᠠ᠎ᠶᠢᠨ ᠡᠯ᠎ᠡ ᠲᠠᠯ᠎ᠠ᠎ᠳᠤ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠴᠧᠨ ᠮᠢᠨ᠂ ᠯᠢᠦ ᠳ᠋ᠦᠩ ᠱᠦᠨ᠂ ᠸᠠᠩ ᠪᠦᠦ ᠧᠨ ᠬᠤᠷᠠᠯ᠎ᠳᠤ ᠣᠷᠣᠯᠴᠠᠪᠠ᠃
      ᠯᠢ ᠭᠦᠸᠧ ᠶᠢᠩ᠂ ᠶᠡᠷᠦᠩᠬᠡᠢ ᠱᠦᠵᠢ ᠰᠢ᠎ᠶᠢᠨ ᠫᠢᠩ᠎ᠤᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ 《 ᠰᠠᠨᠠᠭᠤᠯᠭ᠎ᠠ 》᠎ᠶᠢ ᠪᠦᠷᠢᠨ ᠪᠦᠲᠦᠨ ᠣᠨᠣᠪᠴᠢᠲᠠᠶ ᠪᠥᠬᠥ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ᠎ᠶᠢᠨ ᠲᠠᠯ᠎ᠠ᠎ᠪᠠᠷ ᠪᠠᠷᠢᠮᠵᠢᠶᠠᠯᠠᠬᠤ᠎ᠶᠢ ᠭᠦᠨᠵᠡᠭᠡᠢ ᠥᠷᠨᠢᠭᠦᠯᠦᠨ ᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠶᠡᠬᠡ ᠲᠠᠯ᠎ᠠ᠎ᠶᠢᠨ ᠳᠤᠮᠳᠠ ᠤᠰᠤᠨ ᠠᠰᠢᠭ᠍ᠯᠠᠯᠲᠠ᠎ᠶᠢᠨ ᠠᠵᠢᠯ᠎ᠤᠨ ᠪᠠᠢᠷᠢ ᠲᠣᠭᠲᠠᠭᠠᠯᠲᠠ ᠪᠠ ᠴᠢᠭᠯᠡᠯ᠎ᠢ ᠤᠬᠠᠮᠰᠠᠷ᠎ᠠᠴᠠ᠎ᠪᠠᠨ ᠣᠨᠣᠪᠴᠢᠲᠠᠶ ᠡᠷᠢᠵᠦ ᠣᠯᠬᠤ ᠬᠡᠷᠡᠭᠲᠡᠢ ᠃ ᠰᠡᠳᠬᠢᠴᠡ᠎ᠶᠢᠨ ᠲᠠᠯ᠎ᠠ᠎ᠪᠠᠷ ᠪᠠᠷᠢᠮᠵᠢᠶᠠᠯᠠᠬᠤ ᠠᠵᠢᠯ᠎ᠢ ᠭᠦᠨᠵᠡᠭᠡᠢ ᠥᠷᠨᠢᠭᠦᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠮᠵᠢ᠎ᠶᠢ ᠤᠷᠲᠤ ᠬᠤᠭᠤᠴᠠᠭ᠎ᠠ᠎ᠪᠠᠷ ᠦᠢᠯᠡᠳᠦᠯᠭᠡᠵᠢᠭᠦᠯᠵᠦ᠂ ᠭᠣᠣᠯ ᠴᠢᠮᠦᠭᠡ᠎ᠶᠢ ᠨᠢ ᠨᠡᠪᠲᠡ ᠣᠢᠯᠠᠭᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠦ ᠬᠠᠷᠠᠯᠲᠠ᠎ᠶᠢ ᠪᠠᠲᠤᠯᠠᠵᠤ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠬᠠᠮᠠᠭᠠᠯᠠᠵᠤ ᠵᠠᠰᠠᠬᠤ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠪᠡᠷ ᠴᠢᠷᠮᠠᠢᠬᠤ ᠬᠡᠷᠡᠭᠲᠡᠢ᠃ ᠡᠭᠦᠷᠭᠡ᠎ᠶᠢᠨ ᠲᠠᠯ᠎ᠠ᠎ᠪᠠᠷ ᠪᠠᠷᠢᠮᠵᠢᠶᠠᠯᠠᠬᠤ ᠠᠵᠢᠯ᠎ᠢ ᠬᠦᠨᠵᠡᠭᠡᠢᠢ ᠥᠷᠨᠢᠭᠦᠯᠵᠦ ᠂ 《 ᠰᠠᠨᠠᠭᠤᠯᠭ᠎ᠠ 》᠎ᠶᠢᠨ ᠤᠰᠤᠨ ᠠᠰᠢᠭ᠍ᠯᠠᠯᠲᠠ᠎ᠳᠤ ᠬᠣᠯᠪᠣᠭᠳᠠᠬᠤ ᠡᠯ᠎ᠡ ᠵᠦᠢᠯ᠎ᠦᠨ ᠡᠭᠦᠷᠭᠡ᠎ᠶᠢ ᠰᠢᠰᠲᠧᠮ᠎ᠲᠠᠢ ᠡᠮᠬᠢᠯᠡᠨ᠂ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠤᠰᠤᠨ ᠠᠰᠢᠭ᠍ᠯᠠᠯᠲᠠ᠎ᠶᠢᠨ ᠡᠭᠦᠷᠭᠡᠯᠡᠵᠦ ᠪᠠᠢᠭ᠎ᠠ ᠡᠭᠦᠷᠭᠡ᠎ᠶᠢ ᠣᠨᠣᠪᠴᠢᠲᠠᠶ ᠣᠢᠯᠠᠭᠠᠵᠤ᠂ ᠬᠠᠷᠠᠯᠲᠠ᠎ᠶᠢ ᠲᠣᠳᠣᠷᠬᠠᠢ ᠡᠵᠡᠮᠳᠡᠨ᠂ ᠠᠷᠭ᠎ᠠ ᠬᠡᠮᠵᠢᠶ᠎ᠡ᠎ᠶᠢ ᠪᠣᠳᠠᠲᠠᠢ ᠲᠣᠭᠲᠠᠭᠠᠵᠤ᠂ ᠬᠦᠷᠢᠶ᠎ᠡ ᠴᠠᠷᠠᠭ᠎ᠠ ᠳᠠᠷᠠᠭᠠᠯᠠᠨ ᠵᠢᠯ ᠳᠠᠷᠠᠭᠠᠯᠠᠨ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ᠎ᠶᠢ ᠲᠣᠭᠲᠠᠭᠠᠵᠤ ᠂ 《 ᠰᠠᠨᠠᠭᠤᠯᠭ᠎ᠠ 》᠎ᠳᠤ ᠲᠣᠳᠣᠷᠬᠠᠢᠯᠠᠭᠰᠠᠨ ᠡᠯ᠎ᠡ ᠵᠦᠢᠯ᠎ᠦᠨ ᠤᠰᠤᠨ ᠠᠰᠢᠭ᠍ᠯᠠᠯᠲᠠ᠎ᠶᠢᠨ ᠡᠭᠦᠷᠭᠡ᠎ᠶᠢ ᠴᠠᠭ ᠲᠤᠬᠠᠢ ᠳ᠋ᠤᠨᠢ ᠴᠢᠨᠠᠷ᠎ᠢ ᠪᠠᠲᠤᠯᠠᠨ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠯᠢ ᠭᠦᠸᠧ ᠶᠢᠩ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ ᠠᠰᠢᠭ᠍ᠯᠠᠯᠲᠠ᠎ᠶᠢᠨ ᠡᠯ᠎ᠡ ᠬᠦᠷᠢᠶᠡᠨ᠎ᠦ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠪᠠᠢᠷᠢ ᠲᠣᠭᠲᠠᠭᠠᠯᠲᠠ ᠨᠢ ᠣᠨᠣᠪᠴᠢᠲᠠᠢ᠂ ᠵᠠᠭᠠᠭ ᠱᠤᠭᠤᠮ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠥᠪᠦᠷᠢᠯᠡᠭᠰᠡᠨ᠂ ᠨᠢᠭᠡᠳᠦᠯᠲᠡᠢ ᠵᠣᠯᠭᠠᠯᠳᠤᠭᠰᠠᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠰᠢᠰᠲᠧᠮ᠎ᠢ ᠪᠦᠷᠢᠯᠳᠦᠭᠦᠯᠬᠦ ᠬᠡᠷᠡᠭᠲᠡᠢ᠃ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ ᠪᠣᠯᠣᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢᠨ ᠰᠢᠰᠲᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠬᠤᠯᠠᠴᠢᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠡ ᠬᠤᠷᠠᠯ᠎ᠤᠨ ᠬᠠᠷᠠᠯᠲᠠ ᠡᠭᠦᠷᠭᠡ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠴᠢᠬᠤᠯᠠ ᠪᠢᠴᠢᠭ ᠮᠠᠲᠧᠷᠢᠶᠠᠯ ᠵᠢᠴᠢ ᠴᠢᠬᠤᠯᠠ ᠲᠥᠯᠦᠪᠵᠢᠭᠦᠯᠭᠡ ᠯᠦ᠍ᠭᠡ᠎ᠶᠢᠨ ᠵᠣᠯᠭᠠᠯᠴᠠᠭ᠎ᠠ᠎ᠶᠢ ᠴᠢᠩᠭᠠᠳᠬᠠᠵᠤ᠂ ᠬᠠᠷᠠᠯᠲᠠ᠎ᠶᠢᠨ ᠵᠣᠬᠢᠴᠠᠯᠳᠤᠨ ᠨᠢᠭᠡᠳᠬᠦ᠂ ᠲᠦᠷᠦ᠎ᠶᠢᠨ ᠪᠣᠳᠣᠯᠭ᠎ᠠ᠎ᠶᠢᠨ ᠢᠵᠢᠯ ᠴᠢᠭᠯᠡᠯ᠎ᠢᠶᠡᠷ ᠬᠦᠴᠦᠯᠡᠬᠦ᠂ ᠠᠷᠭ᠎ᠠ ᠬᠡᠮᠵᠢᠶ᠎ᠡ᠎ᠶᠢᠨ ᠵᠣᠬᠢᠴᠠᠯᠳᠤᠨ ᠬᠣᠯᠪᠣᠯᠳᠤᠬᠤ᠎ᠶᠢ ᠪᠠᠲᠤᠯᠠᠬᠤ ᠬᠡᠷᠡᠭᠲᠡᠢ᠃ ᠲᠥᠯᠦᠪᠵᠢᠭᠦᠯᠭᠡ᠎ᠶᠢᠨ ᠡᠭᠦᠷᠭᠡ᠎ᠶᠢᠨ ᠡᠬᠡ ᠳᠠᠩᠰᠠ ᠎ᠶᠢ ᠪᠠᠢᠭᠤᠯᠵᠤ᠂ ᠨᠠᠷᠢᠨ ᠬᠠᠭᠤᠳᠠᠰᠤ᠎ᠶᠢᠨ ᠬᠠᠮᠢᠶᠠᠷᠤᠯᠲᠠ᠎ᠶᠢ ᠬᠡᠷᠡᠭᠵᠢᠭᠦᠯᠵᠦ᠂ 《 ᠪᠠᠷᠢᠮᠵᠢᠶ᠎ᠠ ᠂ ᠲᠥᠯᠦᠪᠵᠢᠭᠦᠯᠭᠡ᠂ ᠲᠥᠷᠥᠯ ᠵᠦᠢᠯ᠂ ᠲᠥᠷᠥᠯ ᠵᠦᠢᠯ ᠲᠣᠭᠲᠠᠭᠠᠬᠤ᠂ ᠪᠦᠲᠦᠭᠡᠨ ᠪᠠᠶ᠋ᠢᠭᠤᠯᠬᠤ ᠂ ᠦᠨᠡᠯᠡᠬᠦ 》 ᠵᠢᠷᠭᠤᠭᠠᠨ ᠵᠠᠩᠭᠢᠯᠠᠭ᠎ᠠ᠎ᠶᠢ ᠰᠠᠢᠲᠤᠷ ᠠᠳᠬᠤᠵᠤ᠂ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ ᠪᠠᠢᠳᠠᠯ᠎ᠢ ᠬᠥᠳᠡᠯᠦᠩᠭᠦᠢ᠎ᠪᠡᠷ ᠬᠢᠨᠠᠨ ᠬᠡᠮᠵᠢᠬᠦ ᠪᠠ ᠦᠨᠡᠯᠡᠨ ᠵᠢᠱ᠌ᠢᠬᠦ᠎ᠶᠢ ᠰᠠᠢᠲᠤᠷ ᠬᠢᠵᠦ᠂ ᠮᠥᠷᠳᠡᠵᠦ ᠱᠠᠯᠠᠪᠳᠠᠭᠤᠯᠤᠨ ᠭᠦᠢᠴᠡᠳᠬᠡᠬᠦ᠎ᠶᠢ ᠴᠢᠩᠭᠠᠳᠬᠠᠨ᠂ ᠲᠥᠯᠦᠪᠵᠢᠭᠦᠯᠭᠡ᠎ᠶᠢᠨ ᠡᠯ᠎ᠡ ᠵᠦᠢᠯ᠎ᠦᠨ ᠬᠠᠷᠠᠯᠲᠠᠲᠤ ᠡᠭᠦᠷᠭᠡ᠎ᠶᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠵᠤ᠂ ᠲᠡᠷᠡ ᠶᠣᠰᠣᠭᠠᠷ ᠨᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ᠎ᠪᠡᠨ ᠦᠵᠡᠬᠦᠯᠬᠦ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            