2025 ᠣᠨ᠎ᠤ 11 ᠳ᠋ᠦ᠍ᠭᠡᠷ ᠰᠠᠷ᠎ᠠ᠎ᠶᠢᠨ 11᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《 〈 ᠠᠷᠪᠠᠨ ᠳᠥᠷᠪᠡᠳᠦᠭᠡᠷ ᠲᠠᠪᠤᠨ ᠵᠢᠯ 〉᠎ᠤᠨ ᠲᠥᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠤᠶ᠎ᠠ 》 ᠭᠡᠬᠦ ᠰᠢᠷᠢᠰ ᠭᠣᠣᠯ ᠰᠡᠳᠦᠪᠲᠦ 《 ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠠᠲᠤ ᠬᠦᠴᠦᠨ᠎ᠢ ᠪᠠᠲᠤᠯᠠᠵᠤ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠶ᠎ᠠ 》 ᠭᠡᠬᠦ ᠲᠤᠰᠬᠠᠢ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃
《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠭᠰᠠᠨ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ᠎ᠶᠢᠨ ᠰᠢᠰᠲᠧᠮ᠎ᠢ ᠲᠦᠷᠭᠡᠨ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ᠂ ᠤᠰᠤ ᠬᠠᠩᠭᠠᠬᠤ᠎ᠶᠢ ᠪᠠᠲᠤᠯᠠᠬᠤ᠂ ᠤᠰᠤᠨ᠎ᠤ ᠠᠮᠢ ᠠᠬᠤᠢ᠎ᠶᠢ ᠬᠠᠮᠠᠭᠠᠯᠠᠬᠤ ᠪᠠ ᠰᠡᠷᠭᠦᠭᠡᠬᠦ ᠵᠡᠷᠭᠡ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠷᠠᠭᠳᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠵᠡᠢ᠃
ᠳᠣᠣᠷ᠎ᠠ᠂ ᠨᠠᠢᠵᠠ ᠨᠠᠷ ᠤᠮᠠᠷᠠᠲᠤ᠎ᠶᠢᠨ ᠡᠬᠡ ᠭᠠᠵᠠᠷ᠎ᠤᠨ ᠤᠰᠤᠨ ᠠᠰᠢᠭ᠍ᠯᠠᠯᠲᠠ᠎ᠶᠢᠨ ᠦᠢᠯᠡᠰ᠎ᠦᠨ ᠲᠠᠪᠤᠨ ᠵᠢᠯ᠎ᠦᠨ ᠤᠷᠤᠭᠰᠢᠯᠠᠯᠲᠠ᠎ᠶᠢᠨ ᠠᠶᠠᠨ ᠪᠠ ᠤᠮᠠᠷᠠᠲᠤ ᠬᠢᠯᠢ᠎ᠶᠢ ᠤᠮᠳᠠᠯᠠᠭᠰᠠᠨ ᠠᠮᠢ ᠠᠬᠤᠢ᠎ᠶᠢᠨ ᠬᠠᠭᠤᠳᠠᠰᠤ᠎ᠶᠢ ᠬᠠᠮᠲᠤ᠎ᠪᠠᠷ ᠣᠢᠯᠠᠭᠠᠶ᠎ᠠ᠃
ᠤᠰᠤᠨ᠎ᠤ ᠡᠬᠢ ᠪᠠᠶᠠᠯᠢᠭ᠋᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ ᠤᠰᠤ ᠠᠷᠪᠢᠯᠠᠬᠤ ᠰᠠᠭᠤᠷᠢ᠎ᠶᠢ ᠪᠡᠬᠢᠵᠢᠭᠦᠯᠪᠡ
ᠨᠤᠲᠤᠭ ᠪᠡᠯᠴᠢᠭᠡᠷ᠎ᠦᠨ ᠠᠮᠢᠨ ᠰᠤᠳᠠᠰᠤ ᠨᠢ ᠤᠰᠤᠨ᠎ᠳᠤ ᠪᠤᠢ᠂ ᠠᠮᠢ ᠠᠬᠤᠢ᠎ᠶᠢ ᠬᠠᠮᠠᠭᠠᠯᠠᠬᠤ᠎ᠳᠤ ᠡᠷᠬᠡᠪᠰᠢ ᠤᠷᠢᠳ᠎ᠢᠶᠠᠷ ᠤᠰᠤ᠎ᠶᠢ ᠰᠠᠢᠲᠤᠷ ᠬᠠᠮᠢᠶᠠᠷᠬᠤ ᠬᠡᠷᠡᠭᠲᠡᠢ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠤᠰᠤᠨ᠎ᠤ ᠡᠬᠢ ᠪᠠᠶᠠᠯᠢᠭ᠋᠎ᠢ ᠡᠷᠴᠢᠮᠵᠢᠭᠦᠯᠦᠨ ᠭᠠᠮᠨᠠᠵᠤ ᠠᠰᠢᠭ᠍ᠯᠠᠬᠤ ᠬᠢᠷᠢ ᠬᠡᠮᠵᠢᠶ᠎ᠡ᠎ᠶᠢ ᠳᠡᠭᠡᠭᠰᠢᠯᠡᠭᠦᠯᠪᠡ᠃
ᠠᠯᠠᠱᠠ᠎ᠳᠤ ᠪᠠᠢᠭ᠎ᠠ ᠵᠥᠩ ᠶᠠᠨ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 《 ᠵᠠᠳᠠᠭᠠᠢ ᠣᠷᠴᠢᠯ ᠤᠰᠤᠨ᠎ᠤ ᠰᠢᠰᠲᠧᠮ᠎ᠦᠨ ᠤᠰᠤ ᠠᠷᠪᠢᠯᠠᠬᠤ ᠵᠠᠩᠭᠢᠯᠠᠭ᠎ᠠ᠎ᠶᠢᠨ ᠮᠡᠷᠭᠡᠵᠢᠯ 》᠎ᠢ ᠰᠤᠳᠤᠯᠤᠨ ᠨᠡᠭᠡᠭᠡᠵᠦ᠂ ᠲᠥᠷᠥᠯ ᠵᠦᠢᠯ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠪᠥᠬᠥ ᠵᠢᠯ᠎ᠳᠦ ᠰᠢᠨ᠎ᠡ ᠰᠣᠷᠭᠣᠭ ᠤᠰᠤᠨ᠎ᠤ ᠨᠥᠬᠥᠪᠦᠷᠢᠯᠡᠬᠦ ᠬᠡᠮᠵᠢᠶ᠎ᠡ᠎ᠶᠢ 30% ᠭᠠᠷᠤᠢ᠎ᠪᠠᠷ ᠪᠠᠭᠠᠰᠬᠠᠨ᠎ᠠ᠃ ᠵᠢᠷᠤᠭ᠄ ᠥᠪᠥᠷ ᠮᠣᠩᠭᠣᠯ᠎ᠤᠨ ᠤᠰᠤ ᠠᠷᠪᠢᠯᠠᠬᠤ ᠠᠵᠢᠯᠯᠠᠭ᠎ᠠ
ᠥᠪᠥᠷ ᠮᠣᠩᠭᠣᠯ ᠡᠩ ᠲᠡᠷᠢᠭᠦᠨ᠎ᠳᠦ ᠤᠰᠤᠨ᠎ᠤ ᠬᠣᠷᠣᠭᠳᠠᠭᠤᠯᠤᠯ ᠶᠡᠬᠡᠲᠡᠢ ᠠᠵᠤ ᠦᠢᠯᠡᠳᠪᠦᠷᠢ᠎ᠶᠢᠨ ᠠᠵᠢᠯ ᠲᠥᠷᠥᠯ ᠵᠢᠴᠢ ᠦᠢᠯᠡᠳᠪᠦᠷᠢᠯᠡᠯ᠎ᠦᠨ ᠤᠷᠠᠯᠠᠯ᠎ᠤᠨ ᠭᠠᠷᠴᠠᠭ᠎ᠢ ᠨᠡᠢᠲᠡᠯᠡᠵᠦ᠂ ᠤᠰᠤ ᠲᠠᠲᠠᠬᠤ ᠵᠥᠪᠰᠢᠶᠡᠷᠡᠯ᠎ᠦᠨ ᠬᠢᠨᠠᠨ ᠵᠥᠪᠰᠢᠶᠡᠷᠡᠯ ᠨᠢᠭᠡᠪᠦᠷᠢ᠎ᠶᠢ ᠴᠥᠮ ᠠᠮᠢ ᠠᠬᠤᠢ᠎ᠶᠢᠨ ᠳᠠᠭᠠᠭᠠᠴᠠᠲᠠᠢ ᠪᠣᠯᠭᠠᠪᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠰᠡᠭᠦᠯᠴᠢ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠮᠡᠨ ᠲᠥᠭᠥᠷᠢᠭ᠎ᠦᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠥᠬᠥ ᠥᠷᠲᠡᠭ᠎ᠦᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠎ᠦᠨ ᠤᠰᠤ ᠬᠡᠷᠡᠭᠯᠡᠬᠦ ᠬᠡᠮᠵᠢᠶ᠎ᠡ ᠲᠣᠰ ᠲᠣᠰ 2020 ᠣᠨ᠎ᠤ ᠬᠢ᠎ᠡᠴᠡ 21.2%᠂ 18.7%᠎ᠪᠡᠷ ᠪᠠᠭᠤᠷᠠᠵᠤ [ ᠵᠡᠭᠦᠯᠲᠡ ᠄ ᠣᠳᠣᠬᠠᠨ᠎ᠤ ᠨᠡᠢᠲᠡᠯᠡᠭᠰᠡᠨ ᠲᠣᠭ᠎ᠠ ᠪᠠᠷᠢᠮᠲᠠ᠎ᠶᠢᠨ ᠲᠣᠭᠠᠴᠢᠯᠲᠠ ᠠᠳᠠᠯᠢ ᠪᠤᠰᠤ ᠪᠠᠢᠨ᠎ᠠ ᠂ ᠲᠣᠰ ᠲᠣᠭ᠎ᠠ ᠪᠠᠷᠢᠮᠲᠠ᠎ᠶᠢ 《 ᠥᠪᠥᠷ ᠮᠣᠩᠭᠣᠯ᠎ᠤᠨ ᠡᠳᠦᠷ᠎ᠦᠨ ᠰᠣᠨᠢᠨ 》᠎ᠤ 2025 ︱ 11 ︱ 18 ᠠᠴᠠ ᠡᠰᠢᠯᠡᠪᠡ᠂ ᠤᠤᠯ᠎ᠤᠨ ᠭᠠᠷᠴᠠᠭ ᠨᠢ 《 ᠪᠣᠬᠢᠷᠲᠤᠯ ᠦᠭᠡᠢ ᠬᠥᠭᠵᠢᠯᠲᠡ᠎ᠶᠢᠨ ᠬᠠᠭᠤᠳᠠᠰᠤ᠎ᠶᠢ ᠵᠢᠷᠤᠵᠤ ᠤᠮᠠᠷᠠᠲᠤ ᠬᠢᠯᠢ᠎ᠶᠢᠨ ᠬᠥᠬᠡᠮᠳᠦᠭ ᠨᠣᠭᠣᠭᠠᠨ ᠠᠭᠤᠯᠠ ᠤᠰᠤ᠎ᠶᠢ ᠰᠠᠬᠢᠨ ᠬᠠᠮᠠᠭᠠᠯᠠᠨ᠎ᠠ 》 ]᠂ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠬᠡᠷᠡᠭᠯᠡᠬᠦ ᠤᠰᠤᠨ᠎ᠤ ᠳᠠᠪᠲᠠᠨ ᠠᠰᠢᠭ᠍ᠯᠠᠬᠤ ᠨᠣᠷᠮ᠎ᠠ 95%᠎ᠠᠴᠠ ᠳᠡᠭᠡᠭᠰᠢ᠎ᠳᠦ ᠬᠥᠷᠪᠡ᠃
ᠥᠪᠥᠷ ᠮᠣᠩᠭᠣᠯ᠎ᠤᠨ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠶᠡᠷᠦᠩᠬᠡᠢ ᠭᠣᠣᠯ ᠰᠤᠪᠠᠭ᠎ᠤᠨ ᠳᠥᠷᠪᠡᠳᠦᠭᠡᠷ ᠬᠤᠪᠢᠶᠠᠷᠢ ᠤᠰᠤᠨ᠎ᠤ ᠬᠦᠢᠰᠦ᠃ ᠵᠢᠷᠤᠭ᠎ᠤᠨ ᠢᠷᠡᠯᠲᠡ ᠄ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ
ᠥᠪᠥᠷ ᠮᠣᠩᠭᠣᠯ᠎ᠤᠨ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠣᠭᠠᠴᠢᠯᠠᠭᠰᠠᠨ ᠢᠬᠡᠷ᠎ᠡ ᠬᠡᠷᠡᠭᠯᠡᠭᠡᠨ᠎ᠦ ᠲᠠᠪᠴᠠᠩ᠃ ᠵᠢᠷᠤᠭ᠎ᠤᠨ ᠢᠷᠡᠯᠲᠡ᠄ ᠳᠤᠮᠳᠠᠳᠤ ᠤᠯᠤᠰ᠎ᠤᠨ ᠤᠰᠤᠨ᠎ᠤ ᠶᠠᠪᠤᠳᠠᠯ
ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠠᠰᠢᠭ᠍ᠯᠠᠯᠲᠠ᠎ᠶᠢᠨ ᠢᠯᠡᠳᠬᠡᠮᠵᠢ᠎ᠶᠢ 0.588 ᠪᠣᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ᠎ᠤᠨ ᠤᠰᠤ ᠬᠡᠷᠡᠭᠯᠡᠬᠦ ᠠᠰᠢᠭ᠍ᠯᠠᠮᠵᠢ᠎ᠶᠢ ᠶᠡᠬᠡᠪᠡᠷ ᠳᠡᠭᠡᠭᠰᠢᠯᠡᠭᠦᠯᠵᠦ᠂ ᠲᠠᠷᠢᠶᠠᠯᠠᠩ᠎ᠤᠨ ᠦᠢᠯᠡᠳᠪᠦᠷᠢᠯᠡᠯ᠎ᠢ ᠠᠬᠢᠭᠤᠯᠬᠤ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠦᠴᠦᠲᠡᠢ ᠪᠠᠲᠤᠯᠠᠭ᠎ᠠ ᠬᠠᠩᠭᠠᠪᠠ᠃ ᠪᠣᠷᠣᠳᠣᠬᠣᠢ᠂ ᠳ᠋ᠧᠩ ᠺᠧᠦ ᠵᠡᠷᠭᠡ ᠠᠷᠪᠠ ᠭᠠᠷᠤᠢ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠳᠤ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠣᠳᠣᠬᠢᠴᠢᠯᠠᠭᠰᠠᠨ ᠥᠭᠡᠷᠡᠴᠢᠯᠡᠯᠲᠡ᠎ᠶᠢᠨ ᠡᠭᠦᠷᠭᠡ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠨᠢᠭᠡ ᠵᠢᠯ ᠤᠷᠢᠳᠴᠢᠯᠠᠨ ᠤᠯᠤᠰ᠎ᠤᠨ ᠡᠭᠦᠷᠭᠡ᠎ᠶᠢ ᠳᠠᠪᠠᠭᠤᠯᠤᠨ ᠪᠡᠶᠡᠯᠡᠭᠦᠯᠪᠡ᠃
ᠦᠬᠠᠢ ᠬᠣᠲᠠ᠎ᠶᠢᠨ ᠠᠩᠬᠠᠨ᠎ᠤ 《 ᠤᠰᠤᠨ᠎ᠤ ᠡᠷᠬᠡ᠎ᠶᠢᠨ ᠵᠢᠭᠡᠯᠡᠯᠭᠡ 》 ᠶ᠋ᠢ ᠨᠠᠢᠳᠠᠪᠤᠷᠢᠵᠢᠭᠤᠯᠵᠤ ᠭᠠᠷᠤᠨ ᠥᠰᠥᠭ ᠵᠢᠷᠤᠬᠤ ᠶᠣᠰᠣᠯᠠᠯ᠃ ᠵᠢᠷᠤᠭ᠎ᠤᠨ ᠢᠷᠡᠯᠲᠡ᠄ @ ᠳᠤᠮᠳᠠᠳᠤ ᠤᠯᠤᠰ᠎ᠤᠨ ᠤᠰᠤᠨ᠎ᠤ ᠶᠠᠪᠤᠳᠠᠯ
《 ᠬᠣᠶᠠᠷ ᠲᠠᠯ᠎ᠠ᠎ᠪᠠᠷ ᠬᠦᠴᠦᠯᠡᠬᠦ 》᠎ᠶᠢ ᠪᠠᠷᠢᠮᠲᠠᠯᠠᠨ᠂ ᠤᠰᠤ ᠠᠷᠪᠢᠯᠠᠬᠤ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠪᠡ᠃ ᠤᠰᠤ ᠠᠷᠪᠢᠯᠠᠬᠤ ᠭᠡᠷ᠎ᠡ᠎ᠶᠢᠨ ᠬᠠᠮᠢᠶᠠᠷᠤᠯᠲᠠ᠎ᠶᠢ ᠦᠷᠭᠦᠯᠵᠢᠯᠡᠨ ᠠᠬᠢᠭᠤᠯᠵᠤ ᠂ ᠤᠰᠤ ᠬᠡᠷᠡᠭᠯᠡᠬᠦ ᠡᠷᠬᠡ᠎ᠶᠢᠨ ᠠᠷᠠᠯᠵᠢᠶ᠎ᠠ᠎ᠶᠢᠨ ᠬᠥᠭᠵᠢᠶᠡᠨᠲᠡᠢ ᠵᠠᠬ᠎ᠠ ᠳᠡᠯᠭᠡᠭᠦᠷ᠎ᠢ ᠢᠳᠡᠪᠬᠢᠲᠡᠢ᠎ᠪᠡᠷ ᠪᠣᠢᠵᠢᠭᠤᠯᠤᠨ᠂ ᠤᠰᠤ ᠠᠷᠪᠢᠯᠠᠬᠤ ᠵᠦᠢ ᠶᠣᠰᠣᠨ᠎ᠤ ᠮᠥᠩᠭᠥᠨ ᠭᠦᠢᠯᠭᠡᠭᠡᠨ᠎ᠢ ᠥᠷᠨᠢᠭᠦᠯᠵᠦ ᠂ ᠤᠰᠤ ᠠᠷᠪᠢᠯᠠᠬᠤ ᠵᠢᠭᠡᠯᠡᠯᠭᠡ᠎ᠶᠢᠨ ᠰᠠᠭᠤᠷᠢᠨ ᠳᠡᠭᠡᠷ᠎ᠡ 《 ᠤᠰᠤᠨ᠎ᠤ ᠡᠷᠬᠡ᠎ᠶᠢᠨ ᠵᠢᠭᠡᠯᠡᠯᠭᠡ 》 《 ᠤᠰᠤ ᠲᠠᠲᠠᠬᠤ ᠵᠢᠭᠡᠯᠡᠯᠭᠡ 》 ᠵᠡᠷᠭᠡ ᠰᠢᠨ᠎ᠡ ᠵᠠᠭᠪᠤᠷ᠎ᠢ ᠰᠢᠨ᠎ᠡ᠎ᠶᠢ ᠡᠭᠦᠳᠬᠦ ᠴᠢᠨᠠᠷᠲᠠᠢ᠎ᠪᠠᠷ ᠥᠷᠨᠢᠭᠦᠯᠵᠡᠢ᠃
ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠬᠥᠭᠵᠢᠭᠦᠯᠵᠦ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠶᠢ ᠳᠡᠭᠡᠭᠰᠢᠯᠡᠭᠦᠯᠪᠡ
ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠬᠣᠶᠠᠳᠤᠭᠠᠷ ᠬᠤᠭᠤᠴᠠᠭᠠᠨ᠎ᠤ ᠦᠶᠡᠷ᠎ᠢ ᠰᠡᠷᠭᠡᠢᠯᠡᠬᠦ ᠪᠠᠷᠢᠯᠭ᠎ᠠ᠃ ᠵᠢᠷᠤᠭ᠎ᠤᠨ ᠢᠷᠡᠯᠲᠡ ᠄ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠬᠥᠭᠵᠢᠯᠲᠡ᠎ᠶᠢᠨ ᠪᠦᠯᠦᠭᠯᠡᠯ
ᠬᠠᠲᠤᠨ ᠭᠣᠣᠯ᠂ ᠨᠤᠨ ᠮᠥᠷᠡᠨ᠂ ᠯᠢᠶᠣᠤ ᠾᠧ ᠭᠣᠣᠯ᠎ᠤᠨ ᠭᠣᠣᠯ ᠤᠷᠤᠰᠬᠠᠯ᠎ᠤᠨ ᠳᠠᠯᠠᠩ ᠬᠠᠰᠢᠯᠭ᠎ᠠ ᠨᠢᠭᠡᠨᠲᠡ ᠦᠨᠳᠦᠰᠦᠨ᠎ᠳᠡᠭᠡᠨ ᠰᠡᠷᠭᠡᠢᠯᠡᠯᠲᠡ ᠪᠠᠢᠷᠢᠯᠠᠭᠤᠯᠬᠤ ᠪᠠᠷᠢᠮᠵᠢᠶ᠎ᠠ᠎ᠳᠤ ᠬᠦᠷᠴᠦ᠂ ᠥᠪᠥᠷ ᠮᠣᠩᠭᠣᠯ᠎ᠤᠨ ᠡᠯ᠎ᠡ ᠱᠠᠲᠤᠨ᠎ᠤ ᠳᠠᠯᠠᠩ ᠬᠠᠰᠢᠯᠭ᠎ᠠ᠎ᠶᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 80.13%᠎ᠳᠤ ᠬᠦᠷᠴᠦ᠂ ᠤᠰᠤᠨ ᠴᠥᠭᠥᠷᠥᠮ ᠂ ᠳᠠᠯᠠᠩ ᠬᠠᠰᠢᠯᠭ᠎ᠠ᠂ ᠤᠰᠤᠨ ᠬᠠᠭᠠᠯᠲᠠ᠂ ᠦᠶᠡᠷ᠎ᠢ ᠰᠠᠯᠭᠠᠬᠤ ᠣᠷᠣᠨ ᠵᠡᠷᠭᠡ᠎ᠶᠢ ᠨᠢᠭᠡ ᠴᠣᠭᠴᠠᠵᠢᠭᠤᠯᠤᠭᠰᠠᠨ ᠨᠡᠯᠢᠶᠡᠳ ᠪᠦᠷᠢᠨ ᠲᠡᠭᠦᠯᠳᠡᠷ ᠦᠶᠡᠷ᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠰᠢᠰᠲᠧᠮᠵᠢ᠎ᠶᠢ ᠠᠩᠬ᠎ᠠ ᠠᠯᠬᠤᠮ ᠪᠦᠷᠢᠯᠳᠦᠭᠦᠯᠪᠡ᠃ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠬᠦ᠎ᠶᠢ ᠵᠢᠯᠤᠭᠣᠳᠬᠤ ᠪᠠ ᠠᠭᠤᠯᠠᠨ ᠦᠶᠡᠷ᠎ᠦᠨ ᠭᠠᠮᠰᠢᠭ᠋᠎ᠢ ᠰᠡᠷᠭᠡᠢᠯᠡᠬᠦ ᠲᠠᠪᠴᠠᠩ᠎ᠢ ᠪᠠᠢᠭᠤᠯᠵᠤ᠂ ᠪᠣᠷᠣᠭᠠᠨ᠎ᠤ ᠤᠰᠤᠨ᠎ᠤ ᠪᠠᠢᠳᠠᠯ᠎ᠤᠨ ᠬᠤᠪᠢᠷᠠᠯᠲᠠ ᠪᠠ ᠠᠭᠤᠯᠠᠨ ᠦᠶᠡᠷ᠎ᠦᠨ ᠭᠠᠮᠰᠢᠭ᠋᠎ᠢ ᠪᠦᠲᠦᠮᠵᠢᠲᠡᠶ᠎ᠪᠡᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠪᠡ᠃
ᠳ᠋ᠦᠩ᠎ᠲᠠᠢ ᠽᠢ ᠤᠰᠤᠨ ᠴᠥᠭᠥᠷᠥᠮ᠎ᠦᠨ ᠳᠣᠣᠷ᠎ᠠ ᠬᠠᠭᠠᠯᠲᠠ᠎ᠳᠤ ᠤᠰᠤ ᠬᠠᠳᠠᠭᠠᠯᠠᠨ᠎ᠠ ᠃ ᠵᠢᠷᠤᠭ᠎ᠤᠨ ᠢᠷᠡᠯᠲᠡ ᠄ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠰᠣᠨᠢᠨ
ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠡᠬᠢ ᠰᠤᠷᠪᠤᠯᠵᠢ —— ᠥᠨᠳᠡᠭᠡᠨ ᠤᠰᠤᠨ ᠠᠰᠢᠭ᠍ᠯᠠᠯᠲᠠ᠎ᠶᠢᠨ ᠬᠦᠢᠰᠦ᠃ ᠵᠢᠷᠤᠭ᠎ᠤᠨ ᠢᠷᠡᠯᠲᠡ᠄ ᠠᠷᠠᠳ᠎ᠤᠨ ᠬᠠᠷᠠᠭᠠᠨ ᠰᠡᠷᠡᠯ ᠯᠢᠶᠠᠩ ᠵᠢᠶᠠᠨ ᠰᠡᠭᠦᠳᠡᠷᠯᠡᠪᠡ
ᠥᠪᠥᠷ ᠮᠣᠩᠭᠣᠯ᠎ᠤᠨ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠰᠢᠷ᠎ᠠ ᠮᠥᠷᠡᠨ ᠰᠤᠮᠤ᠎ᠶᠢᠨ ᠮᠠ ᠽᠥᠩ ᠱᠠᠨ ᠲᠣᠰᠬᠣᠨ᠎ᠤ ᠠᠷᠠᠳ ᠠᠷᠠᠳ᠎ᠤᠨ ᠬᠡᠷᠡᠭᠯᠡᠭᠡᠨ᠎ᠦ ᠲᠦᠭᠡᠭᠡᠯ ᠤᠰᠤ᠎ᠪᠠᠷ ᠬᠣᠨᠢ᠎ᠪᠠᠨ ᠤᠰᠤᠯᠠᠵᠤ ᠪᠠᠢᠭ᠎ᠠ ᠨᠢ᠃ ᠵᠢᠷᠤᠭ᠎ᠤᠨ ᠢᠷᠡᠯᠲᠡ ᠄ ᠰᠢᠨᠬᠤᠸᠠ ᠬᠣᠷᠢᠶ᠎ᠠ ᠵᠣᠣ ᠬᠣᠶ ᠮᠢᠨ ᠰᠡᠭᠦᠳᠡᠷᠯᠡᠪᠡ
ᠳ᠋ᠦᠩ᠎ᠲᠠᠢ ᠽᠢ ᠤᠰᠤᠨ ᠴᠥᠭᠥᠷᠥᠮ᠎ᠦᠨ ᠪᠠᠷᠢᠯᠭ᠎ᠠ᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠢᠨᠵᠧᠨᠧᠷᠢᠩ᠎ᠢ ᠡᠬᠢᠯᠡᠨ ᠪᠠᠢᠭᠤᠯᠵᠤ ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠤᠰᠤ᠎ᠶᠢ ᠲᠤᠷᠰᠢᠨ ᠨᠡᠪᠲᠡᠷᠡᠭᠦᠯᠬᠦ᠎ᠶᠢ ᠪᠡᠶᠡᠯᠡᠭᠦᠯᠪᠡ᠃ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ ᠨᠣᠷᠮ᠎ᠠ 84.8%᠎ᠳᠤ ᠬᠦᠷᠴᠦ᠂ ᠥᠪᠥᠷ ᠮᠣᠩᠭᠣᠯ᠎ᠤᠨ ᠶᠡᠷᠦᠩᠬᠡᠢ ᠤᠰᠤ ᠬᠠᠩᠭᠠᠬᠤ ᠴᠢᠳᠠᠪᠤᠷᠢ 238.6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠬᠣᠲᠠ ᠪᠠᠯᠭᠠᠰᠤ᠂ ᠠᠵᠤ ᠦᠢᠯᠡᠳᠪᠦᠷᠢ ᠲᠠᠷᠢᠶᠠᠯᠠᠩ᠎ᠤᠨ ᠬᠥᠭᠵᠢᠯᠲᠡ᠎ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠪᠦᠲᠦᠮᠵᠢᠲᠡᠶ ᠪᠠᠲᠤᠯᠠᠪᠠ᠃
ᠬᠥᠷᠥᠰᠥ ᠰᠢᠷᠣᠢ᠎ᠶᠢᠨ ᠢᠳᠡᠭᠳᠡᠯ᠎ᠢ ᠰᠢᠰᠲᠧᠮ᠎ᠲᠠᠢ᠎ᠪᠡᠷ ᠵᠠᠰᠠᠵᠤ ᠨᠣᠭᠣᠭᠠᠨ ᠬᠠᠯᠬᠠᠪᠴᠢ᠎ᠶᠢ ᠨᠢᠭ᠍ᠲᠠ ᠰᠦᠯᠵᠢᠪᠡ
ᠬᠠᠲᠤᠨ ᠭᠣᠣᠯ᠎ᠤᠨ ᠰᠠᠪᠠ ᠭᠠᠵᠠᠷ᠎ᠤᠨ ᠡᠯ ᠳ᠋ᠣᠣ ᠱᠠ ᠾᠧ ᠭᠣᠣᠯ᠎ᠢ ᠶᠡᠷᠦᠩᠬᠡᠢᠯᠡᠨ ᠵᠠᠰᠠᠬᠤ ᠢᠨᠵᠧᠨᠧᠷᠢᠩ᠎ᠦᠨ ᠲᠥᠷᠥᠯ ᠵᠦᠢᠯ᠃ ᠵᠢᠷᠤᠭ᠎ᠤᠨ ᠢᠷᠡᠯᠲᠡ ᠄ ᠳᠤᠮᠳᠠᠳᠤ ᠤᠯᠤᠰ᠎ᠤᠨ ᠮᠥᠩᠭᠥᠨ ᠭᠦᠢᠯᠭᠡᠭᠡᠨ᠎ᠦ ᠮᠡᠳᠡᠭᠡ ᠵᠠᠩᠭᠢ᠎ᠶᠢᠨ ᠰᠦᠯᠵᠢᠶ᠎ᠡ
ᠣᠷᠳᠣᠰ ᠬᠣᠲᠠ᠎ᠶᠢᠨ ᠳᠠᠯᠠᠳ ᠬᠣᠰᠢᠭᠤᠨ᠎ᠤ ᠠᠷᠪᠠᠨ ᠲᠣᠮᠣ᠌ ᠬᠥᠨᠳᠡᠢ᠎ᠶᠢᠨ ᠨᠢᠭᠡ ᠪᠣᠯᠬᠤ ᠾᠧᠢ ᠯᠠᠢ ᠭᠧᠦ᠎ᠶᠢᠨ ᠬᠥᠷᠥᠰᠥ ᠰᠢᠷᠣᠢ᠎ᠶᠢ ᠬᠠᠮᠠᠭᠠᠯᠠᠨ ᠵᠠᠰᠠᠭᠰᠠᠨ ᠦᠷ᠎ᠡ ᠪᠦᠲᠦᠮᠵᠢ ᠢᠯᠡᠳᠲᠡ ᠪᠠᠢᠨ᠎ᠠ᠃ ᠵᠢᠷᠤᠭ᠎ᠤᠨ ᠢᠷᠡᠯᠲᠡ ᠄ ᠭᠤᠸᠠᠩ ᠮᠢᠩ ᠰᠦᠯᠵᠢᠶ᠎ᠡ ᠸᠠᠩ ᠰᠢᠶᠣᠣ ᠪᠥᠸᠧ ᠰᠡᠭᠦᠳᠡᠷᠯᠡᠪᠡ
ᠣᠷᠳᠣᠰ ᠬᠣᠲᠠ᠎ᠶᠢᠨ ᠳᠠᠯᠠᠳ ᠬᠣᠰᠢᠭᠤᠨ᠎ᠤ 《 ᠡᠯᠡᠰᠦ ᠬᠠᠰᠢᠵᠤ ᠤᠰᠤ ᠰᠣᠯᠢᠬᠤ 》 ᠢᠨᠵᠧᠨᠧᠷᠢᠩ᠃ ᠵᠢᠷᠤᠭ᠎ᠤᠨ ᠢᠷᠡᠯᠲᠡ ᠄ ᠣᠷᠳᠣᠰ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ
ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 1.62 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ ᠪᠠᠭᠠᠰᠤᠭᠰᠠᠨ ᠬᠡᠮᠵᠢᠶ᠎ᠡ ᠨᠢ 2.79% ᠬᠦᠷᠴᠡᠢ᠃ ᠳᠤᠮᠳᠠ ᠵᠡᠷᠭᠡ᠎ᠡᠴᠡ ᠳᠡᠭᠡᠭᠰᠢᠬᠢ ᠢᠳᠡᠭᠳᠡᠯ᠎ᠦᠨ ᠲᠠᠯᠠᠪᠠᠶ 1.05 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ ᠂ ᠪᠠᠭᠤᠷᠠᠯᠲᠠ᠎ᠶᠢᠨ ᠬᠡᠮᠵᠢᠶ᠎ᠡ ᠨᠢ 7.60%᠎ᠳᠤ ᠬᠦᠷᠴᠦ᠂ ᠢᠳᠡᠭᠳᠡᠯ᠎ᠦᠨ ᠬᠦᠴᠦᠯᠡᠴᠡ ᠨᠢ ᠶᠡᠷᠦᠩᠬᠡᠢ᠎ᠳᠡᠭᠡᠨ ᠥᠨᠳᠥᠷ᠎ᠡᠴᠡ ᠳᠣᠣᠷ᠎ᠠ ᠲᠡᠢᠰᠢ ᠬᠤᠪᠢᠷᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ᠎ᠶᠢᠨ ᠬᠠᠮᠠᠭᠠᠯᠠᠯᠲᠠ᠎ᠶᠢᠨ ᠨᠣᠷᠮ᠎ᠠ᠎ᠶᠢ 55% ᠪᠡᠷ ᠳᠡᠭᠡᠭᠰᠢᠯᠡᠭᠦᠯᠵᠦ᠂ ᠬᠥᠷᠥᠰᠥ ᠰᠢᠷᠣᠢ᠎ᠶᠢᠨ ᠢᠳᠡᠭᠳᠡᠯ᠎ᠦᠨ ᠪᠠᠢᠳᠠᠯ᠎ᠳᠤ ᠲᠠᠯᠠᠪᠠᠶ ᠪᠠ ᠬᠦᠴᠦᠯᠡᠴᠡ᠎ᠶᠢᠨ 《 ᠬᠣᠣᠰ ᠪᠠᠭᠤᠷᠠᠯᠲᠠ 》 ᠵᠢᠨ ᠰᠠᠢᠵᠢᠷᠠᠬᠤ ᠬᠠᠨᠳᠤᠰᠢ ᠢᠯᠡᠷᠡᠭᠰᠡᠨ ᠪᠠᠢᠨ᠎ᠠ᠃
ᠭᠣᠣᠯ ᠨᠠᠭᠤᠷ᠎ᠤᠨ ᠠᠮᠢ ᠠᠬᠤᠢ᠎ᠶᠢ ᠰᠡᠷᠭᠦᠭᠡᠵᠦ ᠂ ᠵᠣᠯ ᠵᠢᠷᠭᠠᠯᠲᠤ ᠭᠣᠣᠯ ᠨᠠᠭᠤᠷ᠎ᠢ ᠪᠦᠲᠦᠭᠡᠨ ᠪᠠᠢᠭᠤᠯᠪᠠ
ᠤᠯᠠᠭᠠᠨᠮᠥ᠋ᠷᠡᠨ ᠭᠣᠣᠯ᠎ᠤᠨ ᠣᠷᠳᠣᠰ᠎ᠤᠨ ᠬᠣᠲᠠ᠎ᠶᠢᠨ ᠬᠡᠰᠡᠭ᠃ ᠵᠢᠷᠤᠭ᠎ᠤᠨ ᠢᠷᠡᠯᠲᠡ᠄ ᠠᠮᠢ ᠠᠬᠤᠢ ᠣᠷᠴᠢᠨ ᠲᠣᠭᠣᠷᠢᠨ᠎ᠤ ᠶᠠᠮᠤᠨ
ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠤᠰᠤᠨ᠎ᠤ ᠪᠣᠬᠢᠷᠲᠤᠯ᠎ᠢ ᠲᠤᠰᠬᠠᠢ ᠴᠡᠭᠴᠡᠯᠡᠨ ᠵᠠᠰᠠᠬᠤ᠎ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠬᠣᠲᠠ ᠪᠠᠯᠭᠠᠰᠤ᠎ᠶᠢᠨ ᠪᠣᠬᠢᠷ ᠤᠰᠤ᠎ᠶᠢ ᠰᠢᠢᠳᠪᠦᠷᠢᠯᠡᠬᠦ ᠪᠡᠯᠡᠳᠬᠡᠮᠵᠢ᠎ᠶᠢᠨ ᠭᠠᠷᠭᠠᠭᠰᠠᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠴᠥᠮ 99%᠎ᠳᠤ ᠬᠥᠷᠪᠡ᠃ ᠬᠠᠷ᠎ᠠ ᠦᠮᠡᠬᠡᠢ ᠤᠰᠤᠨ ᠴᠣᠭᠴᠠ᠎ᠶᠢ ᠵᠠᠰᠠᠭᠰᠠᠨ ᠦᠷ᠎ᠡ ᠪᠦᠲᠦᠮᠵᠢ᠎ᠶᠢ ᠪᠡᠬᠢᠵᠢᠭᠦᠯᠵᠦ᠂ 13 ᠬᠡᠰᠡᠭ ᠬᠤᠳᠠ᠎ᠶᠢᠨ ᠬᠠᠷ᠎ᠠ ᠦᠮᠡᠬᠡᠢ ᠤᠰᠤᠨ ᠴᠣᠭᠴᠠ᠎ᠶᠢ ᠤᠷᠳᠤ ᠬᠤᠭᠤᠴᠠᠭ᠎ᠠ᠎ᠪᠠᠷ ᠵᠠᠰᠠᠵᠤ ᠤᠷᠳᠤ ᠬᠤᠭᠤᠴᠠᠭ᠎ᠠ᠎ᠪᠠᠷ ᠴᠡᠪᠡᠷᠯᠡᠬᠦ᠎ᠶᠢ ᠪᠡᠶᠡᠯᠡᠭᠦᠯᠵᠦ᠂ 2025 ᠣᠨ᠎ᠤ 1 ︱ 9 ᠰᠠᠷ᠎ᠠ᠎ᠳᠤ᠂ ᠪᠦᠬᠦ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠠᠪᠠ ᠭᠠᠵᠠᠷ᠎ᠤᠨ ᠭᠠᠵᠠᠷ᠎ᠤᠨ ᠭᠠᠳᠠᠷᠭᠤ᠎ᠶᠢᠨ ᠤᠰᠤᠨ᠎ᠤ ᠤᠯᠤᠰ ᠬᠢᠨᠠᠯᠲᠠ᠎ᠶᠢᠨ ᠣᠭᠲᠣᠯᠣᠭᠠᠰᠤ᠎ᠶᠢᠨ ᠤᠰᠤᠨ᠎ᠤ ᠴᠢᠨᠠᠷ᠎ᠤᠨ ᠰᠢᠯᠢᠳᠡᠭ ᠰᠠᠢᠨ ᠬᠠᠷᠢᠴᠠᠯ 75.4% ᠲᠦ᠍ ᠬᠦᠷᠴᠦ᠂ ᠲᠤᠩᠭᠠᠯᠠᠭ ᠤᠰᠤ ᠨᠣᠭᠣᠭᠠᠨ ᠡᠷᠭᠢ᠎ᠶᠢᠨ ᠳᠦᠷᠰᠦ ᠵᠢᠷᠤᠭ ᠨᠡᠩ ᠢᠯᠡᠭᠦᠦ ᠲᠥᠷᠥᠭᠳᠡᠯ᠎ᠲᠠᠢ ᠪᠣᠯᠪᠠ᠃
2025 ᠣᠨ᠎ᠤ ᠪᠠᠷᠠᠭᠤᠨ ᠯᠢᠶᠣᠤ ᠾᠧ ᠭᠣᠣᠯ᠎ᠤᠨ ᠭᠣᠣᠯ ᠤᠷᠤᠰᠬᠠᠯ᠎ᠤᠨ ᠰᠦ᠍ ᠵᠢᠶᠠ ᠪᠦᠦ᠎ᠶᠢᠨ ᠬᠡᠰᠡᠭ ᠃ ᠵᠢᠷᠤᠭ᠎ᠤᠨ ᠢᠷᠡᠯᠲᠡ ᠄ ᠳᠤᠮᠳᠠᠳᠤ ᠤᠯᠤᠰ᠎ᠤᠨ ᠤᠰᠤᠨ᠎ᠤ ᠶᠠᠪᠤᠳᠠᠯ ᠰᠢᠶᠣᠣ ᠯᠢ ᠾᠧᠩ ᠰᠡᠭᠦᠳᠡᠷᠯᠡᠪᠡ
ᠵᠢᠷᠭᠠᠬᠤ ᠨᠡᠷᠡᠨ᠎ᠦ ᠳᠣᠣᠷᠠᠬᠢ ᠪᠠᠷᠠᠭᠤᠨ ᠯᠢᠶᠣᠤ ᠾᠧ ᠭᠣᠣᠯ᠃ ᠵᠢᠷᠤᠭ᠎ᠤᠨ ᠢᠷᠡᠯᠲᠡ ᠄ ᠰᠢᠨᠬᠤᠸᠠ ᠬᠣᠷᠢᠶ᠎ᠠ
2025 ᠣᠨ᠎ᠳᠤ ᠪᠠᠷᠠᠭᠤᠨ ᠯᠢᠶᠣᠤ ᠾᠧ ᠭᠣᠣᠯ᠎ᠤᠨ ᠭᠣᠣᠯ ᠤᠷᠤᠰᠬᠠᠯ᠎ᠤᠨ ᠤᠷᠤᠰᠬᠠᠯ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠣ ᠬᠤᠳᠠ᠎ᠶᠢᠨ ᠵᠢᠶᠣᠣ ᠯᠠᠢ ᠾᠧ ᠭᠣᠣᠯ᠎ᠤᠨ ᠠᠳᠠᠭ᠎ᠲᠤ ᠬᠦᠷᠴᠦ᠂ ᠳᠣᠣᠷᠠᠳᠤ ᠤᠷᠤᠰᠬᠠᠯ᠎ᠤᠨ ᠭᠣᠣᠯ᠎ᠤᠨ ᠤᠷᠤᠰᠬᠠᠯ᠎ᠤᠨ ᠤᠰᠤᠨ ᠴᠣᠭᠴᠠ᠎ᠲᠠᠢ 《 ᠭᠠᠷ ᠠᠳᠬᠤᠨ ᠠᠭᠤᠯᠵᠠᠵᠤ 》᠂ 27 ᠵᠢᠯ᠎ᠦᠨ ᠤᠷᠤᠰᠬᠠᠯ ᠲᠠᠰᠤᠷᠠᠭᠰᠠᠨ ᠪᠠᠷᠠᠭᠤᠨ ᠯᠢᠶᠣᠤ ᠾᠧ ᠭᠣᠣᠯ᠎ᠤᠨ ᠭᠣᠣᠯ ᠤᠷᠤᠰᠬᠠᠯ ᠠᠩᠬ᠎ᠠ ᠤᠳᠠᠭ᠎ᠠ ᠪᠦᠬᠦ ᠱᠤᠭᠤᠮ᠎ᠢᠶᠠᠷ ᠤᠷᠤᠰᠬᠠᠯ ᠥᠩᠭᠡᠷᠡᠬᠦ᠎ᠶᠢ ᠪᠡᠶᠡᠯᠡᠭᠦᠯᠦᠭᠰᠡᠨ᠎ᠢ ᠲᠤᠩᠬᠠᠭᠯᠠᠪᠠ᠃ ᠡᠷᠭᠢ ᠳᠠᠭᠠᠤ᠎ᠶᠢᠨ ᠨᠤᠭᠤ ᠭᠠᠵᠠᠷ᠎ᠲᠤ ᠨᠡᠭᠦᠳᠡᠯ᠎ᠦᠨ ᠰᠢᠪᠠᠭᠤᠳ ᠬᠠᠯᠢᠨ ᠴᠤᠭᠯᠠᠷᠠᠭᠰᠠᠨ ᠦᠪᠡᠳᠡᠭᠰᠢ ᠪᠠᠢᠳᠠᠯ ᠳᠠᠬᠢᠨ ᠢᠯᠡᠷᠡᠵᠦ᠂ ᠶᠠᠭ ᠯᠠ ᠡᠵᠢ ᠭᠣᠣᠯ ᠨᠢᠷᠤᠭᠤ᠎ᠪᠠᠨ ᠲᠡᠨᠢᠢᠯᠭᠡᠭᠰᠡᠨ ᠮᠡᠲᠦ ᠪᠠᠢᠯ᠎ᠠ᠃
ᠥᠪᠥᠷ ᠮᠣᠩᠭᠣᠯ᠎ᠤᠨ ᠤᠯᠠᠭᠠᠨᠰᠤᠬᠠᠢ ᠨᠠᠭᠤᠷ᠎ᠤᠨ ᠬᠥᠪᠡᠭᠡᠨ᠎ᠳᠦ ᠨᠡᠭᠦᠳᠡᠯ᠎ᠦᠨ ᠰᠢᠪᠠᠭᠤ ᠨᠠᠭᠠᠳᠴᠤ᠂ ᠢᠳᠡᠰᠢ ᠡᠷᠢᠨ᠎ᠡ ( 2025 ᠣᠨ᠎ᠤ 9 ᠰᠠᠷ᠎ᠠ᠎ᠶᠢᠨ 25᠎ᠤ ᠡᠳᠦᠷ ᠺᠠᠩ ᠸᠸᠨ ᠺᠦᠢ ᠰᠡᠭᠦᠳᠡᠷᠯᠡᠪᠡ ) ᠵᠢᠷᠤᠭ᠎ᠤᠨ ᠢᠷᠡᠯᠲᠡ᠄ 《 ᠪᠠᠷᠠᠭᠠᠯᠠᠯ 》 ᠰᠣᠨᠢᠨ ᠮᠡᠳᠡᠭᠡᠨ᠎ᠦ ᠭᠠᠷᠠᠭ᠎ᠤᠨ ᠰᠡᠳᠬᠦᠯ
2025 ᠣᠨ᠎ᠤ 9 ᠳ᠋ᠦ᠍ᠭᠡᠷ ᠰᠠᠷ᠎ᠠ᠎ᠶᠢᠨ ᠭᠠᠰᠢᠭᠤᠨ ᠨᠠᠭᠤᠷ᠎ᠤᠨ ᠠᠮᠢ ᠠᠬᠤᠢ᠎ᠶᠢᠨ ᠦᠷ᠎ᠡ ᠠᠰᠢᠭ᠋ ᠢᠯᠡᠳᠲᠡ ᠪᠣᠯᠪᠠ᠃ ᠵᠢᠷᠤᠭ᠎ᠤᠨ ᠢᠷᠡᠯᠲᠡ ᠄ ᠳᠤᠮᠳᠠᠳᠤ ᠤᠯᠤᠰ᠎ᠤᠨ ᠤᠰᠤᠨ᠎ᠤ ᠶᠠᠪᠤᠳᠠᠯ
ᠬᠥᠯᠥᠨ ᠨᠠᠭᠤᠷ᠎ᠤᠨ ᠤᠰᠤᠨ᠎ᠤ ᠭᠠᠳᠠᠷᠭᠤ ᠦᠷᠭᠦᠯᠵᠢᠯᠡᠨ ᠵᠣᠬᠢᠰᠲᠠᠢ ᠣᠷᠣᠨ ᠵᠠᠢ᠎ᠪᠠᠨ ᠪᠠᠲᠤᠯᠠᠵᠤ ᠂ ᠤᠯᠠᠭᠠᠨᠰᠤᠬᠠᠢ ᠨᠠᠭᠤᠷ᠎ᠤᠨ 3.76 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠭᠰᠡᠨ ᠨᠢ ᠨᠠᠭᠤᠷ᠎ᠤᠨ ᠲᠥᠪ ᠣᠷᠣᠨ᠎ᠤ ᠤᠰᠤᠨ᠎ᠤ ᠴᠢᠨᠠᠷ᠎ᠢ IV ᠲᠦᠷᠦᠯ᠎ᠳᠦ ᠲᠣᠭᠲᠠᠭᠤᠨ ᠪᠠᠢᠯᠭᠠᠵᠤ᠂ ᠳᠠᠭ᠎ᠠ᠎ᠶᠢᠨ ᠨᠠᠭᠤᠷ᠎ᠤᠨ 2326 ᠲᠦᠮᠡᠨ ᠪᠣᠰᠣᠭ᠎ᠠ ᠳᠥᠷᠪᠡᠯᠵᠢᠨ ᠮᠧᠲᠷ ᠠᠮᠢ ᠠᠬᠤᠢ᠎ᠶᠢᠨ ᠤᠰᠤ ᠨᠠᠭᠤᠷ᠎ᠤᠨ ᠭᠠᠳᠠᠷᠭᠤ᠎ᠶᠢᠨ ᠠᠪᠴᠢᠯᠲᠠ᠎ᠶᠢ ᠬᠣᠷᠢᠭ᠍ᠯᠠᠵᠤ᠂ ᠴᠠᠭᠠᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠮᠠᠭᠤᠳᠠᠯ᠎ᠤᠨ ᠠᠰᠠᠭᠤᠳᠠᠯ᠎ᠢ ᠪᠦᠲᠦᠮᠵᠢᠲᠡᠢ ᠬᠣᠷᠢᠭ᠍ᠯᠠᠵᠤ᠂ ᠰᠤᠪᠠᠨᠠᠭᠤᠷ 20 ᠵᠢᠯ ᠳᠠᠷᠠᠭᠠᠯᠠᠨ ᠬᠠᠳᠠᠭᠰᠠᠨ ᠦᠭᠡᠢ ᠭᠠᠢᠬᠠᠮᠰᠢᠭ᠋᠎ᠢ ᠡᠭᠦᠳᠴᠦ᠂ 《 ᠪᠣᠭᠣᠮᠲᠠ᠎ᠶᠢᠨ ᠭᠠᠳᠠᠨᠠᠬᠢ ᠬᠡᠷᠡᠯᠳᠦ ᠰᠤᠪᠤᠳ 》᠎ᠤᠨ ᠰᠦᠷᠦᠭᠵᠢᠯ ᠤᠮᠠᠷᠠᠲᠤ ᠬᠢᠯᠢ᠎ᠳᠦ ᠠᠮᠢ ᠠᠬᠤᠢ᠎ᠶᠢᠨ ᠭᠡᠷᠡᠯ ᠭᠢᠯᠪᠠᠭ᠎ᠠ᠎ᠪᠡᠨ ᠳᠠᠬᠢᠨᠲᠠ ᠰᠠᠴᠤᠷᠠᠭᠤᠯᠪᠠ᠃