11 ᠳ᠋ᠦ᠍ᠭᠡᠷ ᠰᠠᠷ᠎ᠠ᠎ᠶᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠬᠣᠷᠢᠨ ᠭᠤᠷᠪᠠᠳᠤᠭᠠᠷ ᠬᠤᠷᠠᠯ ᠳᠤᠭᠤᠢᠯᠠᠩ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤ ᠠᠷᠪᠢᠯᠠᠬᠤ ᠠᠵᠢᠯ᠎ᠤᠨ ᠪᠠᠢᠳᠠᠯ ᠵᠢᠴᠢ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠠᠭᠠᠯᠠᠯᠲᠠ ᠪᠠ ᠬᠠᠮᠢᠶᠠᠷᠤᠯᠲᠠ᠎ᠶᠢᠨ ᠳᠦᠷᠢᠮ 》᠎ᠤᠨ ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭᠰᠠᠨ ᠪᠠᠢᠳᠠᠯ᠎ᠢ ᠲᠤᠰᠬᠠᠢ ᠰᠡᠳᠦᠪ᠎ᠢᠶᠡᠷ ᠠᠰᠠᠭᠤᠨ ᠯᠠᠪᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠳᠡᠳ᠋ ᠡᠷᠬᠢᠯᠡᠭᠴᠢ ᠯᠢ ᠪᠢᠩ ᠷᠦᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠵᠠᠩ ᠱᠣᠸ᠋ ᠴᠦᠨ᠂ ᠳ᠋ᠤᠸᠠᠨ ᡁᠢ ᠴᠢᠶᠠᠩ᠂ ᠵᠧᠩ ᠬᠣᠩ ᠹᠠᠨ᠂ ᠠᠢ ᠯᠢ ᠬᠤᠸᠠ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠸ᠋ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠣᠪᠣᠷ᠎ᠢᠶᠠᠨ ᠢᠯᠡᠳᠬᠡᠬᠦ ᠦᠭᠡ ᠬᠡᠯᠡᠪᠡ᠃
ᠬᠤᠷᠠᠯ ᠳᠡᠭᠡᠷ᠎ᠡ᠂ ᠪᠠᠢᠩᠭᠤ᠎ᠶᠢᠨ ᠬᠣᠷᠢᠶ᠎ᠠ᠎ᠶᠢᠨ ᠭᠡᠰᠢᠭᠦᠨ᠂ ᠠᠷᠠᠳ᠎ᠤᠨ ᠲᠥᠯᠥᠭᠡᠯᠡᠭᠴᠢ ᠵᠡᠷᠭᠡ 9 ᠬᠥᠮᠥᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠠᠰᠠᠭᠤᠯᠲᠠ ᠳᠤᠷᠠᠳᠴᠤ ᠨᠡᠬᠡᠮᠵᠢᠯᠡᠨ ᠠᠰᠠᠭᠤᠵᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠤ ᠠᠰᠠᠭᠤᠨ ᠯᠠᠪᠯᠠᠭ᠎ᠠ᠎ᠳᠤ ᠬᠠᠷᠢᠭᠤᠯᠲᠠ ᠥᠭᠴᠦ᠂ ᠰᠠᠨᠠᠯ᠎ᠢ ᠰᠣᠨᠣᠰᠪᠠ᠃