ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠠᠮᠢ ᠠᠬᠤᠢ᠎ᠶᠢ ᠲᠡᠷᠢᠭᠦᠨ᠎ᠳᠦ ᠲᠠᠯᠪᠢᠵᠤ ᠪᠣᠬᠢᠷᠲᠤᠯ ᠦᠭᠡᠢ ᠬᠥᠭᠵᠢᠯᠲᠡ᠎ᠶᠢᠨ ᠤᠳᠤᠷᠢᠳᠤᠮᠵᠢ᠎ᠶᠢ ᠳᠣᠪᠣᠶ᠋ᠢᠯᠭᠠᠵᠤ ᠥᠪᠥᠷ ᠮᠣᠩᠭᠣᠯ ᠣᠷᠣᠨ ᠪᠦᠰᠡ᠎ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ᠎ᠶᠢ ᠬᠦᠴᠦᠯᠡᠨ ᠨᠢᠭᠡᠳᠦᠯᠲᠡᠢ ᠲᠥᠯᠥᠪᠯᠡᠨ᠎ᠡ
ᠨᠡᠶ᠋ᠢᠲᠡᠯᠡᠭᠰᠡᠨ ᠴᠠᠭ᠄ 2025-12-03

      11 ᠳ᠋ᠦ᠍ᠭᠡᠷ ᠰᠠᠷ᠎ᠠ᠎ᠶᠢᠨ 13᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ ᠬᠤᠷᠠᠯᠳᠤᠭᠤᠯᠤᠭᠰᠠᠨ 《 〈 ᠠᠷᠪᠠᠨ ᠳᠥᠷᠪᠡᠳᠦᠭᠡᠷ ᠲᠠᠪᠤᠨ ᠵᠢᠯ 〉᠎ᠤᠨ ᠲᠥᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠶ᠎ᠠ 》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ︱ 《 ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠵᠦ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠤᠶ᠎ᠠ 》 ᠭᠡᠬᠦ ᠲᠤᠰᠬᠠᠢ ᠲᠠᠯᠠᠪᠤᠷ᠎ᠠᠴᠠ ᠣᠢᠯᠠᠭᠠᠭᠰᠠᠨ ᠨᠢ ᠄ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠠᠮᠢ ᠠᠬᠤᠢ᠎ᠶᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠶᠢᠨ ᠤᠳᠤᠷᠢᠳᠤᠮᠵᠢ᠎ᠶᠢ ᠲᠤᠪᠤᠢ᠍ᠢᠯᠭᠠᠵᠦ᠂ ᠵᠡᠭᠦᠨ ᠳᠤᠮᠳᠠ ᠪᠠᠷᠠᠭᠤᠨ ᠬᠡᠰᠡᠭ᠎ᠦᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ᠎ᠶᠢ ᠬᠦᠴᠦᠯᠡᠨ ᠨᠢᠭᠡᠳᠦᠯᠲᠡᠢ ᠲᠥᠯᠥᠪᠵᠢᠭᠦᠯᠵᠦ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢᠨ ᠲᠥᠯᠦᠪᠵᠢᠭᠦᠯᠭᠡ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ ᠵᠡᠷᠭᠡ ᠠᠯᠢ ᠤᠯᠠᠨ ᠲᠥᠯᠦᠪᠵᠢᠭᠦᠯᠭᠡ᠎ᠶᠢᠨ ᠰᠠᠨᠠᠯ᠂ ᠬᠡᠷᠡᠭᠵᠢᠭᠦᠯᠬᠦ ᠲᠥᠰᠥᠯ ᠪᠣᠯᠣᠨ ᠠᠵᠢᠯ᠎ᠤᠨ ᠠᠷᠭ᠎ᠠ ᠬᠡᠮᠵᠢᠶ᠎ᠡ᠎ᠶᠢ ᠨᠡᠢᠲᠡᠯᠡᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠨᠢᠭᠡᠳᠦᠯᠲᠡᠢ ᠲᠥᠯᠥᠪᠵᠢᠭᠦᠯᠬᠦ᠎ᠪᠡᠨ ᠴᠢᠩᠭᠠᠳᠬᠠᠬᠤ᠎ᠶᠢᠨ ᠬᠠᠮᠲᠤ ᠭᠣᠣᠯᠳᠠᠯᠭ᠎ᠠ᠎ᠲᠠᠢ ᠡᠭᠦᠷᠭᠡ᠎ᠶᠢ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠢᠨᠵᠧᠨᠧᠷᠢᠩ᠎ᠦᠨ ᠨᠠᠷᠢᠨ ᠳᠠᠩᠰᠠᠨ᠎ᠳᠤ ᠣᠷᠣᠭᠤᠯᠤᠨ ᠲᠤᠰᠬᠠᠢ ᠲᠦᠷᠦᠯ᠎ᠢᠶᠡᠷ ᠠᠬᠢᠭᠤᠯᠵᠤ᠂ ᠵᠡᠭᠦᠨ ᠬᠡᠰᠡᠭ᠎ᠢ ᠬᠥᠭᠵᠢᠭᠦᠯᠦᠨ ᠮᠠᠨᠳᠤᠭᠤᠯᠬᠤ᠂ ᠳᠤᠮᠳᠠ ᠡᠪᠰᠡᠭ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠪᠠ ᠪᠠᠷᠠᠭᠤᠨ ᠬᠡᠰᠡᠭ᠎ᠦᠨ ᠴᠢᠨᠠᠷ ᠰᠠᠢᠲᠠᠢ ᠬᠥᠭᠵᠢᠯᠲᠡ᠎ᠶᠢ ᠬᠦᠴᠦᠲᠡᠢ ᠠᠬᠢᠭᠤᠯᠵᠠᠢ᠃
      ᠵᠡᠭᠦᠨ ᠬᠡᠰᠡᠭ᠎ᠦᠨ ᠭᠠᠵᠠᠷ ᠣᠷᠣᠨ ᠬᠥᠭᠵᠢᠯᠲᠡ᠎ᠪᠡᠨ ᠲᠦᠷᠭᠡᠳᠬᠡᠪᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ 5 ᠠᠢᠮᠠᠭ ᠬᠣᠲᠠ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠪᠥᠬᠥ ᠥᠷᠲᠡᠭ 7782.6 ᠳ᠋ᠦᠩᠰᠢᠭᠤᠷ ᠲᠥᠭᠥᠷᠢᠭ᠎ᠲᠦ ᠬᠥᠷᠪᠡ ; ᠠᠮᠤ ᠪᠤᠳᠠᠭ᠎ᠠ ᠪᠠ ᠮᠢᠬᠠᠨ᠎ᠤ ᠵᠦᠢᠯ᠎ᠦᠨ ᠭᠠᠷᠤᠯᠲᠠ ᠲᠣᠰ ᠲᠣᠰ 2390.9 ᠳ᠋ᠦᠩᠰᠢᠭᠤᠷ ᠵᠢᠩ᠂ 153.4 ᠳ᠋ᠦᠩᠰᠢᠭᠤᠷ ᠵᠢᠩ᠎ᠳᠦ ᠬᠦᠷᠴᠡᠢ ; ᠨᠡᠭᠦᠷᠡᠰᠦᠨ᠎ᠦ ᠦᠢᠯᠡᠳᠪᠦᠷᠢᠯᠡᠬᠦ ᠴᠢᠳᠠᠪᠤᠷᠢ᠎ᠶᠢ ᠵᠢᠯ᠎ᠳᠦ 3.5 ᠳ᠋ᠦᠩᠰᠢᠭᠤᠷ ᠲᠣᠨ᠎ᠳᠤ ᠬᠦᠷᠭᠡᠵᠦ᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠮᠠᠰᠢᠨ ᠴᠣᠭᠴᠠᠯᠠᠪᠤᠷᠢ᠎ᠶᠢ ᠲᠠᠬᠢᠨ᠎ᠢᠶᠠᠷ ᠨᠡᠮᠡᠭᠳᠡᠭᠦᠯᠵᠦ᠂ 5876 ᠲᠦᠮᠡᠨ ᠺᠢᠯᠣᠸᠠᠲ᠎ᠲᠤ ᠬᠦᠷᠭᠡᠪᠡ ; ᠬᠣᠷᠴᠢᠨ ᠪᠣᠯᠣᠨ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠢ ᠰᠥᠨᠥᠭᠡᠬᠦ ᠳᠠᠢᠯᠠᠯᠳᠤᠭᠠᠨ ᠢᠳᠡᠪᠬᠢᠲᠡᠢ ᠦᠷ᠎ᠡ ᠪᠦᠲᠦᠮᠵᠢ ᠣᠯᠵᠤ᠂ ᠨᠡᠶ᠋ᠢᠲᠡ 4000 ᠲᠦᠮᠡᠨ ᠮᠦ᠍ ᠡᠪᠡᠰᠦ ᠳᠠᠷᠢᠵᠤ᠂ 2000 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠵᠠᠰᠠᠬᠤ᠎ᠶᠢ ᠪᠡᠶᠡᠯᠡᠭᠦᠯᠪᠡ ; ᠳᠤᠮᠳᠠᠳᠤ ᠮᠣᠩᠭᠣᠯ᠎ᠤᠨ ᠡᠷᠢᠶᠡᠨ ᠬᠣᠲᠠ ︱ ᠵᠠᠮ᠎ᠤᠨ ᠡᠭᠦᠳᠡ᠎ᠶᠢᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ ᠵᠥᠪᠰᠢᠶᠡᠷᠡᠭᠳᠡᠵᠦ᠂ 869 ᠡᠭᠡᠯᠵᠢ᠎ᠶᠢᠨ ᠭᠠᠯᠲᠤ ᠲᠡᠷᠭᠡ᠎ᠶᠢ ᠵᠣᠬᠢᠶᠠᠨ ᠪᠠᠢᠭᠤᠯᠤᠨ ᠲᠠᠷᠬᠠᠭᠠᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠥᠬᠥ ᠲᠣᠭ᠎ᠠ 2371 ᠳ᠋ᠦᠩᠰᠢᠭᠤᠷ ᠲᠥᠭᠥᠷᠢᠭ᠎ᠲᠦ ᠬᠥᠷᠪᠡ; 28 ᠠᠷᠠᠳ᠎ᠤᠨ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠢ ᠪᠠᠢᠭᠤᠯᠵᠤ ᠳᠠᠭᠤᠰᠬᠠᠭᠠᠳ ᠠᠰᠢᠭ᠍ᠯᠠᠯᠲᠠ᠎ᠳᠤ ᠣᠷᠣᠭᠤᠯᠵᠤ᠂ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠲᠣᠣᠷ᠎ᠤᠨ ᠣᠷᠳᠣ᠌᠎ᠶᠢᠨ ᠬᠡᠮᠵᠢᠶ᠎ᠡ 12.9 ᠲᠦᠮᠡᠨ ᠺᠢᠯᠣᠮᠧᠲᠷ᠎ᠲᠦ ᠬᠦᠷᠴᠦ᠂ ᠪᠥᠬᠥ ᠣᠷᠣᠨ᠎ᠤ 54.6%᠎ᠶᠢ ᠡᠵᠡᠯᠡᠪᠡ᠃
      ᠳᠤᠮᠳᠠ ᠬᠡᠰᠡᠭ᠎ᠦᠨ ᠭᠠᠵᠠᠷ ᠣᠷᠣᠨ ᠨᠢᠭᠡ ᠴᠣᠭᠴᠠᠵᠢᠨ ᠬᠥᠭᠵᠢᠪᠡ᠃ 2024 ᠣᠨ᠎ᠳᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ 4 ᠬᠤᠳᠠ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 16259.4 ᠳ᠋ᠦᠩᠰᠢᠭᠤᠷ ᠲᠥᠭᠥᠷᠢᠭ᠎ᠲᠦ ᠬᠦᠷᠴᠦ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠵᠢᠯ ᠪᠦᠷᠢ ᠳᠤᠮᠳᠠᠴᠢ᠎ᠪᠠᠷ 7.2% ᠵᠢᠡᠷ ᠨᠡᠮᠡᠭᠳᠡᠵᠡᠢ᠃ 4 ᠬᠤᠳᠠ᠎ᠶᠢᠨ ᠬᠢᠨ ᠥᠩᠭᠡ ᠦᠵᠡᠮᠵᠢ᠎ᠶᠢᠨ ᠤᠰᠤᠲᠥ᠋ᠷᠥᠭᠴᠢ᠎ᠶᠢ ᠨᠥᠭᠡᠴᠡᠯᠡᠬᠦ ᠠᠵᠤ ᠦᠢᠯᠡᠰ᠎ᠦᠨ ᠬᠡᠯᠬᠢᠶ᠎ᠡ᠎ᠶᠢ ᠬᠠᠮᠲᠤ᠎ᠪᠠᠷ ᠴᠣᠭᠴᠠᠯᠠᠵᠤ᠂ ᠣᠳᠣᠬᠠᠨ᠎ᠳᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠨᠢᠭᠡᠨᠲᠡ 6080 ᠲᠦᠮᠡᠨ ᠺᠢᠯᠣᠸᠠᠲ᠎ᠲᠤ ᠬᠦᠷᠴᠦ᠂ 《 ᠠᠷᠪᠠᠨ ᠭᠤᠷᠪᠠᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠰᠡᠭᠦᠯᠴᠢ᠎ᠶᠢᠨ ᠬᠤᠭᠤᠴᠠᠭᠠᠨ᠎ᠤ 3.5 ᠲᠠᠬᠢᠨ ᠪᠣᠯᠵᠠᠢ᠃ 4 ᠬᠤᠳᠠ᠎ᠶᠢᠨ ᠬᠢᠨ ᠬᠥᠬᠡᠬᠣᠲᠠ᠎ᠪᠠᠷ ᠲᠥᠪ ᠪᠣᠯᠭᠠᠵᠤ᠂ ᠲᠦᠷᠭᠡᠨ᠎ᠦ ᠲᠡᠮᠦᠷ ᠵᠠᠮ ᠪᠤᠶᠤ ᠬᠥᠳᠡᠯᠭᠡᠬᠦ ᠬᠦᠴᠦᠨᠲᠦ ᠭᠠᠯᠲᠤ ᠲᠡᠷᠭᠡ᠎ᠶᠢ ᠪᠠᠢᠩᠭᠤᠵᠢᠭᠤᠯᠤᠨ ᠨᠠᠪᠲᠠᠷᠡᠭᠦᠯᠵᠦ᠂ ᠠᠩᠬ᠎ᠠ ᠠᠯᠬᠤᠮ 2 ᠴᠠᠭ᠎ᠤᠨ ᠵᠠᠮ ᠬᠠᠷᠢᠯᠴᠠᠭᠠᠨ᠎ᠤ ᠬᠦᠷᠢᠶ᠎ᠡ᠎ᠶᠢ ᠪᠦᠷᠢᠯᠳᠦᠭᠦᠯᠪᠡ᠃ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠂ ᠰᠤᠷᠭᠠᠨ ᠬᠥᠮᠦᠵᠢᠯ᠂ ᠰᠣᠶᠣᠯ ᠵᠡᠷᠭᠡ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠬᠠᠮᠲᠤ᠎ᠪᠠᠷ ᠡᠳ᠋ᠯᠡᠬᠦ ᠶᠠᠪᠤᠳᠠᠯ᠎ᠢ ᠲᠦᠷᠭᠡᠪᠴᠢᠯᠡᠨ ᠲᠦᠯᠬᠢᠨ ᠠᠬᠢᠭᠤᠯᠪᠠ᠃
      ᠪᠠᠷᠠᠭᠤᠨ ᠬᠡᠰᠡᠭ᠎ᠦᠨ ᠭᠠᠵᠠᠷ ᠣᠷᠣᠨ ᠬᠡᠯᠪᠡᠷᠢ᠎ᠪᠡᠨ ᠬᠤᠪᠢᠷᠠᠭᠤᠯᠤᠨ ᠬᠥᠭᠵᠢᠪᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠪᠠᠷᠠᠭᠤᠨ ᠬᠡᠰᠡᠭ᠎ᠦᠨ 3 ᠠᠢᠮᠠᠭ ᠬᠣᠲᠠ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ᠂ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠦᠨ ᠣᠷᠣᠯᠭ᠎ᠠ ᠲᠣᠰ ᠲᠣᠰ ᠪᠥᠬᠥ ᠣᠷᠣᠨ᠎ᠤ 8.6% ᠪᠠ 6.6%᠎ᠶᠢ ᠡᠵᠡᠯᠡᠪᠡ ; ᠪᠠᠶᠠᠨᠨᠠᠭᠤᠷ ᠬᠣᠲᠠ᠂ ᠦᠬᠠᠢ ᠬᠣᠲᠠ᠂ ᠠᠯᠠᠱᠠ ᠠᠢᠮᠠᠭ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠲᠣᠰ ᠪᠥᠬᠥ ᠣᠷᠣᠨ᠎ᠤ 8 ᠳ᠋ᠤᠭᠠᠷ᠂ 2 ᠳ᠋ᠤᠭᠠᠷ᠂ 5 ᠳ᠋ᠤᠭᠠᠷ᠎ᠲᠤ ᠵᠢᠭ᠍ᠰᠠᠭᠠᠪᠠ᠃ ᠲᠥᠷᠥ᠎ᠶᠢᠨ ᠶᠠᠪᠤᠳᠠᠯ᠎ᠤᠨ ᠬᠣᠷᠢᠶ᠎ᠠ᠎ᠠᠴᠠ ᠪᠠᠶᠠᠨᠨᠠᠭᠤᠷ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠣᠷᠣᠨ ᠪᠠᠶ᠋ᠢᠭᠤᠯᠬᠤ᠎ᠶᠢ ᠵᠥᠪᠰᠢᠶᠡᠷᠡᠵᠦ᠂ ᠪᠠᠶᠠᠨᠨᠠᠭᠤᠷ ᠬᠣᠲᠠ ᠵᠠᠭᠤᠨ ᠲᠦᠮᠡᠨ ᠮᠦ᠍ 《 ᠲᠣᠨ ᠠᠮᠤ᠎ᠶᠢᠨ ᠲᠠᠷᠢᠶ᠎ᠠ 》᠎ᠶᠢ ᠪᠠᠢᠭᠤᠯᠤᠨ ᠪᠦᠲᠦᠭᠡᠪᠡ᠃ 2024 ᠣᠨ᠎ᠳᠤ ᠪᠠᠷᠠᠭᠤᠨ ᠬᠡᠰᠡᠭ᠎ᠦᠨ ᠭᠠᠵᠠᠷ ᠣᠷᠣᠨ᠎ᠤ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭᠠᠨ᠎ᠤ ᠬᠡᠮᠵᠢᠶ᠎ᠡ ᠪᠥᠬᠥ ᠣᠷᠣᠨ᠎ᠤ 52.3% ᠶ᠋ᠢ ᠡᠵᠡᠯᠡᠪᠡ ᠃
      ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠪᠠᠰᠠ ᠥᠪᠥᠷ ᠮᠣᠩᠭᠣᠯ᠎ᠤᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢᠬᠢ ᠬᠠᠳᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢᠲᠠᠢ ᠬᠥᠭᠵᠢᠯᠲᠡ᠎ᠶᠢ ᠬᠠᠮᠵᠢᠯᠴᠠᠨ ᠠᠬᠢᠭᠤᠯᠤᠭᠠᠳ ᠣᠯᠣᠭᠰᠠᠨ ᠪᠣᠳᠠᠲᠤ ᠦᠷ᠎ᠡ ᠪᠦᠲᠦᠮᠵᠢ᠎ᠶᠢ ᠨᠡᠢᠲᠡᠯᠡᠪᠡ᠃
      ᠤᠯᠤᠰ᠎ᠤᠨ ᠴᠢᠬᠤᠯᠠ ᠡᠨᠧᠷᠭᠢ᠎ᠶᠢᠨ ᠰᠤᠷᠪᠤᠯᠵᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠲᠠᠯ᠎ᠠ᠎ᠪᠠᠷ᠂ 2024 ᠣᠨ᠎ᠳᠤ ᠬᠠᠳᠤᠨ ᠭᠣᠣᠯ ᠳᠠᠭᠠᠤ ᠠᠢᠮᠠᠭ ᠬᠤᠳᠠ᠎ᠶᠢᠨ ᠨᠡᠭᠦᠷᠡᠰᠦᠨ᠎ᠦ ᠭᠠᠷᠤᠯᠲᠠ 9.67 ᠳ᠋ᠦᠩᠰᠢᠭᠤᠷ ᠲᠣᠨ᠎ᠳᠤ ᠬᠦᠷᠴᠦ᠂ ᠤᠯᠤᠰ᠎ᠤᠨ ᠴᠠᠬᠢᠯᠭᠠᠨ ᠭᠠᠷᠭᠠᠬᠤ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ ; ᠬᠥᠪᠴᠢ᠎ᠶᠢᠨ ᠳᠤᠮᠳᠠ ᠬᠣᠢᠲᠤ ᠬᠡᠰᠡᠭ ᠵᠡᠷᠭᠡ ᠭᠣᠪᠢ ᠴᠥᠯ ᠠᠲᠠᠷ ᠭᠠᠵᠠᠷ᠎ᠤᠨ 6 ᠲᠣᠮᠣ᠌ ᠰᠠᠭᠤᠷᠢᠨ ᠭᠠᠵᠠᠷ᠎ᠲᠤ ᠰᠢᠨ᠎ᠡ ᠡᠨᠧᠷᠭᠢ᠎ᠶᠢᠨ ᠰᠤᠷᠪᠤᠯᠵᠢ᠎ᠶᠢ ᠲᠥᠪᠯᠡᠷᠡᠭᠦᠯᠦᠨ ᠨᠡᠭᠡᠭᠡᠨ ᠬᠥᠭᠵᠢᠭᠦᠯᠵᠦ ᠂ ᠬᠠᠲᠤᠨ ᠭᠣᠣᠯ ᠳᠠᠭᠠᠤ ᠠᠢᠮᠠᠭ ᠬᠣᠲᠠ ᠳᠠᠭᠠᠤ᠎ᠶᠢᠨ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠨᠡᠶ᠋ᠢᠲᠡ 8730 ᠲᠦᠮᠡᠨ ᠺᠢᠯᠣᠸᠠᠲ᠎ᠲᠤ ᠬᠦᠷᠴᠦ᠂ ᠪᠠᠷᠤᠭ 2020 ᠣᠨ᠎ᠤ ᠬᠢ᠎ᠡᠴᠡ 3.6 ᠳᠠᠬᠢᠨ ᠪᠣᠯᠪᠠ ; ᠥᠩᠭᠡ ᠦᠵᠡᠮᠵᠢ᠎ᠶᠢᠨ ᠤᠰᠤᠲᠥ᠋ᠷᠥᠭᠴᠢ᠎ᠶᠢ ᠨᠥᠭᠡᠴᠡᠯᠡᠬᠦ ᠠᠵᠤ ᠦᠢᠯᠡᠰ᠎ᠦᠨ ᠪᠦᠯᠦᠭᠵᠢᠯ᠎ᠢ ᠪᠣᠶ ᠪᠣᠯᠭᠠᠵᠤ᠂ ᠪᠥᠬᠥ ᠤᠯᠤᠰ᠎ᠤᠨ ᠠᠩᠬᠠᠳᠠᠭ᠍ᠴᠢ ᠲᠦᠮᠡᠨ ᠲᠣᠨ᠎ᠤ ᠲᠠᠰ᠎ᠤᠨ ᠰᠢᠨ᠎ᠡ ᠡᠨᠧᠷᠭᠢ᠎ᠶᠢᠨ ᠤᠰᠤᠲᠥ᠋ᠷᠥᠭᠴᠢ᠎ᠶᠢ ᠦᠢᠯᠡᠳᠬᠦ ᠲᠥᠷᠥᠯ ᠵᠦᠢᠯ᠎ᠢ ᠠᠮᠵᠢᠯᠲᠠ᠎ᠲᠠᠢ᠎ᠪᠠᠷ ᠠᠰᠢᠭ᠍ᠯᠠᠯᠲᠠ᠎ᠳᠤ ᠣᠷᠣᠭᠤᠯᠵᠤ ᠂ ᠪᠥᠬᠥ ᠤᠯᠤᠰ᠎ᠤᠨ ᠠᠩᠬᠠᠳᠠᠭ᠍ᠴᠢ 《 ᠨᠡᠭᠦᠷᠡᠰᠦᠲᠥ᠋ᠷᠥᠭᠴᠢ ᠦᠭᠡᠢ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠵᠢᠷᠤᠮᠵᠢᠯ 》᠎ᠤᠨ ᠪᠠᠷᠢᠮᠵᠢᠶ᠎ᠠ᠎ᠶᠢ ᠨᠡᠢᠲᠡᠯᠡᠪᠡ ; 《 ᠬᠣᠶᠠᠷ ᠬᠣᠪᠣᠷ ᠰᠢᠷᠣᠢ᠎ᠶᠢᠨ ᠰᠠᠭᠤᠷᠢᠨ ᠭᠠᠵᠠᠷ 》᠎ᠤᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ ᠢᠯᠡᠷᠬᠡᠢ ᠪᠠᠢᠵᠤ ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠢ ᠤᠯᠤᠰ᠎ᠤᠨ ᠲᠠᠰ᠎ᠤᠨ ᠲᠡᠷᠢᠭᠦᠨ᠎ᠦ ᠦᠢᠯᠡᠳᠬᠦ ᠦᠢᠯᠡᠰ᠎ᠦᠨ ᠪᠦᠯᠦᠭᠯᠡᠯ᠎ᠳᠦ ᠣᠷᠣᠭᠤᠯᠪᠠ᠃
      ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠲᠠᠯ᠎ᠠ᠎ᠪᠠᠷ᠂ ᠪᠣᠷᠣᠳᠣᠬᠣᠢ ᠵᠡᠷᠭᠡ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢᠨ ᠢᠨᠵᠧᠨᠧᠷᠢᠩ᠎ᠢ ᠬᠡᠷᠡᠭᠵᠢᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠭᠠᠩᠳᠠᠵᠤ ᠤᠰᠤᠲᠤᠪᠠᠴᠤ ᠬᠤᠷᠢᠶᠠᠯᠲᠠ᠎ᠶᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠵᠤ᠂ ᠬᠠᠲᠤᠨ ᠭᠣᠣᠯ ᠳᠠᠭᠠᠤ ᠠᠢᠮᠠᠭ ᠬᠣᠲᠠ᠎ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠢᠨᠵᠧᠨᠧᠷᠢᠩ᠎ᠢ ᠨᠡᠶ᠋ᠢᠲᠡ 1844 ᠲᠦᠮᠡᠨ ᠮᠦ᠍ ᠪᠠᠢᠭᠤᠯᠵᠤ ᠳᠠᠭᠤᠰᠬᠠᠪᠠ ; ᠬᠦᠴᠦ᠎ᠪᠡᠨ ᠲᠥᠪᠯᠡᠷᠡᠭᠦᠯᠦᠨ ᠰᠦ ᠮᠢᠬ᠎ᠠ ᠲᠥᠮᠥᠰᠥ ᠨᠣᠯᠤᠤᠷ ᠪᠠ ᠡᠷᠳᠡᠨᠢ ᠰᠢᠰᠢ᠂ ᠡᠪᠡᠰᠦᠨ᠎ᠦ ᠦᠢᠯᠡᠰ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢ ᠪᠣᠶ ᠪᠣᠯᠭᠠᠵᠤ᠂ ᠪᠣᠷᠣᠳᠣᠬᠣᠢ᠎ᠶᠢᠨ ᠨᠡᠷᠡᠨ ᠬᠤᠸᠠᠷ᠂ ᠤᠯᠠᠭᠠᠨᠴᠠᠪ᠎ᠤᠨ ᠲᠥᠮᠥᠰᠥ᠂ ᠦᠬᠠᠢ᠎ᠶᠢᠨ ᠦᠵᠦᠮ ᠵᠡᠷᠭᠡ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠥᠷᠥᠯ ᠲᠡᠮᠳᠡᠭ 《 ᠳᠤᠮᠳᠠᠳᠤ ᠤᠯᠤᠰ᠎ᠤᠨ ᠲᠠᠷᠢᠶᠠᠯᠠᠩ᠎ᠤᠨ ᠨᠠᠷᠠᠲᠤ ᠲᠥᠷᠥᠯ ᠲᠡᠮᠳᠡᠭ᠎ᠦᠨ ᠭᠠᠷᠴᠠᠭ 》᠎ᠲᠤ ᠰᠣᠩᠭᠣᠭᠳᠠᠪᠠ᠃
      ᠣᠨᠴᠠᠯᠢᠭ᠍ᠲᠤ ᠳᠠᠪᠠᠭᠤᠯᠢᠭ᠋ ᠤᠳᠤ ᠦᠶ᠎ᠡ᠎ᠶᠢᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠲᠠᠯ᠎ᠠ᠎ᠪᠠᠷ᠂ ᠬᠠᠳᠤᠨ ᠭᠣᠣᠯ᠎ᠤᠨ ᠠᠢᠮᠠᠭ ᠬᠤᠳᠠ᠎ᠶᠢᠨ ᠬᠢᠨ ᠡᠬᠢ ᠪᠠᠶᠠᠯᠢᠭ᠋᠎ᠤᠨ ᠳᠠᠪᠠᠭᠤᠯᠢᠭ᠋ ᠪᠠ ᠠᠵᠤ ᠦᠢᠯᠡᠰ᠎ᠦᠨ ᠰᠠᠭᠤᠷᠢ᠎ᠶᠢᠨ ᠲᠣᠭᠣᠷᠢᠨ᠎ᠳᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠢᠭᠠᠳ ᠣᠷᠣᠨ ᠪᠦᠰᠡ᠎ᠶᠢᠨ ᠣᠨᠴᠠᠯᠢᠭ᠋᠎ᠢᠶᠠᠷ ᠪᠠᠶᠠᠯᠢᠭ᠋ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠵᠠᠢ᠃ ᠬᠥᠬᠡᠬᠣᠲᠠ ᠤᠯᠤᠰ᠎ᠤᠨ ᠲᠠᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢ ᠪᠠᠢᠭᠤᠯᠵᠤ ᠂ ᠪᠥᠬᠥ ᠤᠯᠤᠰ᠎ᠤᠨ ᠨᠢᠭᠡ ᠴᠣᠭᠴᠠᠵᠢᠭ᠍ᠰᠠᠨ ᠪᠤᠳᠤᠬᠤ ᠬᠦᠴᠦᠨ᠎ᠦ ᠰᠦᠯᠵᠢᠶᠡᠨ᠎ᠦ ᠵᠠᠩᠭᠢᠯᠠᠭ᠎ᠠ᠎ᠶᠢᠨ ᠴᠡᠭ᠎ᠢᠶᠡᠷ ᠵᠥᠪᠰᠢᠶᠡᠷᠡᠭᠳᠡᠪᠡ ; ᠪᠤᠭᠤᠲᠤ ᠬᠤᠳᠠ ᠤᠯᠤᠰ᠎ᠤᠨ ᠡᠨᠧᠷᠭᠢ᠎ᠶᠢᠨ ᠬᠦᠷᠢᠶᠡᠨ᠎ᠦ ᠤᠰᠤᠲᠥ᠋ᠷᠥᠭᠴᠢ ᠡᠨᠧᠷᠭᠢ᠎ᠶᠢᠨ ᠣᠷᠣᠨ ᠪᠦᠰᠡ᠎ᠶᠢᠨ ᠲᠤᠷᠰᠢᠯᠲᠠ᠎ᠶᠢᠨ ᠴᠡᠭ᠎ᠢᠶᠡᠷ ᠰᠣᠩᠭᠣᠭᠳᠠᠵᠤ᠂ ᠨᠡᠯᠢᠶᠡᠳ ᠪᠦᠷᠢᠨ ᠪᠦᠲᠦᠨ ᠲᠠᠯᠠᠰᠲᠤ ᠴᠠᠬᠢᠭᠤᠷ ᠬᠡᠷᠡᠯ ᠴᠡᠨᠡᠭ᠎ᠦᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠪᠡ; ᠣᠷᠳᠣᠰ ᠬᠤᠳᠠ᠎ᠳᠤ ᠤᠯᠤᠰ᠎ᠤᠨ ᠳᠡᠰ᠎ᠤᠨ ᠶᠡᠷᠦᠩᠬᠡᠢᠯᠡᠭᠰᠡᠨ ᠴᠢᠨᠠᠷᠲᠠᠢ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠣᠷᠣᠨ᠎ᠢ ᠪᠠᠢᠭᠤᠯᠪᠠ ᠁
      ᠬᠠᠲᠤᠨ ᠭᠣᠣᠯ ᠳᠠᠭᠠᠤ ᠮᠤᠵᠢ ᠣᠷᠣᠨ᠎ᠤ ᠬᠠᠮᠵᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠬᠤ ᠲᠠᠯ᠎ᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠲᠣᠰ ᠲᠣᠰ ᠱᠠᠨᠰᠢ ᠮᠤᠵᠢ᠂ ᠬᠥᠬᠡᠨᠠᠭᠤᠷ ᠮᠤᠵᠢ᠂ ᠭᠠᠨᠰᠤ ᠮᠤᠵᠢ᠂ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠪᠣᠷᠣ᠌ ᠲᠥᠯᠥᠪ᠎ᠦᠨ ᠵᠥᠪᠯᠡᠯᠴᠡᠭᠡᠷ ᠲᠣᠭᠲᠠᠪᠠ ; ᠰᠠᠭᠤᠷᠢ ᠲᠥᠬᠦᠭᠡᠷᠦᠮᠵᠢ᠎ᠶᠢᠨ ᠬᠣᠯᠪᠣᠯᠳᠤᠨ ᠨᠡᠪᠲᠡᠷᠡᠯᠴᠡᠬᠦ᠎ᠶᠢ ᠴᠢᠩᠭᠠᠳᠬᠠᠵᠤ᠂ ᠵᠢᠨᠢᠩ – ᠳ᠋ᠠᠲ᠋ᠦ᠋ᠩ – ᠲᠠᠢᠶᠤᠸᠠᠨ ᠬᠦᠷᠬᠦ ᠲᠦᠷᠭᠡᠨ᠎ᠦ ᠲᠡᠮᠦᠷ ᠵᠠᠮ᠎ᠢ ᠪᠠᠢᠭᠤᠯᠤᠨ ᠲᠡᠷᠭᠡ ᠨᠠᠪᠲᠠᠷᠡᠭᠦᠯᠵᠦ᠂ ᠪᠤᠭᠤᠲᠤ᠎ᠠᠴᠠ ᠢᠷᠭᠠᠢ᠎ᠳᠤ ᠬᠦᠷᠬᠦ ᠲᠦᠷᠭᠡᠨ᠎ᠦ ᠲᠡᠮᠦᠷ ᠵᠠᠮ᠎ᠢ ᠠᠰᠢᠭ᠍ᠯᠠᠯᠲᠠ᠎ᠳᠤ ᠣᠷᠣᠭᠤᠯᠬᠤ᠎ᠪᠠᠷ ᠪᠠᠢᠨ᠎ᠠ; ᠬᠠᠲᠤᠨ ᠭᠣᠣᠯ᠎ᠤᠨ ᠰᠣᠶᠣᠯ᠎ᠢ ᠬᠠᠮᠲᠤ᠎ᠪᠠᠷ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠬᠠᠲᠤᠨ ᠭᠣᠣᠯ ᠳᠠᠭᠠᠤ᠎ᠶᠢᠨ ᠶᠢᠰᠦᠨ ᠮᠤᠵᠢ ᠣᠷᠣᠨ᠎ᠤ ᠬᠠᠲᠤᠨ ᠭᠣᠣᠯ᠎ᠤᠨ ᠰᠣᠶᠣᠯ ᠠᠷᠠᠳ᠎ᠤᠨ ᠳᠠᠭᠤᠤ᠎ᠶᠢᠨ ᠦᠵᠡᠭᠦᠯᠭᠡ᠎ᠶᠢᠨ ᠲᠣᠭᠯᠠᠯᠲᠠ ᠵᠡᠷᠭᠡ ᠠᠵᠢᠯᠯᠠᠭ᠎ᠠ᠎ᠶᠢ ᠡᠷᠬᠢᠯᠡᠵᠦ᠂ ᠬᠠᠲᠤᠨ ᠭᠣᠣᠯ᠎ᠤᠨ 《 几 ᠦᠰᠦᠭᠲᠦ ᠮᠤᠷᠤᠢᠯᠲᠠ》᠎ᠶᠢᠨ ᠰᠣᠶᠣᠯ ᠵᠢᠭᠤᠯᠴᠢᠯᠠᠯ᠎ᠤᠨ ᠪᠦᠰᠡ᠎ᠶᠢ ᠪᠦᠬᠦ ᠬᠦᠴᠦᠨ᠎ᠢᠶᠡᠷ᠎ᠢᠶᠡᠨ ᠴᠣᠭᠴᠠᠯᠠᠪᠠ᠃
      2024 ᠣᠨ᠎ᠳᠤ ᠥᠪᠥᠷ ᠮᠣᠩᠭᠣᠯ᠎ᠤᠨ ᠬᠠᠲᠤᠨ ᠭᠣᠣᠯ ᠳᠠᠭᠠᠤ᠎ᠶᠢᠨ 7 ᠠᠢᠮᠠᠭ ᠬᠣᠲᠠ᠎ᠶᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠪᠥᠬᠥ ᠥᠷᠲᠡᠭ᠎ᠢ 18510.9 ᠳ᠋ᠦᠩᠰᠢᠭᠤᠷ ᠲᠥᠭᠥᠷᠢᠭ ᠪᠡᠶᠡᠯᠡᠭᠦᠯᠵᠦ ᠂ 2020 ᠣᠨ᠎ᠤ ᠬᠢ᠎ᠡᠴᠡ 30%᠎ᠪᠠᠷ ᠨᠡᠮᠡᠭᠳᠡᠪᠡ᠃
      《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢᠶᠠᠨ ᠪᠠᠲᠤᠳᠬᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠢ᠎ᠶᠢ ᠵᠠᠰᠠᠬᠤ ᠪᠠ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠂ ᠶᠡᠷᠦᠩᠬᠡᠢᠯᠡᠨ ᠵᠠᠰᠠᠬᠤ᠂ ᠰᠢᠰᠲᠧᠮ ᠲᠠᠢ ᠵᠠᠰᠠᠬᠤ᠂ ᠡᠬᠢ ᠡᠭᠦᠰᠦᠯ᠎ᠡᠴᠡ ᠨᠢ ᠵᠠᠰᠠᠬᠤ᠎ᠶᠢ ᠴᠢᠩᠭᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠡᠷᠡᠭᠦᠯ ᠡᠩᠬᠡ ᠠᠮᠢ ᠨᠠᠰᠤ᠎ᠶᠢ ᠪᠦᠬᠦ ᠰᠡᠳᠬᠢᠯ᠎ᠢᠶᠡᠷ ᠬᠠᠮᠠᠭᠠᠯᠠᠪᠠ᠃
      ᠭᠣᠣᠯ ᠨᠠᠭᠤᠷ᠎ᠤᠨ ᠠᠮᠢ ᠠᠬᠤᠢ᠎ᠶᠢᠨ ᠤᠰᠤᠨ᠎ᠤ ᠬᠡᠮᠵᠢᠶ᠎ᠡ᠎ᠶᠢᠨ ᠪᠠᠲᠤᠯᠠᠭ᠎ᠠ᠎ᠶᠢ ᠴᠢᠩᠭᠠᠳᠬᠠᠬᠤ ᠲᠠᠯ᠎ᠠ᠎ᠪᠠᠷ᠂ ᠤᠯᠠᠭᠠᠨᠰᠤᠬᠠᠢ 2019 ᠣᠨ᠎ᠳᠤ ᠶᠡᠷᠦᠩᠬᠡᠢᠯᠡᠨ ᠵᠠᠰᠠᠬᠤ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠨᠡᠢ᠍ᠢᠳᠡ 35.18 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠪᠡ; ᠳᠠᠭ᠎ᠠ᠎ᠶᠢᠨ ᠨᠠᠭᠤᠷ 2022 ᠣᠨ᠎ᠳᠤ ᠪᠠᠴᠢᠮ ᠪᠠᠢᠳᠠᠯ᠎ᠢ ᠠᠷᠭᠠᠴᠠᠬᠤ ᠠᠮᠢ ᠠᠬᠤᠢ᠎ᠶᠢᠨ ᠤᠰᠤ ᠨᠥᠬᠥᠪᠦᠷᠢᠯᠡᠬᠦ ᠢᠨᠵᠧᠨᠧᠷᠢᠩ᠎ᠳᠦ ᠤᠰᠤ ᠨᠡᠪᠲᠡᠷᠡᠭᠰᠡᠨ᠎ᠡᠴᠡ ᠨᠠᠭᠠᠰᠢ᠂ ᠨᠡᠢ᠍ᠢᠳᠡ 6316 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠡᠢ᠃
      《 ᠤᠮᠠᠷᠠᠲᠤ᠎ᠶᠢᠨ ᠭᠤᠷᠪᠠᠨ ᠣᠷᠣᠨ 》᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠬᠦᠴᠦ ᠨᠡᠮᠡᠷᠢᠯᠡᠬᠦ ᠲᠠᠯ᠎ᠠ᠎ᠪᠠᠷ ᠂ ᠵᠢᠵᠢᠭ ᠰᠠᠪᠠ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠨᠠᠯᠠᠤ ᠲᠠᠷᠢᠶᠠᠨ ᠭᠠᠵᠠᠷ᠎ᠢ ᠵᠠᠰᠠᠬᠤ᠂ ᠨᠦᠯᠦᠮᠡᠯ ᠭᠠᠵᠠᠷ᠎ᠤᠨ ᠬᠠᠰᠢᠯᠭ᠎ᠠ ᠪᠣᠯᠣᠨ ᠡᠯᠡᠰᠦ ᠬᠠᠰᠢᠬᠤ ᠬᠠᠰᠢᠯᠭ᠎ᠠ ᠵᠡᠷᠭᠡ ᠢᠨᠵᠧᠨᠧᠷᠢᠩ᠎ᠢ ᠰᠢᠨ᠎ᠡ᠎ᠪᠡᠷ ᠪᠠᠶ᠋ᠢᠭᠤᠯᠬᠤ᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠨᠡᠢ᠍ᠢᠳᠡ 23.57 ᠳ᠋ᠦᠩᠰᠢᠭᠤᠷ ᠲᠥᠭᠥᠷᠢᠭ᠎ᠤᠨ ᠣᠷᠣᠭᠤᠯᠤᠯᠲᠠ ᠣᠷᠣᠭᠤᠯᠵᠤ᠂ ᠥᠪᠥᠷ ᠮᠣᠩᠭᠣᠯ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠤᠨ ᠲᠠᠯᠠᠪᠠᠢ 2515 ᠲᠡᠭᠰᠢ ᠳᠥᠷᠪᠡᠯᠵᠢᠨ ᠺᠢᠯᠣᠮᠧᠲᠷ ᠵᠢᠡᠷ ᠪᠠᠭᠠᠰᠴᠤ᠂ ᠪᠠᠭᠠᠰᠤᠭᠰᠠᠨ ᠬᠡᠮᠵᠢᠶ᠎ᠡ ᠨᠢ 3.8% ᠪᠠᠢᠵᠤ᠂ ᠳᠤᠮᠳᠠ ᠵᠡᠷᠭᠡ᠎ᠡᠴᠡ ᠳᠡᠭᠡᠭᠰᠢᠬᠢ ᠬᠥᠷᠥᠰᠥ ᠰᠢᠷᠣᠢ᠎ᠶᠢᠨ ᠢᠳᠡᠭᠳᠡᠯ᠎ᠤᠨ ᠲᠠᠯᠠᠪᠠᠢ ᠨᠢ 326 ᠲᠡᠭᠰᠢ ᠳᠥᠷᠪᠡᠯᠵᠢᠨ ᠺᠢᠯᠣᠮᠧᠲᠷ ᠵᠢᠡᠷ ᠬᠠᠰᠤᠭᠳᠠᠵᠤ᠂ ᠬᠠᠰᠤᠭᠳᠠᠭᠰᠠᠨ ᠬᠡᠮᠵᠢᠶ᠎ᠡ ᠨᠢ 2.1% ᠪᠡᠷ ᠬᠠᠰᠤᠭᠳᠠᠵᠤ᠂ ᠲᠠᠯᠠᠪᠠᠢ ᠪᠣᠯᠣᠨ ᠬᠦᠴᠦᠯᠡᠴᠡ ᠨᠢ ᠦᠷᠭᠦᠯᠵᠢᠯᠡᠨ 《 ᠬᠣᠶᠠᠷ ᠪᠠᠭᠤᠷᠠᠯᠲᠠ 》᠎ᠶᠢ ᠪᠡᠶᠡᠯᠡᠭᠦᠯᠵᠦ᠂ ᠬᠥᠷᠥᠰᠥ ᠰᠢᠷᠣᠢ᠎ᠶᠢ ᠬᠠᠮᠠᠭᠠᠯᠠᠭᠰᠠᠨ ᠨᠤᠷᠮ᠎ᠠ ᠨᠢ 58.29%᠎ᠳᠤ ᠬᠥᠷᠥᠭᠰᠡᠨ ᠪᠠᠢᠨ᠎ᠠ᠃
      ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ᠎ᠶᠢᠨ ᠲᠦᠪᠰᠢᠨ᠎ᠢ ᠴᠢᠩᠭᠠᠳᠬᠠᠬᠤ ᠲᠠᠯ᠎ᠠ᠎ᠪᠠᠷ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠥᠪᠥᠷ ᠮᠣᠩᠭᠣᠯ 《 ᠲᠦᠷᠪᠡᠨ ᠳᠤᠷ᠎ᠠ᠎ᠪᠠᠷ᠎ᠢᠶᠠᠨ ᠪᠠᠢᠬᠤ 》 ᠠᠰᠠᠭᠤᠳᠠᠯ᠎ᠢ ᠨᠡᠢ᠍ᠢᠳᠡ 4811 ᠴᠡᠪᠡᠷᠯᠡᠵᠦ᠂ ᠬᠠᠳᠤᠨ ᠭᠣᠣᠯ᠎ᠤᠨ ᠰᠠᠢᠷᠭᠠᠯ᠎ᠤᠨ ᠣᠷᠣᠨ᠎ᠤ 1180 ᠰᠢᠬᠠᠮ ᠮᠦ᠍ ᠦᠶᠡᠷ᠎ᠦᠨ ᠤᠰᠤ᠎ᠶᠢ ᠤᠷᠤᠰᠬᠠᠬᠤ᠎ᠶᠢ ᠬᠦᠨᠳᠦ ᠨᠣᠴᠢᠲᠠᠢ ᠬᠠᠷᠰᠢᠯᠠᠭᠰᠠᠨ ᠪᠠ ᠭᠣᠣᠯ᠎ᠤᠨ ᠤᠷᠤᠰᠬᠠᠯ᠎ᠤᠨ ᠲᠣᠭᠲᠠᠭᠤᠨ ᠪᠠᠢᠳᠠᠯ᠎ᠢ ᠨᠥᠯᠥᠭᠡᠯᠡᠭᠰᠡᠨ ᠤᠢ ᠮᠣᠳᠣ᠌᠎ᠶᠢ ᠴᠡᠪᠡᠷᠯᠡᠨ ᠵᠠᠰᠠᠬᠤ ᠠᠵᠢᠯ᠎ᠢ ᠪᠡᠶᠡᠯᠡᠭᠦᠯᠵᠦ᠂ ᠬᠠᠳᠤᠨ ᠭᠣᠣᠯ᠎ᠤᠨ ᠰᠠᠢᠷᠭᠠᠯ᠎ᠤᠨ ᠣᠷᠣᠨ᠎ᠤ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠡᠮᠬᠢ ᠵᠢᠷᠤᠮ᠎ᠲᠠᠢ᠎ᠪᠠᠷ ᠰᠢᠯᠵᠢᠭᠦᠯᠦᠨ ᠭᠠᠷᠭᠠᠵᠤ᠂ ᠬᠠᠳᠤᠨ ᠭᠣᠣᠯ᠎ᠤᠨ ᠰᠠᠢᠷᠭᠠᠯ᠎ᠤᠨ ᠣᠷᠣᠨ᠎ᠤ 1687 ᠡᠷᠦᠬᠡ᠂ 4213 ᠬᠥᠮᠥᠨ᠎ᠢ ᠰᠢᠯᠵᠢᠭᠦᠯᠦᠨ ᠪᠠᠶ᠋ᠢᠭᠤᠯᠬᠤ᠎ᠶᠢ ᠪᠡᠶᠡᠯᠡᠭᠦᠯᠵᠡᠢ᠃
      ᠬᠠᠲᠤᠨ ᠭᠣᠣᠯ᠎ᠤᠨ ᠰᠠᠪᠠ ᠭᠠᠵᠠᠷ᠎ᠤᠨ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠵᠤ ᠶᠡᠷᠦᠩᠬᠡᠢᠯᠡᠨ ᠵᠠᠰᠠᠬᠤ᠎ᠶᠢ ᠲᠦᠷᠭᠡᠳᠬᠡᠨ ᠠᠬᠢᠭᠤᠯᠬᠤ ᠲᠠᠯ᠎ᠠ᠎ᠪᠠᠷ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠡᠯ᠎ᠡ ᠠᠢᠮᠠᠭ ᠬᠣᠲᠠ᠎ᠶᠢᠨ ᠭᠠᠵᠠᠷ ᠳᠣᠣᠷᠠᠬᠢ ᠤᠰᠤᠨ᠎ᠤ ᠲᠦᠪᠰᠢᠨ 7 ᠰᠠᠷ᠎ᠠ ᠳᠠᠷᠠᠭᠠᠯᠠᠨ ᠪᠠᠷᠢᠮᠵᠢᠶᠠᠲᠤ ᠬᠡᠮᠵᠢᠭᠳᠡᠯ᠎ᠡᠴᠡ ᠳᠠᠪᠠᠭᠰᠠᠨ ᠦᠭᠡᠢ᠂ 2025 ᠣᠨ᠎ᠤ ᠭᠤᠷᠪᠠᠳᠤᠭᠠᠷ ᠤᠯᠠᠷᠢᠯ᠎ᠳᠤ᠂ ᠬᠠᠲᠤᠨ ᠭᠣᠣᠯ᠎ᠤᠨ ᠰᠠᠪᠠ ᠭᠠᠵᠠᠷ᠎ᠤᠨ ᠡᠯ᠎ᠡ ᠬᠡᠲᠦᠷᠡᠲᠡᠯ᠎ᠡ ᠲᠠᠲᠠᠭᠰᠠᠨ ᠣᠷᠣᠨ᠎ᠤ ᠭᠠᠵᠠᠷ ᠳᠣᠣᠷᠠᠬᠢ ᠤᠰᠤᠨ᠎ᠤ ᠲᠦᠪᠰᠢᠨ ᠠᠳᠠᠯᠢ ᠬᠤᠭᠤᠴᠠᠭᠠᠨ᠎ᠤ ᠬᠢ᠎ᠡᠴᠡ ᠴᠥᠮ ᠲᠣᠭᠲᠠᠭᠤᠨ ᠪᠤᠶᠤ ᠳᠡᠭᠡᠭᠰᠢᠯᠡᠬᠦ ᠬᠠᠨᠳᠤᠰᠢ᠎ᠲᠠᠢ ᠪᠣᠯᠤᠭᠰᠠᠨ ᠪᠠᠢᠨ᠎ᠠ᠃
      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋ ᠬᠢᠭᠡᠳ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠷᠢᠰᠢᠯ᠎ᠤᠨ ᠬᠠᠷᠢᠯᠴᠠᠨ ᠵᠣᠬᠢᠴᠠᠯᠳᠤᠬᠤ ᠦᠭᠡᠢ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠨ᠂ 《 ᠤᠰᠤ ᠬᠠᠮᠢᠶᠠᠷᠬᠤ᠂ ᠤᠰᠤ ᠠᠷᠪᠢᠯᠠᠬᠤ᠂ ᠤᠰᠤ ᠵᠠᠰᠠᠬᠤ᠂ ᠤᠰᠤ ᠨᠡᠮᠡᠭᠳᠡᠭᠦᠯᠬᠦ᠂ ᠤᠰᠤ ᠠᠮᠢᠯᠠᠭᠤᠯᠬᠤ 》 5 ᠲᠠᠯ᠎ᠠ᠎ᠪᠠᠷ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠢ ᠲᠠᠰᠤᠷᠠᠯᠲᠠ ᠦᠭᠡᠢ ᠴᠢᠩᠭᠠᠳᠬᠠᠵᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ᠎ᠶᠢ ᠶᠡᠬᠡ᠎ᠪᠡᠷ ᠲᠦᠯᠬᠢᠨ ᠠᠬᠢᠭᠤᠯᠵᠤ ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠬᠦᠴᠦᠲᠡᠢ ᠪᠠᠲᠤᠯᠠᠪᠠ᠃
      ᠤᠰᠤ ᠬᠠᠮᠢᠶᠠᠷᠬᠤ ᠲᠠᠯ᠎ᠠ᠎ᠪᠠᠷ ᠂ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠂ ᠠᠢᠮᠠᠭ ᠬᠣᠲᠠ ᠂ ᠬᠣᠰᠢᠭᠤ ᠰᠢᠶᠠᠨ ᠭᠤᠷᠪᠠᠨ ᠱᠠᠲᠤᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠂ ᠤᠰᠤ ᠬᠡᠷᠡᠭᠯᠡᠬᠦ ᠦᠷ᠎ᠡ ᠪᠦᠲᠦᠮᠵᠢ᠎ᠶᠢ ᠬᠠᠮᠢᠶᠠᠷᠤᠨ ᠡᠵᠡᠮᠳᠡᠬᠦ ᠬᠠᠷᠠᠯᠲᠠ᠎ᠶᠢᠨ ᠰᠢᠰᠲᠧᠮᠵᠢ᠎ᠶᠢ ᠪᠥᠬᠥ ᠲᠠᠯ᠎ᠠ᠎ᠪᠠᠷ ᠪᠠᠢᠭᠤᠯᠵᠤ ᠂ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠬᠠᠮᠤᠭ᠎ᠤᠨ ᠴᠢᠩᠭ᠎ᠠ ᠳᠦᠷᠢᠮ᠎ᠢ ᠨᠠᠢᠳᠠᠪᠤᠷᠢᠵᠢᠭᠤᠯᠤᠨ ᠂ ᠬᠠᠲᠤᠨ ᠭᠣᠣᠯ᠎ᠤᠨ ᠰᠠᠪᠠ ᠭᠠᠵᠠᠷ᠎ᠤᠨ ᠭᠠᠵᠠᠷ ᠳᠡᠭᠡᠷᠡᠬᠢ ᠤᠰᠤᠨ᠎ᠤ ᠳᠠᠭᠠᠭᠠᠴᠠ᠎ᠠᠴᠠ ᠬᠡᠲᠦᠷᠡᠭᠰᠡᠨ 1 ᠠᠢᠮᠠᠭ ᠬᠣᠲᠠ ᠂ ᠭᠠᠵᠠᠷ ᠳᠣᠣᠷᠠᠬᠢ ᠤᠰᠤᠨ᠎ᠤ ᠳᠠᠭᠠᠭᠠᠴᠠ᠎ᠠᠴᠠ ᠬᠡᠲᠦᠷᠡᠭᠰᠡᠨ ( ᠮᠠᠯᠲᠠᠭᠰᠠᠨ ) 30 ᠬᠣᠰᠢᠭᠤ ᠰᠢᠶᠠᠨ᠎ᠳᠤ ᠬᠢᠨᠠᠨ ᠪᠠᠢᠴᠠᠭᠠᠵᠤ ᠵᠥᠪᠰᠢᠶᠡᠷᠡᠬᠦ᠎ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ᠎ᠶᠢ ᠬᠡᠷᠡᠭᠵᠢᠭᠦᠯᠪᠡ᠃
      ᠤᠰᠤ ᠠᠷᠪᠢᠯᠠᠬᠤ ᠲᠠᠯ᠎ᠠ᠎ᠪᠠᠷ᠂ ᠥᠪᠥᠷ ᠮᠣᠩᠭᠣᠯ 《 ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠲᠠᠷᠬᠠᠭᠠᠵᠤ᠂ 9 ᠲᠠᠯ᠎ᠠ᠎ᠠᠴᠠ 30 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠲᠣᠭᠲᠠᠭᠠᠪᠠ᠃ ᠣᠳᠣᠬᠠᠨ᠎ᠳᠤ᠂ ᠡᠯ᠎ᠡ ᠵᠦᠢᠯ᠎ᠦᠨ ᠤᠰᠤ ᠠᠷᠪᠢᠯᠠᠬᠤ ᠡᠭᠦᠷᠭᠡ᠎ᠶᠢ ᠴᠥᠮ ᠡᠮᠬᠢ ᠵᠢᠷᠤᠮ᠎ᠲᠠᠢ ᠲᠦᠯᠬᠢᠨ ᠠᠬᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠣᠨ᠎ᠤ ᠬᠠᠷᠠᠯᠲᠠ᠎ᠶᠢ ᠪᠠᠷᠤᠭ 90%᠎ᠪᠠᠷ ᠪᠡᠶᠡᠯᠡᠭᠦᠯᠵᠦ᠂ ᠵᠢᠱ᠌ᠢᠯᠲᠡ᠎ᠪᠡᠷ ᠵᠢᠯ᠎ᠦᠨ ᠡᠴᠦᠰ᠎ᠡᠴᠡ ᠡᠮᠦᠨ᠎ᠡ ᠡᠯ᠎ᠡ ᠵᠦᠢᠯ᠎ᠦᠨ ᠡᠭᠦᠷᠭᠡ᠎ᠶᠢᠨ ᠬᠠᠷᠠᠯᠲᠠ᠎ᠪᠠᠨ ᠪᠡᠶᠡᠯᠡᠭᠦᠯᠵᠦ ᠳᠡᠶ᠋ᠢᠯᠬᠦ ᠪᠣᠯᠣᠨ᠎ᠠ᠃
      ᠤᠰᠤ ᠨᠡᠮᠡᠭᠳᠡᠭᠦᠯᠬᠦ ᠲᠠᠯ᠎ᠠ᠎ᠪᠠᠷ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠦᠬᠠᠢ ᠬᠣᠲᠠ ᠪᠥᠬᠥ ᠤᠯᠤᠰ᠎ᠤᠨ ᠨᠡᠢᠲᠡᠯᠢᠭ ᠭᠠᠵᠠᠷ ᠣᠷᠣᠨ᠎ᠤ ᠳᠠᠬᠢᠯᠲᠠ ᠤᠰᠤ᠎ᠶᠢ ᠲᠣᠬᠢᠷᠠᠭᠤᠯᠤᠨ ᠠᠰᠢᠭ᠍ᠯᠠᠬᠤ ᠲᠤᠷᠰᠢᠯᠲᠠ᠎ᠶᠢᠨ ᠬᠣᠲᠠ᠎ᠶᠢᠨ ᠬᠦᠷᠢᠶᠡᠨ᠎ᠳᠦ ᠣᠷᠣᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠬᠡᠪ᠎ᠦᠨ ᠪᠤᠰᠤ ᠤᠰᠤᠨ ᠠᠰᠢᠭ᠍ᠯᠠᠯᠲᠠ᠎ᠶᠢᠨ ᠬᠡᠷᠡᠭᠯᠡᠬᠦ ᠬᠡᠮᠵᠢᠶ᠎ᠡ᠎ᠶᠢ 2020 ᠣᠨ᠎ᠤ ᠬᠢ᠎ᠡᠴᠡ 27%᠎ᠪᠠᠷ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ᠎ᠢ ᠪᠦᠲᠦᠮᠵᠢᠲᠡᠶ ᠨᠠᠮᠳᠠᠭᠤᠯᠪᠠ᠃
      ᠤᠰᠤ ᠵᠠᠰᠠᠬᠤ ᠲᠠᠯ᠎ᠠ᠎ᠪᠠᠷ᠂ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋᠎ᠢ ᠬᠠᠮᠠᠭᠠᠯᠠᠬᠤ ᠲᠤᠰᠬᠠᠢ ᠠᠵᠢᠯᠯᠠᠭ᠎ᠠ᠂ ᠥᠪᠥᠷ ᠮᠣᠩᠭᠣᠯ᠎ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ᠎ᠶᠢᠨ ᠲᠤᠰᠬᠠᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ᠎ᠶᠢᠨ ᠰᠠᠭᠤᠷᠢ᠂ ᠭᠠᠵᠠᠷ ᠳᠣᠣᠷᠠᠬᠢ ᠤᠰᠤ᠎ᠶᠢ ᠬᠠᠮᠠᠭᠠᠯᠠᠬᠤ ᠲᠤᠰᠬᠠᠢ ᠠᠵᠢᠯᠯᠠᠭ᠎ᠠ ᠵᠡᠷᠭᠡ᠎ᠶᠢ ᠥᠷᠨᠢᠭᠦᠯᠵᠦ᠂ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠴᠡᠭᠴᠡᠯᠡᠨ ᠵᠠᠰᠠᠬᠤ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠪᠠ᠃
ᠤᠰᠤ ᠠᠮᠢᠯᠠᠭᠤᠯᠬᠤ ᠲᠠᠯ᠎ᠠ᠎ᠪᠠᠷ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠲᠤ ᠬᠠᠲᠤᠨ ᠭᠣᠣᠯ᠎ᠤᠨ ᠤᠰᠤᠨ᠎ᠤ ᠡᠷᠬᠡ᠎ᠶᠢᠨ ᠭᠦᠢᠴᠡᠳᠬᠡᠯ ᠲᠣᠭ᠎ᠠ᠎ᠶᠢ ᠨᠡᠶ᠋ᠢᠲᠡ 5.51 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠴᠦ ᠂ ᠰᠠᠪᠠ ᠭᠠᠵᠠᠷ᠎ᠤᠨ ᠠᠵᠤ ᠦᠢᠯᠡᠳᠪᠦᠷᠢ᠎ᠶᠢᠨ ᠬᠥᠭᠵᠢᠯᠲᠡ᠎ᠶᠢᠨ ᠤᠰᠤ ᠬᠡᠷᠡᠭᠯᠡᠬᠦ ᠬᠦᠴᠢᠷ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ ᠃ ᠰᠧᠴᠤᠸᠠᠨ ᠮᠤᠵᠢ᠎ᠲᠠᠢ ᠮᠤᠵᠢ ᠣᠷᠣᠨ ᠠᠯᠤᠰᠯᠠᠭᠰᠠᠨ ᠬᠠᠲᠤᠨ ᠭᠣᠣᠯ᠎ᠤᠨ ᠤᠰᠤᠨ᠎ᠤ ᠡᠷᠬᠡ᠎ᠶᠢᠨ ᠠᠷᠠᠯᠵᠢᠶ᠎ᠠ ᠎ᠶᠢ 2 ᠤᠳᠠᠭ᠎ᠠ ᠲᠣᠬᠢᠷᠠᠯᠴᠠᠪᠠ᠃ ᠡᠭᠦᠨ᠎ᠤ ᠬᠠᠮᠲᠤ 《 ᠭᠡᠷ᠎ᠡ᠎ᠪᠡᠷ ᠤᠰᠤ ᠠᠷᠪᠢᠯᠠᠬᠤ 》᠂ 《 ᠤᠰᠤ ᠠᠷᠪᠢᠯᠠᠬᠤ ᠵᠢᠭᠡᠯᠡᠯᠭᠡ 》᠂ 《 ᠤᠰᠤᠨ᠎ᠤ ᠡᠷᠬᠡ᠎ᠶᠢᠨ ᠵᠢᠭᠡᠯᠡᠯᠭᠡ 》᠎ᠶᠢ ᠢᠳᠡᠪᠬᠢᠲᠡᠢ᠎ᠪᠡᠷ ᠶᠠᠪᠤᠭᠤᠯᠵᠤ᠂ ᠤᠯᠠᠨ ᠡᠰᠢᠵᠢᠭᠰᠡᠨ ᠤᠰᠤ ᠠᠷᠪᠢᠯᠠᠬᠤ ᠠᠵᠤ ᠦᠢᠯᠡᠰ᠎ᠤᠨ ᠵᠠᠬ᠎ᠠ ᠳᠡᠯᠭᠡᠭᠦᠷ᠎ᠢ ᠪᠤᠢ ᠪᠣᠯᠭᠠᠵᠠᠢ᠃ ᠣᠲᠣ᠌ ᠪᠣᠯᠲᠠᠯ᠎ᠠ᠂ 《 ᠭᠡᠷᠡᠲᠦ ᠤᠰᠤ ᠠᠷᠪᠢᠯᠠᠬᠤ 》 ᠬᠠᠮᠢᠶᠠᠷᠤᠯᠲᠠ᠎ᠶᠢᠨ ᠵᠠᠭᠪᠤᠷ᠎ᠢᠶᠠᠷ ᠳᠠᠮᠵᠢᠭᠤᠯᠤᠨ ᠨᠡᠢᠭᠡᠮ᠎ᠦᠨ ᠬᠥᠷᠥᠩᠭᠡ᠎ᠶᠢ ᠨᠡᠶ᠋ᠢᠲᠡ 4.74 ᠳ᠋ᠦᠩᠰᠢᠭᠤᠷ ᠲᠥᠭᠥᠷᠢᠭ ᠲᠡᠳᠡᠨ ᠠᠪᠴᠢᠷᠠᠵᠤ᠂ 《 ᠤᠰᠤ ᠠᠷᠪᠢᠯᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》᠎ᠶᠢᠨ ᠪᠡᠯᠡ ᠲᠣᠬᠢᠷᠠᠭᠤᠯᠭ᠎ᠠ ᠨᠡᠶ᠋ᠢᠲᠡ 38 ᠳ᠋ᠦᠩᠰᠢᠭᠤᠷ ᠲᠥᠭᠥᠷᠢᠭ᠎ᠲᠦ ᠬᠦᠷᠴᠡᠢ᠃
      《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠶᠡᠬᠡ ᠬᠠᠮᠠᠭᠠᠯᠠᠯᠲᠠ᠎ᠶᠢ ᠰᠠᠢᠲᠤᠷ ᠠᠳᠬᠤᠬᠤ᠂ ᠶᠡᠬᠡ ᠵᠠᠰᠠᠯᠲᠠ᠎ᠶᠢ ᠬᠠᠮᠵᠢᠯᠴᠠᠨ ᠠᠬᠢᠭᠤᠯᠬᠤ᠎ᠪᠠᠷ ᠳᠠᠮᠵᠢᠨ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ᠂ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ ᠲᠣᠭᠲᠠᠭᠤᠨ᠎ᠢᠶᠠᠷ ᠳᠡᠭᠡᠭᠰᠢᠯᠡᠵᠦ᠂ ᠬᠥᠷᠥᠰᠥ ᠰᠢᠷᠣᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ ᠲᠣᠭᠲᠠᠭᠤᠨ ᠪᠠᠢᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠲᠣᠪᠣᠢᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠰᠲᠧᠮ ᠲᠠᠢ ᠵᠠᠰᠠᠪᠠ᠃
      ᠬᠠᠲᠤᠨ ᠭᠣᠣᠯ᠎ᠤᠨ ᠰᠠᠪᠠ ᠭᠠᠵᠠᠷ᠎ᠤᠨ 35 ᠤᠯᠤᠰ᠎ᠤᠨ ᠬᠢᠨᠠᠯᠲᠠ᠎ᠶᠢᠨ ᠣᠭᠲᠣᠯᠣᠭᠠᠰᠤ᠎ᠶᠢᠨ ᠤᠰᠤᠨ᠎ᠤ ᠴᠢᠨᠠᠷ᠎ᠤᠨ ᠰᠢᠯᠢᠳᠡᠭ ᠰᠠᠢᠨ ᠬᠠᠷᠢᠴᠠᠯ 2021 ᠣᠨ᠎ᠳᠤ 74.3% ᠪᠠᠢᠭᠰᠠᠨ᠎ᠠᠴᠠ᠎ᠪᠠᠨ 2024 ᠣᠨ᠎ᠳᠤ 77.1% ᠪᠣᠯᠣᠨ ᠳᠡᠭᠡᠭᠰᠢᠯᠡᠵᠦ᠂ ᠭᠣᠣᠯ ᠤᠷᠤᠰᠬᠠᠯ᠎ᠤᠨ ᠤᠰᠤᠨ᠎ᠤ ᠴᠢᠨᠠᠷ ᠲᠠᠪᠤᠨ ᠵᠢᠯ ᠳᠠᠷᠠᠭᠠᠯᠠᠨ ᠦᠷᠭᠦᠯᠵᠢᠯᠡᠨ Ⅱ ᠲᠥᠷᠥᠯ᠎ᠦᠨ ᠰᠢᠯᠢᠳᠡᠭ ᠬᠢᠷᠢ ᠲᠦᠪᠰᠢᠨ᠎ᠳᠦ ᠲᠣᠭᠲᠠᠪᠤᠷᠢᠵᠢᠵᠤ ᠂ ᠰᠠᠯᠪᠤᠷᠢ ᠤᠷᠤᠰᠬᠠᠯ᠎ᠤᠨ ᠤᠯᠤᠰ᠎ᠤᠨ ᠬᠢᠨᠠᠯᠲᠠ᠎ᠶᠢᠨ ᠣᠭᠲᠣᠯᠣᠭᠠᠰᠤ᠎ᠶᠢᠨ ᠤᠰᠤᠨ᠎ᠤ ᠴᠢᠨᠠᠷ ᠵᠢᠯ ᠳᠤᠮᠳᠠᠴᠢ᠎ᠪᠠᠷ ᠪᠥᠬᠥ ᠲᠠᠯ᠎ᠠ᠎ᠪᠠᠷ ᠰᠠᠢᠵᠢᠷᠠᠭᠰᠠᠨ ᠪᠠᠢᠨ᠎ᠠ᠃ ᠤᠯᠠᠭᠠᠨᠰᠤᠬᠠᠢ ᠨᠠᠭᠤᠷ᠎ᠤᠨ ᠲᠥᠪ᠎ᠦᠨ ᠤᠰᠤᠨ᠎ᠤ ᠴᠢᠨᠠᠷ 2015 ᠣᠨ᠎ᠠᠴᠠ ᠡᠮᠦᠨᠡᠬᠢ ᠮᠠᠭᠤ V ᠲᠦᠷᠦᠯ᠎ᠡᠴᠡ᠎ᠪᠡᠨ V ᠲᠦᠷᠦᠯ᠎ᠳᠦ ᠰᠠᠢᠵᠢᠷᠠᠨ ᠲᠣᠭᠲᠠᠪᠤᠷᠢᠵᠢᠵᠤ᠂ ᠤᠰᠤ ᠨᠢ ᠲᠤᠩᠭᠠᠯᠠᠭ ᠡᠷᠭᠢ ᠨᠢ ᠨᠣᠭᠣᠭᠠᠨ᠂ ᠵᠢᠭᠠᠰᠤ ᠵᠢᠷᠠᠭᠠᠬᠠᠢ ᠭᠦᠢᠬᠡᠨ ᠢᠷᠤᠭᠠᠷ᠎ᠲᠤ ᠱᠤᠩᠪᠠᠨ ᠨᠠᠭᠠᠳᠬᠤ ᠪᠠᠢᠳᠠᠯ ᠠᠭᠠᠵᠢᠮ᠎ᠢᠶᠠᠷ ᠬᠥᠮᠥᠰ᠎ᠦᠨ ᠨᠢᠳᠦᠨ᠎ᠳᠦ ᠬᠠᠷᠠᠭᠳᠠᠪᠠ᠃
      ᠥᠪᠥᠷ ᠮᠣᠩᠭᠣᠯ ᠪᠣᠯᠣᠳ ᠲᠡᠮᠦᠷ᠂ ᠬᠡᠦᠷᠰᠢᠭᠦᠯᠬᠦ᠂ ᠼᠧᠮᠧᠨ᠋ᠲ ᠵᠡᠷᠭᠡ ᠠᠵᠢᠯ ᠲᠥᠷᠥᠯ᠎ᠦᠨ ᠬᠡᠲᠦ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ᠂ ᠪᠠᠶᠠᠨᠨᠠᠭᠤᠷ ᠬᠣᠲᠠ᠎ᠶᠢ ᠤᠯᠤᠰ᠎ᠤᠨ ᠴᠡᠪᠡᠷ ᠳᠤᠯᠠᠭᠠᠯᠠᠭ᠎ᠠ᠎ᠶᠢᠨ ᠬᠣᠲᠠ᠎ᠳᠤ ᠵᠢᠭ᠍ᠰᠠᠭᠠᠨ ᠣᠷᠣᠭᠤᠯᠵᠤ᠂ 59.5 ᠲᠦᠮᠡᠨ ᠡᠷᠦᠬᠡ᠎ᠶᠢᠨ ᠴᠡᠪᠡᠷ ᠳᠤᠯᠠᠭᠠᠯᠠᠭ᠎ᠠ᠎ᠶᠢᠨ ᠥᠭᠡᠷᠡᠴᠢᠯᠡᠯᠲᠡ᠎ᠶᠢ ᠪᠡᠶᠡᠯᠡᠭᠦᠯᠪᠡ᠃ 2025 ᠣᠨ᠎ᠤ 1 ︱ 9 ᠰᠠᠷ᠎ᠠ᠎ᠳᠤ᠂ ᠬᠠᠲᠤᠨ ᠭᠣᠣᠯ ᠳᠠᠭᠠᠤ᠎ᠶᠢᠨ 7 ᠠᠢᠮᠠᠭ ᠬᠣᠲᠠ᠎ᠶᠢᠨ PM2.5 ᠵᠢᠨ ᠳᠤᠮᠳᠠᠴᠢ ᠥᠳᠬᠡᠴᠡ 21 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ ᠬᠦᠷᠴᠦ᠂ 2020 ᠣᠨ᠎ᠤ ᠠᠳᠠᠯᠢ ᠬᠤᠭᠤᠴᠠᠭᠠᠨ᠎ᠤ ᠬᠢ᠎ᠡᠴᠡ 32% ᠵᠢᠡᠷ ᠪᠠᠭᠤᠷᠠᠪᠠ ;ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ PM2.5 ᠵᠢᠨ ᠳᠤᠮᠳᠠᠴᠢ ᠥᠳᠬᠡᠴᠡ 21 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ 2020 ᠣᠨ᠎ᠤ ᠠᠳᠠᠯᠢ ᠬᠤᠭᠤᠴᠠᠭᠠᠨ᠎ᠤ ᠬᠢ᠎ᠡᠴᠡ 38% ᠪᠡᠷ ᠪᠠᠭᠤᠷᠠᠵᠤ᠂ 6 ᠵᠢᠯ ᠳᠠᠷᠠᠭᠠᠯᠠᠨ ᠲᠣᠭᠲᠠᠭᠤᠨ᠎ᠢᠶᠠᠷ ᠪᠠᠷᠢᠮᠵᠢᠶ᠎ᠠ᠎ᠳᠤ ᠬᠦᠷᠴᠦ ᠂ ᠬᠥᠬᠡ ᠲᠡᠭᠷᠢ ᠴᠠᠭᠠᠨ ᠡᠭᠦᠯᠡ ᠨᠢᠭᠡᠨᠲᠡ ᠰᠢᠨ᠎ᠡ ᠬᠡᠪ ᠪᠠᠢᠳᠠᠯ ᠪᠣᠯᠤᠭᠰᠠᠨ ᠪᠠᠢᠨ᠎ᠠ᠃
      ᠡᠭᠦᠨ᠎ᠦ ᠬᠠᠮᠲᠤ᠂ ᠥᠪᠥᠷ ᠮᠣᠩᠭᠣᠯ ᠬᠥᠷᠥᠰᠥ ᠰᠢᠷᠣᠢ᠎ᠶᠢᠨ ᠪᠣᠬᠢᠷᠲᠤᠯ᠎ᠢ ᠡᠬᠢ ᠡᠭᠦᠰᠦᠯ᠎ᠡᠴᠡ ᠨᠢ ᠰᠡᠷᠭᠡᠢᠯᠡᠨ ᠡᠵᠡᠮᠳᠡᠬᠦ᠎ᠶᠢ ᠪᠠᠷᠢᠮᠲᠠᠯᠠᠵᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠪᠡ᠃ ᠣᠲᠣ᠌ ᠪᠣᠯᠲᠠᠯ᠎ᠠ᠂ ᠬᠠᠲᠤᠨ ᠭᠣᠣᠯ ᠳᠠᠭᠠᠤ᠎ᠶᠢᠨ 7 ᠠᠢᠮᠠᠭ ᠬᠣᠲᠠ 2690 ᠵᠠᠰᠠᠭ ᠵᠠᠬᠢᠷᠭᠠᠨ᠎ᠤ ᠲᠣᠰᠬᠣᠨ᠎ᠢ ᠵᠠᠰᠠᠬᠤ ᠡᠭᠦᠷᠭᠡ᠎ᠶᠢ ᠪᠡᠶᠡᠯᠡᠭᠦᠯᠵᠦ᠂ ᠵᠠᠰᠠᠯᠲᠠ᠎ᠶᠢᠨ ( ᠬᠠᠮᠢᠶᠠᠷᠤᠨ ᠡᠵᠡᠮᠳᠡᠬᠦ ) ᠨᠣᠷᠮ᠎ᠠ 61.36%᠎ᠳᠤ ᠬᠦᠷᠴᠦ᠂ ᠪᠥᠬᠥ ᠣᠷᠣᠨ᠎ᠤ ᠪᠣᠬᠢᠷᠲᠤᠭᠰᠠᠨ ᠲᠠᠷᠢᠶᠠᠨ ᠭᠠᠵᠠᠷ᠎ᠤᠨ ᠠᠮᠤᠷ ᠲᠦᠪᠰᠢᠨ᠎ᠦ ᠠᠰᠢᠭ᠍ᠯᠠᠯᠲᠠ᠎ᠶᠢᠨ ᠨᠣᠷᠮ᠎ᠠ ᠲᠣᠭᠲᠠᠭᠤᠨ᠎ᠢᠶᠠᠷ ᠳᠡᠭᠡᠭᠰᠢᠯᠡᠵᠦ ᠂ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠠᠮᠤᠷ ᠲᠦᠪᠰᠢᠨ᠎ᠦ ᠠᠰᠢᠭ᠍ᠯᠠᠯᠲᠠ᠎ᠶᠢ ᠪᠦᠲᠦᠮᠵᠢᠲᠡᠶ ᠪᠠᠲᠤᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            