ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 2500 ᠲᠡᠭᠰᠢ ᠳᠥᠷᠪᠡᠯᠵᠢᠨ ᠺᠢᠯᠣᠮᠧᠲᠷ ᠢᠯᠡᠭᠦᠦ ᠪᠠᠭᠠᠰᠪᠠ
ᠨᠡᠶ᠋ᠢᠲᠡᠯᠡᠭᠰᠡᠨ ᠴᠠᠭ᠄ 2025-12-03

       11 ᠳ᠋ᠦ᠍ᠭᠡᠷ ᠰᠠᠷ᠎ᠠ᠎ᠶᠢᠨ 13᠎ᠤ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ ᠡᠷᠭᠢᠯᠡᠭᠰᠡᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ ᠨᠢ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 2500 ᠲᠡᠭᠰᠢ ᠳᠥᠷᠪᠡᠯᠵᠢᠨ ᠺᠢᠯᠣᠮᠧᠲᠷ ᠢᠯᠡᠭᠦᠦ ᠪᠠᠭᠠᠰᠪᠠ᠃
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠨᠡᠶ᠋ᠢᠲᠡ 23.57 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠢ ᠵᠠᠰᠠᠪᠠ᠃ ᠣᠲᠣ᠌ ᠪᠣᠯᠲᠠᠯ᠎ᠠ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 2515 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ 3.8% ᠪᠡᠷ ᠪᠠᠭᠠᠰᠪᠠ ;ᠳᠤᠮᠳᠠ ᠵᠡᠷᠭᠡ᠎ᠡᠴᠡ ᠳᠡᠭᠡᠭᠰᠢᠬᠢ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 326 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ 2.1%᠎ᠪᠠᠷ ᠪᠠᠭᠠᠰᠴᠤ᠂ ᠲᠠᠯᠠᠪᠠᠶ ᠪᠠ ᠬᠦᠴᠦᠯᠡᠴᠡ ᠦᠷᠭᠦᠯᠵᠢᠯᠡᠨ 《 ᠬᠣᠣᠰ ᠪᠠᠭᠤᠷᠠᠯᠲᠠ 》᠎ᠶᠢ ᠪᠡᠶᠡᠯᠡᠭᠦᠯᠵᠦ᠂ ᠬᠥᠷᠥᠰᠥ ᠰᠢᠷᠣᠢ᠎ᠶᠢᠨ ᠬᠠᠮᠠᠭᠠᠯᠠᠯᠲᠠ᠎ᠶᠢᠨ ᠨᠣᠷᠮ᠎ᠠ 58.29%᠎ᠳᠤ ᠬᠥᠷᠪᠡ᠃ ᠥᠪᠥᠷ ᠮᠣᠩᠭᠣᠯ 《 ᠠᠷᠪᠠᠨ ᠶᠡᠬᠡ ᠬᠥᠨᠳᠡᠢ 》᠎ᠶᠢ ᠬᠥᠷᠥᠰᠥ ᠰᠢᠷᠣᠢ᠎ᠶᠢᠨ ᠢᠳᠡᠭᠳᠡᠯ᠎ᠢ ᠵᠠᠰᠠᠬᠤ ᠪᠣᠭᠣᠮᠲᠠ ᠰᠢᠪᠲᠤᠯᠬᠤ ᠭᠣᠣᠯᠳᠠᠯᠭ᠎ᠠ ᠪᠣᠯᠭᠠᠵᠤ᠂ 《 ᠨᠢᠭᠡ ᠭᠣᠣᠯ᠎ᠳᠤ ᠨᠢᠭᠡ ᠪᠣᠳᠣᠯᠭ᠎ᠠ 》᠎ᠶᠢᠨ ᠰᠢᠨᠵᠢᠯᠡᠬᠦ ᠤᠬᠠᠭᠠᠨᠴᠢ ᠵᠠᠰᠠᠯᠲᠠ᠎ᠶᠢ ᠪᠠᠷᠢᠮᠲᠠᠯᠠᠨ᠂ 《 ᠠᠷᠪᠠᠨ ᠶᠡᠬᠡ ᠬᠥᠨᠳᠡᠢ 》᠎ᠶᠢᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 2021 ᠣᠨ᠎ᠳᠤ 4454 ᠲᠡᠭᠰᠢ ᠳᠥᠷᠪᠡᠯᠵᠢᠨ ᠺᠢᠯᠣᠮᠧᠲᠷ ᠪᠠᠢᠭᠰᠠᠨ᠎ᠠᠴᠠ᠎ᠪᠠᠨ 2024 ᠣᠨ᠎ᠳᠤ 4251 ᠲᠡᠭᠰᠢ ᠳᠥᠷᠪᠡᠯᠵᠢᠨ ᠺᠢᠯᠣᠮᠧᠲᠷ ᠪᠣᠯᠵᠤ᠂ 4.77% ᠪᠡᠷ ᠪᠠᠭᠠᠰᠤᠭᠰᠠᠨ ᠪᠠᠢᠨ᠎ᠠ᠃
       《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠪᠠᠰᠠ ᠬᠠᠲᠤᠨ ᠭᠣᠣᠯ᠎ᠤᠨ ᠰᠠᠪᠠ ᠭᠠᠵᠠᠷ᠎ᠤᠨ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠶᠡᠷᠦᠩᠬᠡᠢᠯᠡᠭᠰᠡᠨ ᠵᠠᠰᠠᠯᠲᠠ᠎ᠶᠢ ᠲᠦᠷᠭᠡᠳᠬᠡᠨ ᠠᠬᠢᠭᠤᠯᠪᠠ᠃ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠡᠯ᠎ᠡ ᠠᠢᠮᠠᠭ ᠬᠣᠲᠠ᠎ᠶᠢᠨ ᠭᠠᠵᠠᠷ ᠳᠣᠣᠷᠠᠬᠢ ᠤᠰᠤᠨ᠎ᠤ ᠲᠦᠪᠰᠢᠨ 7 ᠰᠠᠷ᠎ᠠ ᠳᠠᠷᠠᠭᠠᠯᠠᠨ ᠪᠠᠷᠢᠮᠵᠢᠶᠠᠲᠤ ᠬᠡᠮᠵᠢᠭᠳᠡᠯ᠎ᠡᠴᠡ ᠳᠠᠪᠠᠭᠰᠠᠨ ᠦᠭᠡᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            