ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ ᠪᠠᠷᠢᠯᠭ᠎ᠠ ᠡᠬᠢᠯᠡᠭᠦᠯᠵᠦ ᠪᠦᠲᠦᠭᠡᠨ ᠪᠠᠶ᠋ᠢᠭᠤᠯᠬᠤ ᠱᠠᠲᠤᠨ᠎ᠳᠤ ᠣᠷᠣᠪᠠ
ᠨᠡᠶ᠋ᠢᠲᠡᠯᠡᠭᠰᠡᠨ ᠴᠠᠭ᠄ 2025-12-03

      11 ᠳ᠋ᠦ᠍ᠭᠡᠷ ᠰᠠᠷ᠎ᠠ᠎ᠶᠢᠨ 30᠎ᠤ ᠡᠳᠦᠷ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠤᠨ ᠵᠠᠩᠭᠢᠯᠠᠭ᠎ᠠ᠎ᠶᠢᠨ ᠴᠡᠭ ︱ ᠱᠢ ᠰᠧ ᠹᠧᠨ ᠽᠢ᠎ᠶᠢᠨ ᠠᠶᠤᠯᠲᠠᠢ ᠪᠠᠷᠢᠯᠭ᠎ᠠ᠎ᠶᠢᠨ ᠠᠵᠢᠯ᠎ᠤᠨ ᠪᠡᠯᠡᠳᠬᠡᠯ ᠢᠨᠵᠧᠨᠧᠷᠢᠩ ᠲᠣᠭᠲᠠᠬᠤ ᠰᠢᠶᠠᠨ᠎ᠳᠤ ᠠᠵᠢᠯ ᠡᠬᠢᠯᠡᠪᠡ᠂ ᠡᠨᠡ ᠨᠢ ᠨᠡᠶ᠋ᠢᠲᠡ 33 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠭᠰᠠᠨ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃
ᠬᠠᠲᠤᠨ ᠭᠣᠣᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠭᠣᠣᠯ ᠤᠷᠤᠰᠬᠠᠯ᠎ᠤᠨ ᠣᠷᠳᠣ᠌ ᠨᠢ ᠪᠠᠷᠤᠭ 843.5 ᠺᠢᠯᠣᠮᠧᠲᠷ ᠪᠠᠢᠵᠤ᠂ 7 ᠠᠢᠮᠠᠭ ᠬᠣᠲᠠ᠂ 42 ᠬᠣᠰᠢᠭᠤ ᠰᠢᠶᠠᠨ ( ᠬᠣᠲᠠ᠂ ᠲᠣᠭᠣᠷᠢᠭ᠋ )᠎ᠢᠶᠠᠷ ᠤᠷᠤᠰᠤᠨ ᠥᠩᠭᠡᠷᠡᠵᠦ᠂ ᠥᠪᠥᠷ ᠮᠣᠩᠭᠣᠯ᠎ᠤᠨ ᠠᠷᠠᠳ ᠲᠦᠮᠡᠨ᠎ᠦ ᠣᠷᠣᠰᠢᠨ ᠠᠮᠢᠳᠤᠷᠠᠬᠤ᠎ᠳᠤ ᠲᠦᠰᠢᠭᠯᠡᠵᠦ ᠪᠠᠢᠭ᠎ᠠ ᠡᠵᠢ ᠭᠣᠣᠯ ᠪᠣᠯᠣᠨ᠎ᠠ᠃ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠦᠨ ᠬᠡᠷᠡᠭᠵᠢᠭᠦᠯᠬᠦ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠬᠠᠲᠤᠨ ᠭᠣᠣᠯ᠎ᠤᠨ 《 ᠠᠮᠤᠷ ᠲᠦᠪᠰᠢᠨ ᠂ ᠡᠷᠡᠭᠦᠯ ᠮᠡᠨᠳᠦ ᠂ ᠦᠵᠡᠰᠬᠦᠯᠡᠩᠲᠦ ᠰᠠᠢᠬᠠᠨ 》᠎ᠢ ᠪᠠᠲᠤᠯᠠᠬᠤ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠢᠨᠵᠧᠨᠧᠷᠢᠩ ᠪᠣᠯᠬᠤ ᠪᠥᠭᠡᠳ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠤᠯᠤᠰ᠎ᠤᠨ ᠪᠠᠢᠯᠳᠤᠬᠤ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠶᠡᠬᠡ ᠢᠨᠵᠧᠨᠧᠷᠢᠩ ᠪᠣᠯᠣᠨ᠎ᠠ᠃ ᠪᠠᠷᠢᠯᠭ᠎ᠠ᠎ᠶᠢᠨ ᠶᠡᠷᠦᠩᠬᠡᠢ ᠪᠡᠯᠡ ᠣᠷᠣᠭᠤᠯᠤᠯᠲᠠ ᠨᠢ 32.97 ᠳ᠋ᠦᠩᠰᠢᠭᠤᠷ ᠲᠥᠭᠥᠷᠢᠭ ᠪᠠᠢᠵᠤ᠂ ᠵᠠᠰᠠᠬᠤ ᠭᠣᠣᠯ᠎ᠤᠨ ᠬᠡᠰᠡᠭ᠎ᠦᠨ ᠣᠷᠳᠣ᠌ ᠨᠢ 700 ᠺᠢᠯᠣᠮᠧᠲᠷ ᠰᠢᠬᠠᠮ ᠪᠠᠢᠵᠤ᠂ ᠪᠠᠷᠤᠭ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ ᠤᠷᠤᠰᠬᠠᠯ᠎ᠤᠨ ᠶᠡᠷᠦᠩᠬᠡᠢ ᠣᠷᠳᠣ᠌᠎ᠶᠢᠨ 82%᠎ᠢ ᠡᠵᠡᠯᠡᠵᠦ᠂ ᠪᠠᠷᠢᠯᠭ᠎ᠠ᠎ᠶᠢᠨ ᠵᠠᠰᠠᠯᠲᠠ᠎ᠶᠢᠨ ᠬᠦᠷᠢᠶ᠎ᠡ ᠬᠡᠪᠴᠢᠶ᠎ᠡ ᠨᠢ ᠬᠠᠲᠤᠨ ᠭᠣᠣᠯ᠎ᠤᠨ ᠳᠦ ᠰᠧ ᠲᠦ ᠭᠣᠣᠯ᠎ᠤᠨ ᠠᠳᠠᠭ᠎ᠠᠴᠠ ᠵᠡᠭᠦᠨᠭᠠᠷ ᠬᠣᠰᠢᠭᠤᠨ᠎ᠤ ᠮᠠ ᠵᠠ ᠰᠢᠶᠠᠩ ᠬᠦᠷᠴᠦ᠂ ᠭᠣᠣᠯ ᠪᠣᠯᠬᠤ ᠪᠦᠲᠦᠭᠡᠨ ᠪᠠᠢᠭᠤᠯᠤᠯᠲᠠ᠎ᠶᠢᠨ ᠠᠭᠤᠯᠭ᠎ᠠ᠎ᠳᠤ ᠭᠣᠣᠯ ᠤᠷᠤᠰᠬᠠᠯ᠎ᠤᠨ ᠬᠠᠰᠢᠯᠭ᠎ᠠ᠎ᠶᠢ ᠥᠨᠳᠥᠷᠵᠢᠭᠦᠯᠦᠨ ᠵᠤᠵᠠᠭᠠᠷᠠᠭᠤᠯᠬᠤ᠂ ᠰᠢᠨ᠎ᠡ᠎ᠪᠡᠷ ᠪᠠᠢᠭᠤᠯᠤᠭᠰᠠᠨ ᠬᠥᠲᠥᠯ᠎ᠢ ᠬᠠᠮᠠᠭᠠᠯᠠᠬᠤ᠂ ᠭᠣᠣᠯ᠎ᠤᠨ ᠵᠠᠮ᠎ᠢ ᠵᠠᠰᠠᠬᠤ᠂ ᠨᠦᠯᠦᠮᠡᠯ ᠭᠤᠤ᠎ᠶᠢ ᠵᠠᠰᠠᠬᠤ ᠵᠢᠴᠢ ᠰᠡᠯᠪᠢᠨ ᠵᠠᠰᠠᠵᠤ ᠪᠡᠬᠢᠵᠢᠭᠦᠯᠬᠦ ᠪᠠ ᠬᠠᠰᠢᠯᠭ᠎ᠠ᠎ᠶᠢ ᠨᠡᠪᠲᠡᠯᠬᠦ ᠪᠠᠷᠢᠯᠭ᠎ᠠ᠎ᠶᠢ ᠪᠢᠲᠡᠭᠦᠮᠵᠢᠯᠡᠬᠦ ᠵᠡᠷᠭᠡ ᠪᠠᠭᠲᠠᠨ᠎ᠠ᠃ ᠣᠳᠣᠬᠠᠨ᠎ᠳᠤ᠂ ᠢᠨᠵᠧᠨᠧᠷᠢᠩ᠎ᠦᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠠᠵᠢᠯ᠎ᠢ ᠨᠢᠭᠡᠨᠲᠡ ᠪᠡᠶᠡᠯᠡᠭᠦᠯᠵᠦ᠂ ᠵᠢᠱ᠌ᠢᠯᠲᠡ᠎ᠪᠡᠷ 2026 ᠣᠨ᠎ᠳᠤ ᠪᠥᠬᠥ ᠲᠠᠯ᠎ᠠ᠎ᠪᠠᠷ ᠪᠠᠷᠢᠯᠭ᠎ᠠ ᠪᠠᠷᠢᠬᠤ ᠱᠠᠲᠤᠨ᠎ᠳᠤ ᠣᠷᠣᠬᠤ ᠪᠣᠯᠣᠨ᠎ᠠ᠃ ᠢᠨᠵᠧᠨᠧᠷᠢᠩ᠎ᠢ ᠪᠠᠢᠭᠤᠯᠤᠭᠰᠠᠨ᠎ᠤ ᠳᠠᠷᠠᠭ᠎ᠠ᠂ ᠬᠠᠲᠤᠨ ᠭᠣᠣᠯ᠎ᠤᠨ ᠦᠶᠡᠷ᠎ᠢ ᠰᠡᠷᠭᠡᠢᠯᠡᠬᠦ ᠢᠨᠵᠧᠨᠧᠷᠢᠩ᠎ᠦᠨ ᠰᠢᠰᠲᠧᠮᠵᠢ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠦᠶᠡᠷ᠎ᠢ ᠰᠡᠷᠭᠡᠢᠯᠡᠵᠦ ᠰᠥᠩ ᠬᠠᠯᠢᠶ᠎ᠠ᠎ᠶᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠂ ᠬᠣᠶᠠᠷ ᠡᠷᠭᠢ᠎ᠶᠢᠨ ᠠᠷᠠᠳ ᠲᠦᠮᠡᠨ᠎ᠦ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠬᠦᠴᠦᠲᠡᠢ ᠪᠠᠲᠤᠯᠠᠨ᠎ᠠ᠃
      ᠲᠤᠰ ᠤᠳᠠᠭᠠᠨ᠎ᠤ ᠬᠠᠮᠤᠭ᠎ᠤᠨ ᠲᠦᠷᠦᠭᠦᠨ᠎ᠳᠦ ᠡᠬᠢᠯᠡᠭᠦᠯᠦᠭᠰᠡᠨ ᠱᠢ ᠰᠧ ᠹᠧᠨ ᠽᠢ᠎ᠶᠢᠨ ᠠᠶᠤᠯᠲᠠᠢ ᠪᠠᠷᠢᠯᠭ᠎ᠠ᠎ᠶᠢᠨ ᠠᠵᠢᠯ᠎ᠤᠨ ᠪᠡᠯᠡᠳᠬᠡᠯ ᠪᠠᠷᠢᠯᠭ᠎ᠠ ᠨᠢ ᠬᠠᠲᠤᠨ ᠭᠣᠣᠯ᠎ᠤᠨ ᠲᠣᠭᠲᠠᠬᠤ ᠰᠢᠶᠠᠨ᠎ᠤ ᠬᠡᠰᠡᠭ᠎ᠦᠨ 《ᠨᠠᠢ᠍ᠮᠠᠨ ᠭᠠᠵᠠᠷ᠎ᠤᠨ ᠮᠤᠷᠤᠢᠯᠲᠠ》᠎ᠶᠢᠨ ᠬᠤᠷᠴᠠ ᠥᠨᠴᠥᠭ᠎ᠦᠨ ᠮᠤᠷᠤᠢ ᠵᠠᠮ᠎ᠳᠤ ᠪᠠᠢᠷᠢᠯᠠᠵᠠᠢ᠃ ᠲᠡᠷᠡ ᠨᠢ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠨᠢᠭᠡᠨ ᠴᠢᠬᠤᠯᠠ ᠠᠶᠤᠯᠲᠠᠢ ᠪᠠᠷᠢᠯᠭ᠎ᠠ᠎ᠶᠢᠨ ᠬᠡᠰᠡᠭ ᠪᠠᠢᠵᠤ᠂ 805 ᠮᠧᠲᠷ᠎ᠦᠨ ᠭᠣᠣᠯᠳᠠᠯᠭ᠎ᠠ᠎ᠲᠠᠢ ᠬᠡᠰᠡᠭ᠎ᠢ ᠶᠡᠷᠦᠩᠬᠡᠢᠯᠡᠨ ᠵᠠᠰᠠᠵᠤ᠂ ᠰᠡᠷᠭᠡᠢᠯᠡᠬᠦ ᠴᠢᠯᠠᠭᠤ ᠨᠥᠬᠥᠪᠦᠷᠢᠯᠡᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠦᠶᠡᠷ᠎ᠢ ᠰᠡᠷᠭᠡᠢᠯᠡᠵᠦ ᠰᠥᠩ ᠬᠠᠯᠢᠶ᠎ᠠ᠎ᠶᠢ ᠰᠡᠷᠭᠡᠢᠯᠡᠬᠦ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠲᠤᠢᠯᠪᠤᠷᠢᠲᠠᠢ ᠠᠷᠢᠯᠭᠠᠵᠤ᠂ ᠲᠣᠰ ᠠᠶᠤᠯᠲᠠᠢ ᠪᠠᠷᠢᠯᠭ᠎ᠠ᠎ᠶᠢᠨ ᠬᠡᠰᠡᠭ᠎ᠦᠨ ᠦᠶᠡᠷ᠎ᠢ ᠰᠡᠷᠭᠡᠢᠯᠡᠬᠦ ᠴᠢᠳᠠᠪᠤᠷᠢ ᠪᠠ ᠪᠠᠴᠢᠮ ᠪᠠᠢᠳᠠᠯ᠎ᠢ ᠠᠷᠭᠠᠴᠠᠵᠤ ᠠᠶᠤᠯ᠎ᠠᠴᠠ ᠠᠪᠤᠷᠠᠬᠤ ᠪᠠᠲᠤᠯᠠᠭ᠎ᠠ᠎ᠶᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠳᠣᠣᠷᠠᠳᠤ ᠤᠷᠤᠰᠬᠠᠯ᠎ᠤᠨ ᠭᠣᠣᠯ᠎ᠤᠨ ᠬᠡᠰᠡᠭ᠎ᠦᠨ ᠠᠮᠤᠷ ᠲᠦᠪᠰᠢᠨ᠎ᠳᠦ ᠨᠢᠭᠡᠨ 《 ᠠᠮᠤᠷ ᠲᠦᠪᠰᠢᠨ᠎ᠦ ᠣᠨᠢᠰᠤ 》  ᠨᠡᠮᠡᠬᠦ ᠪᠣᠯᠣᠨ᠎ᠠ᠃
      ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ 《 ᠬᠠᠲᠤᠨ ᠭᠣᠣᠯ᠎ᠢ ᠠᠷᠠᠳ ᠲᠦᠮᠡᠨ᠎ᠳᠦ ᠪᠤᠶᠠᠨ ᠦᠢᠯᠡᠳᠬᠦ ᠵᠣᠯ ᠵᠢᠷᠭᠠᠯᠲᠤ ᠭᠣᠣᠯ ᠪᠣᠯᠭᠠᠬᠤ 》 ᠬᠠᠷᠠᠯᠲᠠ᠎ᠪᠠᠨ ᠪᠠᠲᠤ ᠲᠣᠭᠲᠠᠭᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠂ ᠬᠥᠳᠡᠯᠦᠩᠭᠦᠢ᠎ᠪᠡᠷ ᠬᠠᠮᠢᠶᠠᠷᠬᠤ᠎ᠶᠢ ᠦᠨᠡᠨ ᠬᠦ᠌ ᠰᠠᠢᠲᠤᠷ ᠬᠢᠵᠦ᠂ ᠲᠥᠷᠥᠯ ᠵᠦᠢᠯ᠎ᠢ ᠠᠬᠢᠭᠤᠯᠬᠤ ᠶᠠᠪᠤᠴᠠ᠎ᠳᠠᠬᠢ ᠬᠦᠴᠢᠷ ᠠᠰᠠᠭᠤᠳᠠᠯ᠂ ᠲᠦᠭᠵᠢᠷᠡᠯ᠎ᠦᠨ ᠴᠡᠭ᠂ ᠬᠣᠷᠢᠭ᠍ᠯᠠᠯᠲᠠ᠎ᠶᠢᠨ ᠴᠡᠭ᠎ᠦᠨ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ᠂ ᠪᠦᠲᠦᠭᠡᠨ ᠪᠠᠢᠭᠤᠯᠤᠯᠲᠠ᠎ᠳᠤ ᠣᠷᠣᠯᠴᠠᠭᠰᠠᠨ ᠡᠯ᠎ᠡ ᠲᠠᠯ᠎ᠠ᠎ᠶᠢ ᠵᠣᠬᠢᠴᠠᠭᠤᠯᠤᠨ ᠬᠠᠮᠢᠶᠠᠷᠬᠤ᠎ᠶᠢ ᠴᠢᠩᠭᠠᠳᠬᠠᠨ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠰᠢᠨᠵᠢᠯᠡᠬᠦ ᠤᠬᠠᠭᠠᠨᠴᠢ᠎ᠪᠠᠷ ᠪᠠᠷᠢᠯᠭ᠎ᠠ ᠪᠠᠷᠢᠵᠤ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠡᠮᠬᠢ ᠵᠢᠷᠤᠮ᠎ᠲᠠᠢ ᠠᠬᠢᠭᠤᠯᠬᠤ᠎ᠶᠢ ᠦᠨᠡᠨ ᠬᠦ᠌ ᠪᠠᠲᠤᠯᠠᠵᠤ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠲᠡᠦᠬᠡ ᠪᠠ ᠠᠷᠠᠳ ᠣᠯᠠᠨ᠎ᠤ ᠰᠢᠯᠭᠠᠯᠲᠠ᠎ᠶᠢ ᠳᠠᠭᠠᠭᠠᠵᠤ ᠳᠡᠶ᠋ᠢᠯᠬᠦ ᠰᠣᠳᠣᠨ ᠢᠨᠵᠧᠨᠧᠷᠢᠩ ᠂ ᠠᠮᠤᠷ ᠲᠦᠪᠰᠢᠨ᠎ᠦ ᠢᠨᠵᠧᠨᠧᠷᠢᠩ ᠪᠠ ᠠᠷᠠᠳ᠎ᠤᠨ ᠰᠡᠳᠬᠢᠯ᠎ᠦᠨ ᠢᠨᠵᠧᠨᠧᠷᠢᠩ ᠪᠣᠯᠭᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            