ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠳᠦᠷᠢᠮ 》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-12-03

      11 ᠳ᠋ᠦ᠍ᠭᠡᠷ ᠰᠠᠷ᠎ᠠ᠎ᠶᠢᠨ 4᠎ᠡᠴᠡ 7᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠬᠢᠩᠭᠠᠨ ᠠᠢᠮᠠᠭ᠂ ᠲᠦᠩᠯᠢᠶᠣᠣ ᠬᠣᠲᠠ᠎ᠳᠤ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠳᠦᠷᠢᠮ 》 ( ᠳᠣᠷᠣᠭ᠍ᠰᠢ 《 ᠳᠦᠷᠢᠮ 》 ᠭᠡᠵᠦ ᠲᠣᠪᠴᠢᠯᠠᠨ᠎ᠠ )᠎ᠦᠨ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠵᠦ᠂ ᠢᠨᠵᠧᠨᠧᠷᠢᠩ᠎ᠦᠨ ᠵᠠᠮ ᠳᠠᠭᠠᠤ᠎ᠶᠢᠨ ᠠᠵᠤ ᠠᠬᠤᠢᠯᠠᠯ ᠪᠣᠯᠣᠨ ᠣᠯᠠᠨ ᠲᠦᠮᠡᠨ᠎ᠦ 《 ᠳᠦᠷᠢᠮ 》᠎ᠢ ᠣᠢᠯᠠᠭᠠᠬᠤ ᠬᠡᠮᠵᠢᠶ᠎ᠡ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《 ᠳᠦᠷᠢᠮ 》᠎ᠢ ᠲᠤᠭᠤᠰᠢᠯᠠᠭᠤᠯᠤᠨ ᠬᠡᠷᠡᠭᠵᠢᠭᠦᠯᠬᠦ ᠤᠬᠠᠮᠰᠠᠷᠲᠤ ᠴᠢᠨᠠᠷ᠎ᠢ ᠨᠡᠮᠡᠭᠳᠡᠭᠦᠯᠦᠨ᠂ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠢ ᠬᠠᠮᠲᠤ᠎ᠪᠠᠷ ᠬᠠᠤᠯᠢ ᠶᠣᠰᠣᠭᠠᠷ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠪᠠ᠃
      ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠠᠵᠢᠯᠲᠠᠳ ᠤᠷᠢᠳ ᠬᠣᠵᠢᠳ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠵᠠᠷᠤᠳ ᠬᠣᠰᠢᠭᠤ᠂ ᠬᠣᠷᠴᠢᠨ ᠲᠣᠭᠣᠷᠢᠭ᠋᠂ ᠺᠠᠢᠯᠤ ᠰᠢᠶᠠᠨ᠎ᠳᠤ ᠬᠦᠷᠴᠦ᠂ ᠢᠨᠵᠧᠨᠧᠷᠢᠩ᠎ᠦᠨ ᠵᠠᠮ ᠳᠠᠭᠠᠤ᠎ᠶᠢᠨ ᠭᠠᠴᠠᠭ᠎ᠠ ᠲᠣᠰᠬᠣᠨ ᠪᠠ ᠢᠨᠵᠧᠨᠧᠷᠢᠩ᠎ᠦᠨ ᠬᠠᠮᠢᠶᠠᠷᠤᠯᠲᠠ᠎ᠶᠢᠨ ᠨᠢᠭᠡᠴᠢ᠎ᠳᠦ ᠭᠦᠨᠵᠡᠭᠡᠢᠷᠡᠨ ᠬᠠᠤᠯᠢ᠎ᠶᠢ ᠲᠠᠷᠢᠶᠠᠴᠢᠨ ᠡᠷᠦᠬᠡ᠂ ᠠᠵᠤ ᠠᠬᠤᠢᠯᠠᠯ᠎ᠳᠤ ᠬᠦᠷᠭᠡᠵᠦ᠂ ᠬᠥᠨᠳᠡᠯᠡᠨ ᠪᠢᠴᠢᠭᠡᠰᠦ ᠡᠯᠭᠦᠬᠦ᠂ ᠵᠠᠷᠯᠠᠯ ᠨᠠᠭᠠᠬᠤ᠂ ᠲᠠᠭᠤ ᠨᠡᠪᠲᠡᠷᠡᠭᠦᠯᠬᠦ᠎ᠪᠡᠷ ᠳᠠᠮᠵᠢᠭᠤᠯᠤᠨ᠂ ᠤᠰᠤ ᠳᠠᠮᠵᠢᠭᠤᠯᠬᠤ ᠬᠣᠭᠣᠯᠠᠢ ᠳᠠᠭᠠᠤ ᠢᠨᠵᠧᠨᠧᠷᠢᠩ᠎ᠦᠨ ᠪᠠᠷᠢᠯᠭ᠎ᠠ ᠪᠠ ᠲᠥᠬᠦᠭᠡᠷᠦᠮᠵᠢ ᠳᠡᠭᠡᠷ᠎ᠡ ᠤᠬᠠᠭᠤᠯᠭ᠎ᠠ᠎ᠶᠢᠨ ᠤᠷᠢᠶ᠎ᠠ ᠯᠣᠽᠦ᠋ᠩ ᠨᠠᠭᠠᠵᠤ᠂ ᠣᠯᠠᠨ ᠲᠦᠮᠡᠨ᠎ᠳᠦ 《 ᠳᠦᠷᠢᠮ 》᠎ᠤᠨ ᠤᠬᠠᠭᠤᠯᠭ᠎ᠠ᠎ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠠᠪᠴᠤ᠂ 《 ᠳᠦᠷᠢᠮ 》᠎ᠢ ᠨᠡᠢᠲᠡᠯᠡᠭᠰᠡᠨ ᠠᠬᠤᠢ ᠪᠠᠢᠳᠠᠯ᠂ ᠭᠣᠣᠯ ᠠᠭᠤᠯᠭ᠎ᠠ ᠪᠠ ᠠᠴᠢ ᠬᠣᠯᠪᠣᠭᠳᠠᠯ᠎ᠢ ᠲᠤᠬᠠᠢ᠎ᠶᠢᠨ ᠲᠠᠯᠠᠪᠤᠷ ᠲᠤᠨᠢ ᠤᠬᠠᠭᠤᠯᠵᠤ᠂ ᠠᠷᠠᠳ ᠢᠷᠭᠡᠨ᠂ ᠬᠠᠤᠯᠢ᠎ᠶᠢᠨ ᠡᠷᠬᠡᠲᠡᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠢ ᠬᠠᠮᠠᠭᠠᠯᠠᠬᠤ ᠬᠠᠤᠯᠢ᠎ᠪᠠᠷ ᠲᠣᠭᠲᠠᠭᠠᠭᠰᠠᠨ ᠡᠭᠦᠷᠭᠡ᠂ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠬᠡᠪᠴᠢᠶᠡᠨ᠎ᠳᠦ ᠬᠢᠬᠦ᠎ᠶᠢ ᠴᠠᠭᠠᠵᠠᠯᠠᠭᠰᠠᠨ ᠦᠶ᠋ᠯᠡ ᠠᠵᠢᠯᠯᠠᠭ᠎ᠠ ᠵᠢᠴᠢ ᠬᠠᠤᠯᠢ᠎ᠠᠴᠠ ᠵᠥᠷᠢᠴᠡᠭᠰᠡᠨ ᠬᠠᠮᠢᠶ᠎ᠠ ᠪᠦᠬᠦᠢ ᠲᠣᠭᠲᠠᠭᠠᠯ᠎ᠳᠤ ᠡᠷᠬᠡᠪᠰᠢ ᠡᠭᠦᠷᠭᠡᠯᠡᠬᠦ ᠬᠠᠤᠯᠢ᠎ᠶᠢᠨ ᠬᠠᠷᠢᠭᠤᠴᠠᠯᠭ᠎ᠠ ᠵᠡᠷᠭᠡ᠎ᠶᠢ ᠨᠠᠷᠢᠨ ᠲᠠᠢᠯᠪᠤᠷᠢᠯᠠᠵᠠᠢ᠃ ᠲᠣᠰ ᠤᠳᠠᠭᠠᠨ᠎ᠤ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠪᠠᠷ ᠳᠠᠮᠵᠢᠭᠤᠯᠤᠨ᠂ ᠨᠠᠩ ᠣᠯᠠᠨ ᠠᠵᠤ ᠠᠬᠤᠢᠯᠠᠯ ᠪᠠ ᠣᠯᠠᠨ ᠲᠦᠮᠡᠨ᠎ᠳᠦ 《 ᠳᠦᠷᠢᠮ 》᠎ᠢ ᠮᠡᠳᠡᠭᠦᠯᠵᠦ᠂ 《 ᠳᠦᠷᠢᠮ 》᠎ᠢ ᠣᠢᠯᠠᠭᠠᠭᠤᠯᠵᠤ᠂ ᠨᠡᠢᠭᠡᠮ ᠨᠡᠶ᠋ᠢᠲᠡ᠎ᠶᠢᠨ ᠤᠬᠠᠮᠰᠠᠷ᠎ᠠᠴᠠ᠎ᠪᠠᠨ ᠤᠯᠤᠰ᠎ᠤᠨ ᠴᠢᠬᠤᠯᠠ ᠶᠡᠬᠡ ᠰᠠᠭᠤᠷᠢ ᠲᠥᠬᠦᠭᠡᠷᠦᠮᠵᠢ᠎ᠶᠢ ᠬᠠᠮᠠᠭᠠᠯᠠᠬᠤ ᠤᠬᠠᠮᠰᠠᠷ᠎ᠢ ᠴᠢᠩᠭᠠᠷᠠᠭᠤᠯᠤᠨ᠂ ᠬᠠᠤᠯᠢ᠎ᠶᠢ ᠰᠠᠬᠢᠵᠤ ᠤᠰᠤ᠎ᠶᠢ ᠬᠠᠮᠠᠭᠠᠯᠠᠬᠤ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠠᠮᠲᠤ᠎ᠶᠢᠨ ᠲᠠᠨᠢᠯᠲᠠ ᠪᠠ ᠬᠦᠴᠦᠨ᠎ᠢ ᠨᠢᠭ᠍ᠲᠠᠷᠠᠭᠤᠯᠤᠭᠰᠠᠨ ᠪᠠᠢᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            