ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠴᠢᠬᠤᠯᠠᠴᠢᠯᠠᠭᠰᠠᠨ ᠨᠢ ᠬᠠᠲᠤᠨ ᠭᠣᠣᠯ᠎ᠢ ᠬᠠᠮᠠᠭᠠᠯᠠᠬᠤ ᠬᠦᠨᠳᠦ ᠡᠭᠦᠷᠭᠡ᠎ᠶᠢ ᠡᠭᠦᠷᠭᠡᠯᠡᠵᠦ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2025-12-03

      11ᠳ᠋ᠦ᠍ᠭᠡᠷ ᠰᠠᠷ᠎ᠠ᠎ᠶᠢᠨ 18᠎ᠤ ᠡᠳᠦᠷ᠎ᠡᠴᠡ 20᠎ᠤ ᠡᠳᠦᠷ ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠤᠷᠢᠳ ᠬᠣᠵᠢᠳ ᠥᠪᠥᠷ ᠮᠣᠩᠭᠣᠯ᠎ᠤᠨ ᠦᠬᠠᠢ ᠬᠣᠲᠠ᠂ ᠪᠠᠶᠠᠨᠨᠠᠭᠤᠷ ᠬᠣᠲᠠ᠎ᠳᠤ ᠬᠦᠷᠴᠦ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠵᠢᠯᠯᠠᠭᠠᠨ᠎ᠤ ᠬᠠᠮᠢᠶᠠᠷᠤᠯᠲᠠ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠭᠰᠠᠨ᠂ ᠤᠰᠤᠯᠠᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠂ ᠭᠣᠣᠯ ᠨᠠᠭᠤᠷ᠎ᠤᠨ ᠬᠠᠮᠠᠭᠠᠯᠠᠯᠲᠠ ᠵᠠᠰᠠᠯᠲᠠ ᠵᠡᠷᠭᠡ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠰᠥᠩ ᠬᠠᠯᠢᠶ᠎ᠠ᠎ᠶᠢ ᠰᠡᠷᠭᠡᠢᠯᠡᠨ ᠦᠶᠡᠷ᠎ᠦᠨ ᠬᠤᠭᠤᠴᠠᠭ᠎ᠠ᠎ᠳᠤ ᠪᠡᠯᠡᠳᠬᠡᠬᠦ ᠠᠵᠢᠯ᠎ᠢ ᠬᠢᠨᠠᠨ ᠵᠢᠯᠣᠭᠣᠳᠪᠠ᠃ ᠣᠷᠣᠨ ᠪᠦᠰᠡ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠣᠨ ᠰᠡᠷᠭᠦᠭᠡᠯᠲᠡ᠎ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠤᠰᠤᠨ᠎ᠤ ᠡᠷᠬᠡ᠎ᠶᠢ ᠰᠢᠯᠵᠢᠭᠦᠯᠦᠨ ᠥᠭᠬᠦ ᠲᠣᠭᠲᠠᠴᠠ᠎ᠶᠢ ᠴᠢᠷᠮᠠᠢᠨ ᠲᠡᠭᠦᠯᠳᠡᠷᠵᠢᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠠᠭᠠᠷ᠎ᠤᠨ ᠳᠤᠯᠠᠭᠠᠨ᠎ᠤ ᠦᠷᠭᠦᠯᠵᠢᠯᠡᠨ ᠳᠣᠷᠣᠭᠰᠢᠯᠠᠬᠤ᠎ᠶᠢ ᠳᠠᠭᠠᠯᠳᠤᠨ᠂ ᠬᠠᠲᠤᠨ ᠭᠣᠣᠯ ᠨᠢᠭᠡᠨᠲᠡ ᠬᠠᠯᠢᠶ᠎ᠠ ᠦᠶᠡᠷ᠎ᠦᠨ ᠬᠤᠭᠤᠴᠠᠭᠠᠨ᠎ᠳᠤ ᠣᠷᠣᠭᠰᠠᠨ ᠪᠠᠢᠨ᠎ᠠ᠃ ᠸᠠᠩ ᠸᠧᠢ ᠵᠦᠩ ᠬᠠᠳᠤᠨ ᠭᠣᠣᠯ᠎ᠤᠨ ᠦᠬᠠᠢ᠎ᠶᠢᠨ ᠬᠡᠰᠡᠭ᠎ᠲᠦ ᠬᠦᠷᠴᠦ ᠭᠣᠣᠯ ᠴᠠᠭᠳᠠᠬᠤ ᠠᠵᠢᠯ ᠥᠷᠨᠢᠭᠦᠯᠵᠦ᠂ ᠬᠠᠳᠤᠨ ᠭᠣᠣᠯ᠎ᠤᠨ ᠬᠠᠢᠷᠤᠪ᠎ᠤᠨ ᠲᠣᠬᠣᠢ᠎ᠶᠢᠨ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠠᠵᠢᠯᠯᠠᠭᠠᠨ ᠪᠠ ᠭᠣᠣᠯ᠎ᠤᠨ ᠬᠡᠰᠡᠭ᠎ᠦᠨ ᠬᠠᠮᠠᠭᠠᠯᠠᠯᠲᠠ ᠵᠠᠰᠠᠯᠲᠠ ᠵᠡᠷᠭᠡ ᠪᠠᠢᠳᠠᠯ᠎ᠢ ᠪᠠᠢᠴᠠᠭᠠᠨ ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠬᠠᠯᠢᠶ᠎ᠠ ᠦᠶᠡᠷ᠎ᠦᠨ ᠠᠮᠤᠷ ᠲᠦᠪᠰᠢᠨ᠎ᠦ ᠡᠨᠡ ᠬᠦ᠌ ᠬᠥᠪᠴᠢ᠎ᠶᠢ ᠴᠠᠭ ᠢᠮᠠᠭᠲᠠ ᠴᠢᠩᠭ᠎ᠠ ᠠᠳᠬᠤᠵᠤ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ᠎ᠶᠢ ᠪᠠᠷᠢᠮᠲᠠᠯᠠᠨ᠂ ᠪᠠᠴᠢᠮ ᠪᠠᠢᠳᠠᠯ᠎ᠢ ᠠᠷᠭᠠᠴᠠᠬᠤ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠵᠤ᠂ ᠬᠠᠲᠤᠨ ᠭᠣᠣᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠬᠠᠲᠤᠨ ᠭᠣᠣᠯ᠎ᠤᠨ ᠬᠠᠢᠷᠤᠪ᠎ᠤᠨ ᠲᠣᠬᠣᠢ᠎ᠶᠢᠨ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠪᠠᠷᠢᠯᠭ᠎ᠠ᠎ᠶᠢᠨ ᠡᠯᠡᠰᠦ ᠰᠢᠪᠠᠷ ᠬᠤᠷᠠᠵᠤ ᠴᠤᠭᠯᠠᠭᠰᠠᠨ ᠠᠰᠠᠭᠤᠳᠠᠯ᠎ᠢ ᠭᠦᠨᠵᠡᠭᠡᠢ ᠰᠤᠳᠤᠯᠤᠨ ᠰᠢᠢᠳᠪᠦᠷᠢᠯᠡᠵᠦ᠂ ᠰᠦᠩ ᠬᠠᠯᠢᠶ᠎ᠠ᠎ᠶᠢ ᠰᠡᠷᠭᠡᠢᠯᠡᠬᠦ ᠪᠠ ᠦᠶᠡᠷ᠎ᠢ ᠰᠡᠷᠭᠡᠢᠯᠡᠬᠦ ᠴᠢᠳᠠᠪᠤᠷᠢ᠎ᠪᠠᠨ ᠦᠨᠡᠨ ᠬᠦ᠌ ᠴᠢᠩᠭᠠᠳᠬᠠᠬᠤ ᠬᠡᠷᠡᠭᠲᠡᠢ ᠭᠡᠵᠡᠢ᠃
      ᠸᠠᠩ ᠸᠧᠢ ᠵᠦᠩ ᠬᠠᠳᠤᠨ ᠭᠣᠣᠯ᠎ᠤᠨ ᠰᠠᠨ ᠱᠧᠩ ᠬᠦᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠢᠨᠵᠧᠨᠧᠷᠢᠩ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤᠨ᠎ᠤ ᠬᠡᠮᠵᠢᠶ᠎ᠡ᠎ᠶᠢᠨ ᠮᠡᠳᠡᠭᠡ ᠵᠠᠩᠭᠢᠴᠢᠯᠠᠯᠲᠠ᠎ᠶᠢᠨ ᠬᠢᠨᠠᠨ ᠬᠡᠮᠵᠢᠯᠲᠡ᠎ᠶᠢᠨ ᠲᠥᠪ᠎ᠦᠨ ᠪᠦᠲᠦᠭᠡᠨ ᠪᠠᠢᠭᠤᠯᠤᠯᠲᠠ᠎ᠶᠢᠨ ᠠᠵᠢᠯᠯᠠᠭᠠᠨ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠴᠠᠢ᠃ ᠲᠡᠷᠡ ᠬᠡᠯᠡᠬᠦ᠎ᠳᠡᠭᠡᠨ᠂ ᠬᠠᠲᠤᠨ ᠭᠣᠣᠯ ᠪᠣᠯ ᠳᠤᠮᠳᠠᠳᠤ᠎ᠶᠢᠨ ᠦᠨᠳᠦᠰᠦᠲᠡᠨ᠎ᠦ ᠡᠵᠢ ᠭᠣᠣᠯ ᠮᠥᠨ᠂ ᠪᠢᠳᠡ ᠡᠷᠬᠡᠪᠰᠢ ᠬᠠᠲᠤᠨ ᠭᠣᠣᠯ᠎ᠢ ᠬᠠᠮᠠᠭᠠᠯᠠᠬᠤ ᠬᠦᠨᠳᠦ ᠡᠭᠦᠷᠭᠡ᠎ᠶᠢ ᠡᠭᠦᠷᠭᠡᠯᠡᠬᠦ ᠬᠡᠷᠡᠭᠲᠡᠢ᠃ 《ᠲᠦᠷᠪᠡᠨ ᠤᠰᠤ᠎ᠪᠠᠷ ᠳᠥᠷᠪᠡ᠎ᠶᠢ ᠲᠣᠭᠲᠠᠭᠠᠬᠤ》 ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠋᠎ᠢ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠬᠤ᠎ᠶᠢ ᠴᠢᠩᠭᠠᠳᠬᠠᠵᠤ᠂  《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠲᠥᠷᠥᠯ ᠵᠦᠢᠯᠡᠰ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠦᠨ ᠬᠡᠷᠡᠭᠵᠢᠭᠦᠯᠵᠦ᠂ ᠤᠰᠤ ᠡᠯᠡᠰᠦ᠎ᠶᠢ ᠲᠣᠬᠢᠷᠠᠭᠤᠯᠤᠨ ᠡᠵᠡᠮᠳᠡᠬᠦ ᠲᠣᠭᠲᠠᠴᠠ᠎ᠶᠢ ᠲᠡᠭᠦᠯᠳᠡᠷᠵᠢᠭᠦᠯᠦᠨ᠂ ᠦᠶᠡᠷ᠎ᠢ ᠰᠡᠷᠭᠡᠢᠯᠡᠵᠦ ᠰᠦᠩ ᠬᠠᠯᠢᠶ᠎ᠠ᠎ᠶᠢ ᠰᠡᠷᠭᠡᠢᠯᠡᠬᠦ ᠵᠡᠷᠭᠡ ᠭᠠᠮᠰᠢᠭ᠋᠎ᠢ ᠪᠠᠭᠠᠰᠬᠠᠬᠤ ᠰᠢᠰᠲᠧᠮ᠎ᠢ ᠲᠡᠭᠦᠯᠳᠡᠷᠵᠢᠭᠦᠯᠵᠦ᠂ ᠤᠰᠤᠨ᠎ᠤ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠬᠤ᠂ ᠤᠰᠤᠨ᠎ᠤ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠂ ᠤᠰᠤᠨ᠎ᠤ ᠠᠮᠢ ᠠᠬᠤᠢ᠎ᠶᠢ ᠢᠯᠡᠳᠲᠡ ᠰᠠᠢᠵᠢᠷᠠᠭᠤᠯᠬᠤ᠎ᠶᠢ ᠪᠡᠶᠡᠯᠡᠭᠦᠯᠬᠦ ᠬᠡᠷᠡᠭᠲᠡᠢ ᠭᠡᠪᠡ᠃ ᠸᠠᠩ ᠸᠧᠢ ᠵᠦᠩ ᠤᠯᠠᠭᠠᠨᠰᠤᠬᠠᠢ᠎ᠳᠤ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠭᠰᠠᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠲᠣᠭᠲᠠᠯ ᠬᠦᠴᠦᠨ᠎ᠢᠶᠡᠨ ᠪᠠᠲᠤᠯᠠᠵᠤ᠂ ᠰᠢᠨᠵᠢᠯᠡᠬᠦ ᠤᠬᠠᠭᠠᠨᠴᠢ᠎ᠪᠠᠷ ᠵᠠᠰᠠᠵᠤ᠂ ᠰᠢᠰᠲᠧᠮ ᠲᠠᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ᠎ᠪᠡᠷ ᠡᠨᠡ ᠬᠦ᠌ 《ᠪᠣᠭᠣᠮᠲᠠ᠎ᠶᠢᠨ ᠭᠠᠳᠠᠨᠠᠬᠢ ᠬᠡᠷᠡᠯᠳᠦ ᠰᠤᠪᠤᠳ》᠎ᠢ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            