ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠭᠣᠣᠯᠳᠠᠯᠭ᠎ᠠ᠎ᠲᠠᠢ ᠬᠢᠨᠠᠨ ᠬᠡᠮᠵᠢᠭᠰᠡᠨ 358 ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠨᠣᠷᠮ᠎ᠠ᠎ᠨᠢ ᠨᠡᠶ᠋ᠢᠲᠡ 15.77 ᠳ᠋ᠦᠩᠰᠢᠭᠤᠷ ᠲᠥᠭᠥᠷᠢᠭ᠎ᠲᠤ ᠬᠦᠷᠴᠦ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠥᠪᠥᠷ ᠮᠣᠩᠭᠣᠯ᠎ᠤᠨ ᠬᠡᠷᠡᠭᠯᠡᠭᠡᠨ᠎ᠤ ᠬᠠᠯᠠᠭᠤᠷᠠᠯ᠎ᠤᠨ ᠬᠦᠴᠦᠨ᠎ᠢ ᠨᠡᠮᠡᠭᠳᠡᠭᠦᠯᠪᠡ
ᠨᠡᠶ᠋ᠢᠲᠡᠯᠡᠭᠰᠡᠨ ᠴᠠᠭ᠄ 2025-05-07

  《ᠠᠩᠬ᠎ᠠ ᠤᠳᠠᠭ᠎ᠠ ᠬᠥᠬᠡᠬᠣᠲᠠ᠎ᠳᠤ ᠢᠷᠡᠵᠦ ᠪᠠᠢ᠌ᠨ᠎ᠠ᠂  ᠡᠨᠳᠡᠬᠢ ᠬᠡᠷᠡᠭᠯᠡᠭᠡᠨ᠎ᠤ ᠠᠭᠤᠷ ᠠᠮᠢᠰᠬᠤᠯ ᠦᠨᠡᠬᠡᠷ ᠰᠠᠢ᠌ᠬᠠᠨ ᠪᠠᠢ᠌ᠨ᠎ᠠ᠂  ᠣᠷᠣᠢ᠎ᠳᠠᠭᠠᠨ ᠲᠠᠯ᠎ᠠ ᠨᠤᠲᠤᠭ᠎ᠲᠤ ᠲᠦᠳᠡᠭ ᠭᠠᠯ ᠦᠵᠡᠵᠦ᠂  ᠣᠨᠴᠠᠯᠢᠭᠲᠤ ᠰᠢᠷᠠᠮᠠᠯ ᠢᠳᠡᠭᠡᠨ ᠢᠳᠡᠵᠦ᠂  ᠡᠳᠦᠷ᠎ᠲᠡᠭᠡᠨ ᠬᠠᠭᠤᠴᠢᠨ ᠵᠡᠭᠡᠯᠢ᠎ᠪᠠᠷ ᠲᠣᠭᠣᠷᠢᠵᠤ᠂  ᠲᠤᠰᠬᠠᠢ ᠵᠤᠭ᠋ᠠᠴᠠᠯ᠎ᠤᠨ ᠳᠤᠷᠠᠰᠬᠠᠯ᠎ᠤᠨ ᠡᠳ᠋ ᠵᠠᠬᠢᠶᠠᠯᠠᠨ᠎ᠠ᠂  ᠬᠥᠬᠡᠬᠣᠲᠠ ᠦᠨᠡᠬᠡᠷ ᠪᠢᠳᠡᠨ᠎ᠢ ᠰᠠᠢ᠌ᠨ ᠣᠢ᠌ᠯᠠᠭ᠋ᠠᠨ᠎ᠠ!》 ᠭᠡᠵᠦ ᠬᠡᠯᠡᠪᠡ᠃

  《ᠥᠪᠥᠷ ᠮᠣᠩᠭᠤᠯ᠎ᠳᠤ ᠢᠷᠡᠭᠰᠡᠨ᠎ᠨᠢ ᠶᠡᠷᠦ᠎ᠠᠴᠠ ᠵᠤᠤ ᠵᠢᠶᠦ᠋ᠨ᠎ᠤ ᠤᠩᠭᠤᠨ᠂  ᠶᠡᠭᠡ ᠵᠤᠤ ᠰᠦᠮ᠎ᠡ ᠵᠡᠷᠭᠡ ᠨᠡᠷᠡᠳᠦ ᠦᠵᠡᠮᠵᠢ ᠵᠢᠨ ᠴᠡᠭ ᠪᠣᠯᠤᠨ ᠥᠷᠭᠡᠨ ᠠᠭᠤᠳᠠᠮ ᠲᠠᠯ᠎ᠠ ᠨᠤᠲᠤᠭ᠎ᠢ ᠵᠣᠷᠢᠵᠤ ᠢᠷᠡᠭᠰᠡᠨ ᠶᠤᠮ᠂  ᠠᠳᠡᠬᠢ ᠤᠯᠠᠨ ᠡᠰᠢᠴᠢᠯᠡᠭᠰᠡᠨ᠂  ᠥᠪᠡᠷᠮᠢᠴᠡ ᠣᠨᠴᠠᠯᠢᠭ᠎ᠲᠠᠢ ᠬᠡᠷᠡᠭᠯᠡᠭᠡᠨ᠎ᠤ ᠣᠶ᠋ᠢᠯᠠᠭ᠋ᠠᠯᠲᠠ ᠵᠢ 〈ᠬᠦᠷᠢᠶᠡᠯᠡᠬᠦ〉 ᠪᠣᠯᠤᠭᠰᠠᠨ᠎ᠢ ᠪᠣᠳᠣᠵᠤ ᠣᠯᠤᠭᠰᠠᠨ ᠦᠭᠡᠢ》 ᠭᠡᠵᠦ ᠬᠡᠯᠡᠵᠦ ᠪᠠᠶ᠋ᠢᠯ᠎ᠠ᠃

  ᠁

  《5.1》᠎ᠤ ᠠᠮᠠᠷᠠᠯᠲᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ 《ᠬᠥᠭᠵᠢᠶᠡᠨ᠎ᠲᠠᠢ》 ᠪᠦᠬᠦ ᠲᠠᠯ᠎ᠠ᠎ᠪᠠᠷ 《ᠬᠠᠯᠠᠭᠤᠷᠠᠯ᠎ᠤᠨ ᠬᠡᠮᠵᠢᠭᠳᠡᠯ》 ᠳᠦᠭᠦᠷᠡᠩ ᠪᠠᠢ᠌ᠯ᠎ᠠ᠃  ᠪᠠᠭ᠎ᠠ ᠠᠮᠠᠷᠠᠯᠲᠠ ᠵᠢᠨ ᠬᠤᠭᠤᠴᠠᠭ᠋ᠠᠨ᠎ᠳᠤ᠂  ᠰᠤᠷᠪᠤᠯᠵᠢᠯᠠᠭᠴᠢ ᠬᠥᠬᠡᠬᠣᠲᠠ ᠵᠢᠨ ᠵᠤᠸᠠᠨ ᠵᠢᠶᠣᠤ ᠭᠤᠳᠤᠮᠵᠢ᠂  ᠨᠡᠬᠡᠮᠡᠯ ᠵᠡᠷᠭᠡ ᠭᠣᠣᠯᠳᠠᠯᠭ᠎ᠠ᠎ᠲᠠᠢ ᠬᠤᠳᠠᠯᠳᠤᠭ᠋ᠠᠨ᠎ᠤ ᠲᠣᠭᠣᠷᠢᠭ᠎ᠲᠤ ᠬᠦᠷᠴᠦ᠂  ᠤᠯᠤᠰ᠎ᠤᠨ ᠤᠷᠤᠰᠬᠠᠯ᠎ᠤᠨ ᠰᠣᠶᠣᠯ᠂  ᠰᠥᠨᠢ ᠵᠢᠨ ᠠᠵᠤ ᠠᠬᠤᠢ᠂  ᠵᠢᠪᠦᠮᠡᠯ ᠮᠠᠶᠢᠭ ᠵᠶ᠋ᠠᠷ ᠣᠢ᠌ᠯᠠᠭ᠋ᠠᠬᠤ ᠵᠡᠷᠭᠡ ᠰᠢᠨ᠎ᠡ ᠲᠠᠯᠠᠪᠠᠢ ᠵᠢᠨ ᠠᠮᠢᠵᠢᠷᠠᠯ᠎ᠤᠨ ᠬᠦᠴᠦᠨ ᠪᠠᠳᠠᠷᠠᠨ ᠬᠥᠭᠵᠢᠵᠦ᠂  ᠬᠣᠲᠠ ᠵᠢᠨ ᠠᠷᠠᠳ᠎ᠤᠨ ᠵᠤᠭ᠋ᠠᠴᠠᠭᠰᠠᠳ ᠤᠲᠤᠭ᠎ᠠ ᠠᠭᠤᠷ ᠠᠮᠢᠰᠭᠤᠯ ᠪᠣᠯᠤᠨ ᠣᠳᠬ᠎ᠠ ᠤᠷᠠᠯᠢᠭ᠎ᠤᠨ ᠬᠡᠪ ᠨᠠᠮᠪᠠ᠎ᠠᠴᠠ ᠬᠡᠷᠡᠭᠯᠡᠭᠡᠨ᠎ᠤ ᠬᠠᠯᠠᠭᠤᠷᠠᠯ᠎ᠢ ᠣᠢ᠌ᠯᠠᠭ᠋ᠠᠵᠤ᠂  ᠬᠠᠮᠲᠤᠪᠠᠷ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠬᠣᠶᠠᠷ ᠬᠥᠭᠵᠢᠭᠰᠡᠨ ᠪᠠᠢ᠌ᠳᠠᠯ᠎ᠢ ᠪᠣᠢ ᠪᠣᠯᠭ᠋ᠠᠬᠤ ᠵᠢ ᠠᠬᠢᠭᠤᠯᠵᠠᠢ᠃

  《5.1》᠎ᠤ ᠬᠤᠭᠤᠴᠠᠭ᠋ᠠᠨ᠎ᠳᠤ᠂  ᠪᠥᠬᠦ ᠣᠷᠣᠨ᠎ᠤ ᠭᠤᠤᠯᠳᠠᠯᠭ᠎ᠠ᠎ᠲᠠᠢ ᠬᠢᠨᠠᠨ ᠬᠡᠮᠵᠢᠭᠰᠡᠨ 358 ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ ᠨᠡᠶ᠋ᠢᠲᠡ 15.77 ᠳ᠋ᠦᠩᠰᠢᠭᠤᠷ ᠲᠥᠭᠦᠷᠢᠭ᠎ᠤᠨ ᠪᠣᠷᠣᠯᠠᠭᠤᠯᠭ᠎ᠠ ᠵᠢ ᠪᠡᠶᠡᠯᠡᠭᠦᠯᠵᠦ᠂  ᠠᠳᠠᠯᠢ ᠬᠤᠭᠤᠴᠠᠭ᠋ᠠᠨ᠎ᠤ᠎ᠬᠢ᠎ᠠᠴᠠ 2.3%᠎ᠪᠠᠷ ᠨᠡᠮᠡᠭᠳᠡᠪᠡ᠃

  5 ᠳ᠋ᠤᠭ᠋ᠠᠷ ᠰᠠᠷ᠎ᠠ ᠵᠢᠨ 1᠎ᠤ ᠡᠳᠦᠷ᠂  ᠰᠤᠷᠪᠤᠯᠵᠢᠯᠠᠭᠴᠢ ᠬᠥᠬᠡᠬᠣᠲᠠ ᠵᠢᠨ ᠨᠡᠬᠡᠮᠡᠯ ᠬᠤᠳᠠᠯᠳᠤᠭ᠋ᠠᠨ᠎ᠤ ᠲᠣᠭᠣᠷᠢᠭ᠎ᠲᠤ ᠬᠦᠷᠬᠦ᠎ᠳᠤ᠂  ᠡᠨᠳᠡ ᠶᠠᠭ ᠰᠠᠢ᠌ᠬᠠᠨ ᠲᠠᠯᠬ᠎ᠠ & ᠺᠣᠹᠧ ᠵᠢᠨ ᠰᠣᠶᠣᠯ᠎ᠤᠨ ᠨᠠᠢ᠌ᠷ ᠡᠷᠬᠢᠯᠡᠵᠦ ᠪᠠᠢ᠌ᠯ᠎ᠠ᠃  ᠠᠳᠠᠯᠢ ᠪᠤᠰᠤ ᠨᠡᠷᠡᠲᠦ ᠲᠡᠮᠳᠡᠭᠲᠦ ᠲᠠᠯᠬ᠎ᠠ ᠪᠣᠯᠤᠨ ᠺᠣᠹᠧ ᠵᠢᠨ ᠮᠤᠬᠤᠯᠠᠭ᠎ᠲᠤ ᠮᠠᠰᠢ ᠣᠯᠠᠨ ᠳᠡᠯᠭᠡᠭᠦᠷ᠎ᠤᠨ ᠪᠠᠢ᠌ᠷᠢ ᠨᠡᠬᠡᠬᠡᠵᠦ᠂  ᠲᠠᠯᠬ᠎ᠠ ᠵᠢᠨ ᠠᠮᠲᠠᠲᠤ ᠠᠮᠲᠠ᠂  ᠺᠣᠹᠧ ᠵᠢᠨ ᠦᠨᠦᠷ ᠬᠠᠩᠬᠤᠯᠵᠤ᠂  ᠮᠠᠰᠢ ᠣᠯᠠᠨ ᠵᠤᠭ᠋ᠠᠴᠠᠭᠰᠠᠳ ᠪᠣᠯᠤᠨ ᠬᠤᠲᠠ ᠵᠢᠨ ᠠᠷᠠᠳ᠎ᠤᠨ ᠠᠩᠬᠠᠷᠤᠯ᠎ᠢ ᠲᠠᠲᠠᠭᠰᠠᠨ ᠪᠠᠶ᠋ᠢᠨ᠎ᠠ᠃

  《ᠶᠠᠫᠣᠨ ᠮᠠᠶᠢᠭ᠎ᠤᠨ ᠲᠦᠭᠦᠬᠡᠢ ᠤᠷᠲᠦ ᠳᠦᠷᠪᠡᠯᠵᠢᠨ ᠮᠢᠶᠠᠨᠪᠤᠤ᠂ ᠧᠦᠢ᠍ᠷᠣᠫᠠ ᠮᠠᠶᠢᠭ᠎ᠤᠨ ᠬᠤᠵᠢᠷ᠎ᠤᠨ ᠪᠣᠣᠪᠣ᠂  ᠪᠦᠲᠦᠭᠡᠯᠴᠢ ᠰᠸ ᠺᠠᠩ ᠁》 ᠪᠢ ᠬᠤᠳᠠᠯᠳᠤᠭ᠋ᠠᠨ᠎ᠤ ᠲᠠᠯᠠᠪᠤᠷ᠎ᠲᠤ ᠠᠩᠬ᠎ᠠ ᠤᠳᠠᠭ᠎ᠠ ᠢᠢ᠍ᠮᠦ ᠣᠯᠠᠨ ᠲᠥᠷᠥᠯ᠎ᠤᠨ ᠲᠠᠯᠬ᠎ᠠ ᠢᠳᠡᠵᠦ᠂  ᠮᠠᠨᠤᠰ ᠰᠢᠭ ᠨᠡᠭᠦᠷᠡᠰᠦ ᠤᠰᠤᠨ᠎ᠳᠤ ᠳᠤᠷ᠎ᠠ ᠪᠠᠬᠠᠲᠠᠢ ᠬᠦᠮᠦᠰ᠎ᠲᠤ ᠠᠪᠴᠤ ᠬᠡᠯᠡᠪᠡᠯ ᠲᠣᠩ ᠰᠠᠢ᠌ᠨ ᠪᠤᠯᠤᠯ᠎ᠠ!》 ᠭᠡᠵᠦ ᠱᠠᠨᠳᠦ᠋ᠩ ᠮᠤᠵᠢ ᠵᠢᠨ ᠵᠢᠭᠤᠯᠴᠢᠨ ᠯᠢᠦᠢ ᠯᠢ ᠯᠢ ᠬᠡᠯᠡᠪᠡ᠃

  《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂  ᠮᠠᠨ᠎ᠤ ᠣᠷᠣᠨ᠎ᠤ ᠡᠯ᠎ᠡ ᠲᠣᠮᠣ ᠬᠤᠳᠠᠯᠳᠤᠭ᠋ᠠᠨ᠎ᠤ ᠲᠣᠭᠤᠷᠢᠭ᠎ᠤᠨ ᠬᠥᠮᠦᠨ᠎ᠤ ᠲᠤᠭ᠎ᠠ ᠢᠯᠡᠳᠲᠡ ᠳᠡᠭᠡᠭᠰᠢᠯᠡᠵᠦ᠂  ᠵᠠᠬ᠎ᠠ ᠳᠡᠯᠭᠡᠭᠦᠷ᠎ᠲᠤ 《ᠬᠥᠮᠦᠨ ᠬᠠᠷ᠎ᠠ ᠬᠦᠭᠵᠢᠶᠡᠨᠳᠡᠢ᠂  ᠬᠤᠳᠠᠯᠳᠤᠭ᠎ᠠ ᠬᠦᠭᠵᠢᠶᠡᠨᠳᠡᠢ᠂  ᠬᠡᠷᠡᠭᠯᠡᠭᠡ ᠬᠦᠭᠵᠢᠶᠡᠨᠳᠠᠢ》 ᠪᠠᠶ᠋ᠢᠳᠠᠯ ᠢᠯᠡᠷᠡᠪᠡ᠃  ᠬᠥᠬᠡᠬᠤᠲᠠ ᠵᠢᠨ ᠵᠥᠩ ᠱᠠᠨ ᠵᠠᠮ᠎ᠤᠨ ᠬᠤᠳᠠᠯᠳᠤᠭ᠋ᠠᠨ᠎ᠤ ᠲᠣᠭᠤᠷᠢᠭ᠂  ᠪᠤᠤ ᠪᠠᠢ ᠪᠦᠷᠢᠨ ᠪᠠᠷᠠᠭ᠋ᠠᠳᠤ ᠬᠤᠳᠠᠯᠳᠤᠭ᠋ᠠᠨ᠎ᠤ ᠲᠣᠭᠤᠷᠢᠭ᠂  ᠣᠷᠳᠣᠰ᠎ᠤᠨ ᠬᠤᠶ᠋ᠢᠲᠤ ᠵᠠᠮ᠎ᠤᠨ ᠬᠤᠳᠠᠯᠳᠤᠭ᠋ᠠᠨ᠎ᠤ ᠲᠣᠭᠤᠷᠢᠭ᠂  ᠤᠯᠠᠭ᠋ᠠᠨᠬᠠᠳᠠ ᠬᠤᠲᠠ ᠵᠢᠨ ᠴᠢᠶᠤᠤ ᠪᠸᠢ ᠬᠤᠳᠠᠯᠳᠤᠭ᠋ᠠᠨ᠎ᠤ ᠲᠣᠭᠤᠷᠢᠭ ᠵᠡᠷᠭᠡ᠎ᠨᠢ ᠠᠶᠠᠨᠴᠢᠳ᠎ᠤᠨ ᠤᠷᠤᠰᠬᠠᠯ᠎ᠤᠨ ᠣᠷᠭᠢᠯ᠎ᠢ ᠤᠭᠲᠤᠵᠤ᠂  ᠠᠶᠠᠨᠴᠢᠳ᠎ᠤᠨ ᠤᠷᠤᠰᠬᠠᠯ᠎ᠤᠨ ᠬᠡᠮᠵᠢᠶ᠎ᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 30.2%᠂ 23.7%᠂ 21.6%᠂ 19.8%᠎ᠪᠠᠷ ᠨᠡᠮᠡᠭᠳᠡᠪᠡ᠃

  5 ᠳ᠋ᠤᠭ᠋ᠠᠷ ᠰᠠᠷ᠎ᠠ ᠵᠢᠨ 2᠎ᠤ ᠡᠳᠦᠷ᠂  ᠬᠥᠬᠡᠬᠣᠲᠠ ᠵᠢᠨ ᠡᠦ ᠯᠢ ᠶᠢᠩ᠂  ᠬᠣᠩ ᠰᠢᠩ ᠮᠧᠢ ᠺᠠᠢ ᠯᠦᠩ ᠭᠡᠷ᠎ᠤᠨ ᠡᠳ᠋ᠯᠡᠯ ᠬᠡᠷᠡᠭᠰᠡᠯ ᠬᠤᠳᠠᠯᠳᠤᠨ ᠠᠪᠬᠤ ᠵᠣᠴᠢᠳ ᠲᠠᠰᠤᠷᠠᠯ ᠦᠭᠡᠢ ᠴᠤᠪᠤᠷᠠᠵᠤ᠂  ᠮᠠᠰᠢ ᠣᠯᠠᠨ ᠳᠡᠯᠭᠡᠭᠦᠷ᠎ᠤᠨ ᠵᠠᠮᠴᠢᠯᠠᠭᠴᠢ᠎ᠨᠢ ᠮᠠᠰᠢ ᠶᠠᠭ᠋ᠠᠷᠠᠤ ᠪᠠᠢ᠌ᠯ᠎ᠠ᠃

   ᠲᠣᠮᠣ ᠬᠡᠯᠪᠡᠷᠢ ᠵᠢᠨ ᠠᠷᠢᠭᠤᠨ ᠴᠡᠪᠡᠷ ᠪᠠ ᠤᠬᠢᠶᠠᠯᠭ᠎ᠠ ᠵᠢᠨ ᠬᠡᠷᠡᠭᠰᠡᠯ᠎ᠤᠨ ᠭᠠᠵᠠᠷ᠎ᠲᠤ᠂  ᠬᠣᠲᠠ ᠵᠢᠨ ᠠᠷᠠᠳ ᠯᠢ ᠠᠪᠠᠬᠠᠢ ᠣᠳᠣ ᠶᠠᠭ ᠰᠢᠨ᠎ᠡ ᠭᠡᠷ᠎ᠲᠡᠭᠡᠨ ᠤᠭᠢᠶᠠᠯᠭ᠎ᠠ ᠵᠢᠨ ᠰᠦᠷᠴᠢᠭᠦᠷ ᠪᠠ ᠭᠠᠳᠠᠭ᠋ᠠᠯᠠᠬᠤ ᠰᠠᠭᠤᠯᠭ᠎ᠠ ᠰᠣᠩᠭᠣᠵᠤ ᠪᠠᠢ᠌ᠯ᠎ᠠ᠃  ᠲᠡᠷᠡ ᠰᠤᠷᠪᠤᠯᠵᠢᠯᠠᠭᠴᠢ᠎ᠳᠤ ᠬᠡᠯᠡᠬᠦ᠎ᠳᠡᠭᠡᠨ᠄ 《ᠣᠲᠣ ᠬᠡᠷ᠎ᠤᠨ ᠴᠢᠮᠡᠭᠯᠡᠯ᠎ᠤᠨ ᠲᠣᠭᠤᠭ᠋ᠠᠨ ᠬᠡᠷ᠎ᠤᠨ ᠠᠷᠢᠭᠤᠨ ᠴᠡᠪᠡᠷ᠎ᠤᠨ ᠰᠢᠨ᠎ᠡ ᠵᠢ ᠰᠣᠯᠢᠬᠤ ᠨᠥᠬᠦᠪᠥᠷᠢ ᠵᠢ ᠮᠠᠰᠢ ᠪᠣᠳᠠᠲᠠᠶ᠋ᠢᠵᠢᠭᠤᠯᠵᠤ᠂  ᠪᠠᠷᠠᠭ᠎ᠠ ᠬᠤᠳᠠᠯᠳᠤᠨ ᠠᠪᠬᠤ᠎ᠳᠤ ᠪᠠᠭ᠎ᠠ ᠪᠤᠰᠤ ᠠᠰᠢᠭ ᠬᠦᠷᠲᠡᠭᠡᠪᠡ》 ᠭᠡᠵᠡᠶ᠃

   ᠡᠨᠡ ᠵᠢᠯ᠎ᠤᠨ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂  ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ 《5.1》᠎ᠤ ᠭᠣᠣᠯᠳᠠᠯᠭ᠎ᠠ᠎ᠲᠠᠢ ᠬᠡᠷᠡᠭᠯᠡᠭᠡ ᠵᠢ ᠠᠬᠢᠭᠤᠯᠬᠤ ᠠᠵᠢᠯᠯᠠᠭ᠎ᠠ᠎ᠳᠤ ᠭᠦᠨᠵᠡᠭᠡᠢ ᠰᠢᠭᠢᠳᠬᠡᠵᠦ᠂ 《ᠬᠠᠭᠤᠴᠢᠨ᠎ᠢ ᠠᠷᠢᠯᠭ᠋ᠠᠬᠤ᠎ᠳᠤ ᠨᠠᠩ ᠬᠢᠯᠪᠠᠷ᠂  ᠰᠢᠨ᠎ᠡ ᠵᠢ ᠰᠣᠯᠢᠬᠤ᠎ᠳᠤ ᠨᠠᠩ      ᠳᠤᠷᠠᠲᠠᠶ》 ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂  ᠰᠢᠨ᠎ᠡ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠪᠡ᠃  ᠣᠳᠣᠬᠠᠨ ᠪᠣᠯᠲᠠᠯ᠎ᠠ᠂  ᠪᠥᠬᠦ ᠣᠷᠣᠨ᠎ᠳᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠥᠷᠢ ᠵᠢᠨ ᠪᠠᠯᠠ ᠮᠥᠩᠭᠦ ᠵᠢ 18.8 ᠳ᠋ᠦᠩᠰᠢᠭᠤᠷ ᠲᠥᠭᠦᠷᠢᠭ ᠪᠠᠳᠠᠷᠠᠭᠤᠯᠵᠤ᠂  ᠬᠡᠷᠡᠭᠯᠡᠭᠡᠨ᠎ᠢ ᠨᠡᠶ᠋ᠢᠲᠡ 158 ᠳ᠋ᠦᠩᠰᠢᠭᠤᠷ ᠲᠥᠭᠦᠷᠢᠭ ᠳᠠᠶ᠋ᠢᠴᠢᠯᠠᠵᠤ᠂  ᠠᠷᠠᠳ ᠣᠯᠠᠨ᠎ᠤ ᠣᠷᠣᠯᠴᠠᠬᠤ ᠬᠠᠯᠠᠭᠤᠨ ᠰᠡᠳᠬᠢᠯᠭᠡ ᠣᠷᠭᠢᠯᠤᠨ᠂  ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠲᠦᠷᠭᠡᠨ ᠪᠠᠳᠠᠷᠠᠭᠤᠯᠪᠠ᠃

   ᠡᠨᠡ ᠬᠦ᠌ ᠠᠮᠠᠷᠠᠯᠲᠠ ᠵᠢᠨ ᠬᠤᠭᠤᠴᠠᠭ᠋ᠠᠨ᠎ᠳᠤ᠂  ᠪᠥᠬᠦ ᠣᠷᠣᠨ᠎ᠤ ᠡᠯ᠎ᠡ ᠲᠣᠮᠣ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠤᠳ ᠴᠠᠭ ᠤᠯᠠᠷᠢᠯ᠎ᠤᠨ ᠤᠨᠴᠠᠯᠢᠬᠳᠤ ᠨᠣᠭᠤᠭ᠎ᠠ ᠵᠠᠭᠤᠰᠢ ᠵᠢ ᠴᠠᠭ᠎ᠲᠤᠨᠢ ᠳᠣᠭᠢᠷᠠᠭᠤᠯᠤᠨ ᠨᠡᠶ᠋ᠢᠲᠡᠯᠡᠵᠦ᠂  ᠬᠡᠷᠡᠭᠯᠡᠭᠡ ᠵᠢᠨ 《ᠰᠢᠨ᠎ᠡ ᠢᠳᠡᠭᠡᠨ》᠎ᠢ ᠬᠥᠲᠥᠯᠦᠨ ᠳᠠᠭ᠋ᠠᠭᠤᠯᠵᠤ᠂  ᠣᠷᠣᠨ᠎ᠤ ᠳᠤᠲᠤᠨ᠎ᠠ ᠭᠠᠳᠠᠨᠠᠬᠢ ᠨᠠᠩ ᠣᠯᠠᠨ ᠬᠡᠷᠡᠭᠯᠡᠭᠴᠢᠳ᠎ᠢ ᠲᠠᠲᠠᠵᠦ ᠪᠠᠢ᠌ᠯ᠎ᠠ᠃  ᠡᠭᠦᠨ᠎ᠳᠤ᠂  ᠰᠢᠪᠧᠢ ᠢᠳᠡᠭᠡᠨ ᠤᠮᠳᠠᠭ᠋ᠠᠨ᠂  ᠡᠷᠳᠡᠨᠢ ᠬᠠᠯᠠᠭᠤᠨ ᠲᠣᠭᠤᠭ᠎ᠠ᠂  ᠯᠣᠣ ᠰᠦᠢ ᠶᠤᠸᠠᠨ ᠱᠣᠣᠮᠠᠢ ᠵᠡᠷᠭᠡ ᠣᠷᠣᠨ ᠨᠤᠲᠤᠭ᠎ᠤᠨ ᠢᠳᠡᠭᠡᠨ ᠤᠮᠳᠠᠭ᠋ᠠᠨ᠎ᠤ ᠨᠠᠷᠠᠲᠤ ᠳᠡᠯᠭᠡᠭᠦᠷ᠎ᠤᠨ ᠵᠣᠴᠢᠳ᠎ᠤᠨ ᠤᠷᠤᠰᠬᠠᠯ ᠲᠦᠷᠭᠡᠨ ᠵᠶ᠋ᠠᠷ ᠨᠡᠮᠡᠭᠳᠡᠵᠦ᠂  ᠡᠳᠦᠷ ᠳᠤᠮᠳᠠᠴᠢ ᠵᠢᠨ ᠳᠠᠪᠴᠠᠩ᠎ᠤᠨ ᠨᠣᠷᠮ᠎ᠠ᠎ᠨᠢ 4 ᠤᠳᠠᠭ᠎ᠠ ᠵᠢ ᠳᠠᠪᠠᠵᠠᠶ᠃  ᠬᠢᠨᠠᠨ ᠬᠡᠮᠵᠢᠭᠰᠡᠨ ᠲᠣᠭ᠎ᠠ ᠪᠠᠷᠢᠮᠲᠠ᠎ᠠᠴᠠ ᠦᠵᠡᠪᠡᠯ᠂  ᠪᠦᠬᠦ ᠣᠷᠣᠨ᠎ᠤ ᠭᠣᠣᠯᠳᠠᠯᠭ᠎ᠠ᠎ᠲᠠᠢ ᠬᠢᠨᠠᠨ ᠬᠡᠮᠵᠢᠭᠰᠡᠨ 75 ᠭᠡᠷ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠎ᠨᠢ ᠨᠡᠶ᠋ᠢᠲᠡ 3803.3 ᠲᠦᠮᠡᠨ ᠲᠦᠭᠦᠷᠢᠭ᠎ᠢ ᠪᠡᠶᠡᠯᠡᠭᠦᠯᠵᠦ᠂  ᠠᠳᠠᠯᠢ ᠬᠤᠭᠤᠴᠠᠭ᠋ᠠᠨ᠎ᠤ᠎ᠬᠢ᠎ᠠᠴᠠ 9%᠎ᠪᠠᠷ ᠨᠡᠮᠡᠭᠳᠡᠪᠡ᠃

   ᠡᠨᠡ ᠬᠦ᠌ 《5.1》᠎ᠤ ᠠᠮᠠᠷᠠᠯᠲᠠ᠎ᠳᠤ᠂  ᠥᠪᠥᠷ ᠮᠣᠩᠭᠤᠯ ᠪᠥᠬᠦ ᠣᠷᠣᠨ ᠪᠦᠰᠡ ᠵᠢᠨ ᠬᠤᠯᠪᠣᠭ᠋ᠠᠯᠠᠨ ᠬᠥᠳᠡᠯᠦᠯᠴᠡᠭᠰᠡᠨ ᠬᠡᠷᠡᠭᠯᠡᠭᠡ᠎ᠪᠠᠷ ᠪᠥᠬᠦ ᠤᠯᠤᠰ᠎ᠤᠨ ᠵᠢᠭᠤᠯᠴᠢᠯᠠᠭᠴᠢᠳ᠎ᠢ ᠥᠪᠥᠷ ᠮᠣᠩᠭᠤᠯ ᠵᠶ᠋ᠠᠷ ᠵᠤᠭ᠋ᠠᠴᠠᠭᠤᠯᠵᠤ᠂  ᠥᠪᠥᠷ ᠮᠣᠩᠭᠤᠯ᠎ᠢ ᠶᠡᠭᠡ᠎ᠪᠠᠷ ᠬᠤᠳᠠᠯᠳᠤᠨ ᠠᠪᠤᠭᠤᠯᠪᠠ᠃  ᠬᠤᠲᠠ ᠵᠢᠨ ᠬᠤᠳᠠᠯᠳᠤᠭ᠋ᠠᠨ᠎ᠤ ᠲᠣᠭᠤᠷᠢᠭ᠎ᠠᠴᠠ ᠲᠠᠯ᠎ᠠ ᠨᠤᠲᠤᠭ᠎ᠤᠨ ᠵᠢᠵᠢᠭ ᠪᠠᠯᠭ᠋ᠠᠰᠤ ᠬᠦᠷᠲᠡᠯ᠎ᠡ᠂  ᠮᠠᠰᠢᠨ ᠲᠡᠷᠭᠡ ᠳᠡᠯᠭᠡᠨ ᠪᠣᠷᠣᠯᠠᠭᠤᠯᠬᠤ᠎ᠠᠴᠠ ᠰᠣᠶᠣᠯ᠎ᠤᠨ ᠦᠪᠡᠳᠡᠭᠰᠢ ᠨᠠᠶ᠋ᠢᠷ ᠬᠦᠷᠲᠡᠯ᠎ᠡ᠂  ᠥᠪᠥᠷ ᠮᠣᠩᠭᠤᠯ ᠶᠠᠭ ᠰᠢᠨ᠎ᠡ ᠳᠦᠷᠰᠦ ᠪᠠᠶ᠋ᠢᠳᠠᠯ ᠵᠶ᠋ᠠᠷ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠵᠤ᠂  ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶ᠋ᠢᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠦᠪᠯᠡᠯ᠎ᠨᠢ 9 ᠳ᠋ᠤᠭᠡᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠡᠷᠬᠢᠯᠡᠪᠡ
ᠳᠥᠷᠪᠡᠨ ᠰᠠᠯᠠᠭ᠎ᠠ ᠮᠥᠴᠢᠷ ᠬᠠᠮᠲᠤᠷᠠᠨ ᠪᠥᠬᠦ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠪᠠ
ᠱᠧᠩ ᠰᠢᠶᠣᠣ ᠶᠢᠥ ᠲᠦᠩᠯᠢᠶᠣᠤ ᠬᠤᠲᠠ ᠵᠢᠨ ᠤᠰᠤᠲᠤᠯ᠎ᠢ ᠵᠠᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠡᠳᠦᠷ ᠲᠤᠲᠤᠮ᠎ᠤᠨ ᠠᠵᠢᠯ᠎ᠳᠤ ᠠᠭᠤᠰᠤᠯᠴᠠᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠥᠷᠨᠢᠭᠦᠯᠵᠦ ᠮᠠᠨ᠎ᠤ ᠲᠤᠭᠤᠷᠢᠭ᠎ᠤᠨ ᠡᠯ᠎ᠡ ᠭᠠᠵᠠᠷ᠎ᠤᠨ᠎ᠬᠢᠨ ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠨᠢᠭᠡ ᠴᠤᠭᠴᠠᠵᠢᠭᠤᠯᠤᠨ ᠠᠬᠢᠭᠤᠯᠪᠠ
 
            