ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2025-05-12

      5 ᠰᠠᠷ᠎ᠠ ᠵᠢᠨ 9᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂  ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ᠃

       ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ 4 ᠰᠠᠷ᠎ᠠ ᠵᠢᠨ 25᠎ᠤ ᠡᠳᠦᠷ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ   ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠎ᠪᠠᠷ ᠭᠣᠣᠯ ᠪᠤᠯᠭ᠋ᠠᠬᠤ ᠵᠢ ᠪᠠᠷᠢᠮᠲᠠᠯᠠᠵᠤ᠂  ᠢᠲᠡᠭᠡᠯ ᠵᠣᠷᠢᠭ ᠵᠶ᠋ᠠᠨ ᠪᠠᠲᠤᠳᠬᠠᠵᠤ᠂  ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ᠂  ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ᠃  ᠲᠤᠯᠭ᠋ᠠᠮ ᠪᠤᠳᠤᠯ ᠵᠶ᠋ᠠᠨ ᠴᠢᠩᠭ᠋ᠠᠳᠬᠠᠵᠤ᠂  ᠳᠡᠭᠡᠳᠦ ᠳᠣᠣᠷᠠᠳᠤ ᠱᠠᠲᠤ᠎ᠪᠠᠷ ᠵᠶ᠋ᠡᠨ ᠴᠥᠮ ᠦᠨᠡᠨ ᠪᠣᠳᠠᠲᠠᠢ ᠬᠥᠳᠡᠯᠦᠯᠴᠡᠵᠦ᠂  ᠠᠵᠢᠯᠯᠠᠵᠤ᠂  ᠨᠢᠭᠡᠨᠲᠡ ᠲᠣᠭᠲᠠᠭᠰᠠᠨ ᠪᠠᠢ᠌ᠷᠢᠯᠠᠭᠤᠯᠤᠯᠲᠠ ᠵᠢ ᠪᠠᠲᠤ ᠡᠵᠡᠮᠳᠡᠵᠦ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂  ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃  ᠰᠡᠷᠭᠡᠭ ᠴᠢᠨᠠᠷ ᠵᠶ᠋ᠠᠨ ᠴᠢᠩᠭ᠋ᠠᠳᠬᠠᠵᠤ᠂  ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠭᠦᠨᠵᠡᠭᠡᠢ᠌ᠷᠡᠭᠦᠯᠦᠨ ᠬᠡᠷᠡᠭᠵᠢᠭᠦᠯᠬᠦ᠎ᠪᠠᠷ ᠵᠢᠯᠣᠭᠣᠳᠤᠮᠵᠢ ᠪᠤᠯᠭ᠋ᠠᠵᠤ᠂  ᠤᠯᠤᠰ᠎ᠤᠨ ᠰᠢᠨ᠎ᠡ᠎ᠪᠠᠷ ᠲᠣᠭᠲᠠᠭ᠋ᠠᠭᠰᠠᠨ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠴᠠᠭ ᠲᠤᠬᠠᠢ᠎ᠳᠤᠨᠢ ᠮᠥᠷᠳᠡᠨ ᠰᠤᠳᠤᠯᠵᠤ᠂  ᠵᠣᠷᠢᠭ ᠰᠠᠨᠠᠭ᠎ᠠ ᠵᠢ ᠨᠡᠪᠲᠡᠷᠬᠡᠢ ᠣᠢ᠌ᠯᠠᠭ᠋ᠠᠵᠤ᠂  ᠠᠵᠠ ᠲᠣᠭᠢᠶᠠᠯ᠎ᠢ ᠡᠵᠡᠮᠳᠡᠵᠦ᠂  ᠲᠦᠷᠦ ᠵᠢᠨ ᠪᠣᠳᠣᠯᠭ᠎ᠠ ᠵᠢ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ ᠦᠨᠡᠨ ᠬᠦ᠌ ᠨᠠᠢ᠌ᠳᠠᠪᠤᠷᠢᠵᠢᠭᠤᠯᠬᠤ ᠬᠡᠷᠡᠭᠲᠡᠢ᠃  ᠬᠥᠭᠵᠢᠯᠲᠡ ᠪᠣᠯᠣᠨ ᠠᠮᠤᠷ ᠲᠦᠪᠰᠢᠨ᠎ᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂  ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠬᠦᠴᠦᠯᠡᠨ ᠰᠡᠷᠭᠡᠢ᠌ᠯᠡᠨ ᠠᠷᠢᠯᠭ᠋ᠠᠬᠤ ᠬᠡᠷᠡᠭᠲᠡᠢ᠃  ᠦᠷᠭᠦᠯᠵᠢᠯᠡᠨ ᠬᠦᠴᠦᠯᠡᠵᠦ ᠪᠠᠢ᠌ᠭ᠋ᠠᠳ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠂  ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠬᠦ ᠦᠷ᠎ᠡ ᠠᠰᠢᠭ᠎ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ ᠬᠡᠰᠡᠭ ᠮᠤᠵᠢ ᠣᠷᠣᠨ ᠬᠤᠲᠠ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠥᠪᠥᠷ ᠮᠣᠩᠭᠣᠯ᠎ᠤᠨ ᠬᠥᠭᠵᠢᠯᠲᠡ ᠵᠢ ᠪᠦᠭᠦ ᠤᠯᠤᠰ᠎ᠤᠨ ᠶᠡᠬᠡ ᠲᠠᠯ᠎ᠠ᠎ᠳᠤ ᠲᠠᠯᠪᠢᠵᠤ᠂  ᠲᠤᠰ ᠪᠡᠶ᠎ᠡ ᠵᠢᠨ ᠡᠬᠢ ᠪᠠᠶᠠᠯᠢᠭ᠎ᠤᠨ ᠳᠠᠪᠠᠭᠤᠯᠢᠭ ᠪᠣᠯᠣᠨ ᠬᠠᠷᠢᠴᠠᠭᠤᠯᠤᠭᠰᠠᠨ ᠳᠠᠪᠠᠭᠤᠯᠢᠭ᠎ᠲᠠᠭᠠᠨ ᠰᠠᠭᠤᠷᠢᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠤᠬᠠᠭ᠋ᠠᠯᠠᠨ ᠲᠥᠯᠥᠪᠯᠡᠬᠦ ᠬᠡᠷᠡᠭᠲᠡᠢ᠃  ᠲᠦᠷᠦᠯ ᠵᠦᠢ᠍ᠯ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂  ᠴᠢᠬᠤᠯᠠ ᠶᠡᠬᠡ ᠲᠦᠷᠦᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂  ᠨᠡᠩ ᠤᠯᠠᠨ ᠪᠦᠭᠦ ᠲᠠᠯ᠎ᠠ ᠵᠢᠨ ᠴᠢᠨᠠᠷᠲᠠᠢ ᠲᠦᠷᠦᠯ ᠵᠦᠢ᠍ᠯ᠎ᠢ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠬᠤ᠎ᠪᠠᠷ ᠴᠢᠷᠮᠠᠢ᠌ᠬᠤ ᠬᠡᠷᠡᠭᠲᠡᠢ᠃  ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ ᠪᠠᠭᠤᠷᠠᠢ ᠲᠠᠯ᠎ᠠ᠎ᠪᠠᠨ ᠲᠡᠪᠴᠢᠵᠦ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂  ᠠᠭ᠋ᠠᠷ᠎ᠤᠨ ᠦᠢ᠍ᠯᠡᠰ᠎ᠤᠨ ᠠᠵᠤ ᠠᠬᠤᠢ᠂  ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠂  ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ᠂  ᠴᠥᠮ᠎ᠡ ᠵᠢᠨ ᠡᠨᠧᠷᠭᠢ᠂  ᠪᠣᠳᠣᠯᠲᠠ ᠵᠢᠨ ᠴᠢᠳᠠᠪᠤᠷᠢ᠂  ᠳᠠᠬᠢᠯᠲᠠ ᠡᠬᠢ ᠪᠠᠶᠠᠯᠢᠭ᠎ᠤᠨ ᠠᠰᠢᠭᠯᠠᠯᠲᠠ ᠵᠡᠷᠭᠡ ᠠᠵᠤ ᠦᠢ᠍ᠯᠡᠰ᠎ᠢ ᠱᠠᠯᠠᠪᠳᠠᠨ ᠲᠥᠯᠥᠪᠵᠢᠭᠦᠯᠦᠨ ᠪᠠᠢ᠌ᠷᠢᠰᠢᠭᠤᠯᠬᠤ ᠬᠡᠷᠡᠭᠲᠡᠢ᠃  ᠠᠷᠠᠳ ᠲᠦᠮᠡᠨ᠎ᠳᠤ ᠪᠤᠶᠠᠨ ᠦᠢ᠍ᠯᠡᠳᠬᠦ᠎ᠪᠠᠷ ᠦᠨᠳᠦᠰᠦᠨ ᠦᠷᠳᠡᠭ᠎ᠤᠨ ᠬᠠᠨᠳᠤᠰᠢ ᠪᠤᠯᠭ᠋ᠠᠵᠤ᠂  ᠠᠷᠠᠳ᠎ᠤᠨ ᠠᠮᠢᠳᠤᠷᠠᠯ᠎ᠤᠨ ᠨᠡᠩ ᠤᠯᠠᠨ ᠪᠣᠳᠠᠲᠤ ᠶᠠᠪᠤᠳᠠᠯ᠎ᠢ ᠤᠬᠠᠭ᠋ᠠᠯᠠᠨ ᠲᠥᠯᠥᠪᠯᠡᠵᠦ᠂  ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ ᠱᠠᠩᠬᠠᠢ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠳᠬᠤᠬᠤ ᠡᠭᠦᠷᠭᠡᠲᠦ ᠪᠤᠳᠤᠯ ᠵᠶ᠋ᠠᠨ ᠴᠢᠩᠭ᠋ᠠᠳᠬᠠᠵᠤ᠂  ᠲᠦᠷᠦ ᠵᠢᠨ ᠪᠣᠳᠣᠯᠭ᠎ᠠ᠂  ᠪᠡᠯᠡ ᠮᠥᠩᠭᠥ᠂  ᠲᠦᠷᠦᠯ ᠵᠦᠢ᠍ᠯ᠂  ᠲᠠᠪᠴᠠᠩ ᠵᠡᠷᠭᠡ ᠡᠯᠧᠮᠧᠨ᠋ᠲ᠎ᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠢᠵᠠᠭ᠋ᠠᠷᠯᠠᠵᠤ ᠪᠠᠢ᠌ᠭ᠎ᠠ ᠲᠦᠭᠵᠢᠷᠡᠯ ᠬᠣᠷᠢᠭ᠎ᠠ ᠴᠡᠭ᠎ᠢ ᠲᠦᠷᠭᠡᠨ ᠰᠢᠢ᠍ᠳᠪᠦᠷᠢᠯᠡᠬᠦ ᠬᠡᠷᠡᠭᠲᠡᠢ᠃  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂  ᠬᠠᠨᠳᠤᠭᠰᠠᠨ ᠵᠦᠭ᠎ᠲᠤ ᠳᠠᠭ᠋ᠠᠷᠢᠯᠲᠠ ᠬᠢᠵᠦ ᠪᠤᠯᠬᠤ ᠦᠭᠡᠢ ᠪᠥᠭᠡᠳ ᠪᠠᠰᠠ ᠶᠠᠭᠤ ᠴᠤ᠌ ᠬᠢᠬᠦ ᠦᠭᠡᠢ ᠪᠠᠢ᠌ᠵᠤ ᠪᠤᠯᠬᠤ ᠦᠭᠡᠢ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠣᠰᠢᠭᠤᠷᠠᠯ᠎ᠢ ᠮᠥᠷᠳᠡᠵᠦ᠂  ᠬᠦᠴᠦᠯᠡᠬᠦ ᠴᠡᠭ ᠵᠶ᠋ᠡᠨ ᠣᠨᠣᠪᠴᠢᠲᠠᠢ ᠣᠯᠵᠤ᠂  ᠴᠠᠭᠢᠯᠭ᠋ᠠᠨ ᠬᠦᠴᠦ᠂  ᠬᠣᠪᠣᠷ ᠰᠢᠷᠣᠢ ᠵᠡᠷᠭᠡ ᠴᠢᠬᠤᠯᠠ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠦᠷᠭᠦᠯᠵᠢᠯᠡᠨ ᠪᠣᠭᠣᠮᠲᠠ ᠰᠢᠪᠲᠤᠯᠵᠤ᠂  ᠨᠡᠩ ᠤᠯᠠᠨ ᠲᠠᠯ᠎ᠠ᠎ᠪᠠᠷ 《ᠡᠬᠢᠯᠡᠮᠡᠭᠴᠡ ᠲᠦᠷᠦᠭᠦᠯᠡᠬᠦ》 ᠵᠢ ᠪᠡᠶᠡᠯᠡᠭᠦᠯᠬᠦ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠣᠷᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂  ᠵᠠᠩᠭᠢᠯᠠᠭ᠎ᠠ ᠵᠢᠨ ᠪᠠᠴᠢᠮ ᠬᠡᠷᠡᠭᠴᠡᠭᠡᠨ᠎ᠤ ᠬᠦᠷᠢᠶ᠎ᠡ᠎ᠳᠤ ᠴᠢᠭᠯᠡᠭᠦᠯᠦᠨ ᠵᠣᠬᠢᠶᠠᠮᠠᠯ ᠤᠶᠤᠨ ᠴᠢᠳᠠᠪᠤᠷᠢ ᠵᠢ ᠬᠥᠭᠵᠢᠭᠦᠯᠵᠦ᠂  ᠠᠶᠤᠯ ᠲᠦᠭᠰᠢᠭᠦᠷᠢ ᠵᠢ ᠰᠡᠷᠭᠡᠢ᠌ᠯᠡᠬᠦ ᠤᠷᠢᠲᠠᠯ ᠳᠣᠣᠷ᠎ᠠ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠢ ᠡᠨᠧᠷᠭᠢ᠂  ᠠᠭᠤᠷᠬᠠᠢ ᠮᠠᠯᠲᠠᠬᠤ᠂  ᠮᠠᠯ ᠠᠵᠤ ᠠᠬᠤᠢ ᠲᠠᠷᠢᠶᠠᠯᠠᠩ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠬᠦᠷᠢᠶᠡᠨ᠎ᠳᠤ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠬᠦ ᠬᠡᠷᠡᠭᠲᠡᠢ᠃  ᠪᠣᠬᠢᠷᠳᠤᠯ ᠦᠭᠡᠢ ᠴᠠᠭᠢᠯᠭ᠋ᠠᠨ᠎ᠤ ᠳᠠᠪᠠᠭᠤᠯᠢᠭ᠎ᠲᠤ ᠲᠦᠰᠢᠭᠯᠡᠵᠦ᠂ 《ᠪᠡᠭᠡᠵᠢᠩ᠎ᠤᠨ ᠳ᠋ᠠᠢ᠌ᠲ᠋ᠠ ᠵᠢ ᠥᠪᠥᠷ ᠮᠣᠩᠭᠣᠯ᠎ᠳᠤ ᠪᠤᠳᠤᠬᠤ》 ᠵᠡᠷᠭᠡ ᠪᠣᠳᠣᠯᠲᠠ ᠵᠢᠨ ᠴᠢᠳᠠᠪᠤᠷᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂  ᠲᠣᠭ᠎ᠠ ᠪᠠᠷᠢᠮᠲᠠ ᠵᠢ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ ᠯᠢᠶᠣᠤᠨᠢᠩ᠎ᠤᠨ ᠯᠢᠶᠤᠤᠶᠠᠩ ᠬᠤᠳᠠ ᠵᠢᠨ ᠪᠠᠢ᠌ᠲ᠋ᠠ ᠲᠣᠭᠣᠷᠢᠭ᠎ᠤᠨ ᠨᠢᠭᠡᠨ ᠬᠣᠭᠣᠯᠠᠨ ᠭᠡᠷ᠎ᠤᠨ ᠭᠠᠯ᠎ᠤᠨ ᠭᠠᠮᠰᠢᠭ᠎ᠤᠨ ᠡᠨᠳᠡᠯ ᠪᠣᠯᠣᠨ ᠭᠦᠢ᠍ᠵᠧᠦ ᠵᠢᠨ ᠪᠢ ᠵᠢᠶᠧ ᠬᠤᠳᠠ ᠵᠢᠨ ᠴᠢᠶᠠᠨ ᠰᠢ ᠬᠤᠳᠠ ᠵᠢᠨ ᠨᠢᠭᠡᠨ ᠦᠵᠡᠮᠵᠢ ᠵᠢᠨ ᠣᠷᠣᠨ᠎ᠳᠤ ᠵᠢᠭᠤᠯᠴᠢᠯᠠᠯ᠎ᠤᠨ ᠣᠩᠭᠣᠴᠠ ᠬᠥᠷᠪᠡᠭᠰᠡᠨ ᠡᠨᠳᠡᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂  ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ ᠬᠠᠷᠢᠭᠤᠴᠠᠯᠭ᠋ᠠᠲᠤ ᠰᠡᠳᠬᠢᠯᠭᠡ᠎ᠪᠠᠷ ᠠᠶᠤᠯᠭᠦᠢ ᠦᠢ᠍ᠯᠡᠳᠪᠦᠷᠢᠯᠡᠯ᠎ᠢ ᠰᠠᠢ᠌ᠲᠤᠷ ᠠᠳᠬᠤᠵᠤ᠂  ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠭᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ᠃ 《ᠭᠤᠷᠪᠠ ᠵᠢ ᠬᠠᠮᠢᠶᠠᠷᠬᠤ᠎ᠳᠤ ᠭᠤᠷᠪᠠᠨ ᠡᠷᠬᠡᠪᠰᠢ ᠵᠢ ᠭᠦᠢ᠍ᠴᠡᠳᠬᠡᠬᠦ》 ᠪᠠ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂  ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠨᠠᠩ ᠴᠢᠬᠤᠯᠠᠴᠢᠯᠠᠵᠤ᠂  ᠠᠶᠤᠯ ᠲᠦᠭᠰᠢᠭᠦᠷᠢ ᠵᠢᠨ ᠭᠡᠮ ᠰᠣᠭᠣᠭ᠎ᠢ ᠴᠠᠭ ᠲᠤᠬᠠᠢ᠎ᠳᠤᠨᠢ ᠢᠯᠡᠷᠡᠭᠦᠯᠵᠦ ᠴᠡᠭᠴᠡᠯᠡᠨ ᠵᠠᠰᠠᠬᠤ ᠬᠡᠷᠡᠭᠲᠡᠢ᠃  ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠤᠨᠲᠠᠷᠠᠭ᠋ᠠᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠵᠢᠴᠢ ᠪᠦᠭᠦ ᠤᠯᠤᠰ᠎ᠤᠨ ᠭᠦᠳᠡᠯᠮᠦᠷᠢ ᠵᠢᠨ ᠵᠢᠱ᠌ᠢᠶᠡᠴᠢ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠤᠯᠠᠮᠵᠢᠯᠠᠨ ᠰᠤᠷᠤᠯᠴᠠᠵᠤ᠂  ᠭᠦᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂  ᠭᠦᠳᠡᠯᠮᠦᠷᠢ ᠵᠢᠨ ᠵᠣᠷᠢᠭ ᠰᠠᠨᠠᠭ᠎ᠠ᠂  ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂  ᠪᠦᠭᠦ ᠣᠷᠣᠨ᠎ᠤ ᠥᠷᠭᠡᠨ ᠣᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠢ ᠳᠠᠶ᠋ᠢᠴᠢᠯᠠᠨ ᠵᠣᠷᠢᠭᠵᠢᠭᠤᠯᠵᠤ ᠪᠠᠢ᠌ᠭ᠋ᠠᠳ ᠡᠵᠡᠨ ᠬᠥᠮᠥᠨ᠎ᠤ ᠤᠬᠠᠮᠰᠠᠷ᠎ᠢ᠎ᠨᠢ ᠴᠢᠩᠭ᠋ᠠᠷᠠᠭᠤᠯᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ   ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠭᠠᠯ ᠬᠠᠯᠠᠭᠤᠨ ᠦᠢ᠍ᠯᠡᠳᠦᠯᠭᠡ ᠵᠢᠨ ᠳᠤᠮᠳᠠ ᠭᠠᠪᠢᠶ᠎ᠠ ᠪᠠᠢ᠌ᠭᠤᠯᠵᠤ ᠦᠢ᠍ᠯᠡᠰ ᠪᠦᠲᠦᠭᠡᠨ᠂  ᠴᠣᠭ ᠵᠢᠪᠬᠤᠭ᠎ᠠ ᠵᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠬᠣᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ ᠪᠣᠯᠣᠨ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂  ᠪᠠᠷᠠᠭᠤᠨ ᠣᠷᠣᠨ᠎ᠤ ᠲᠥᠯᠥᠪᠯᠡᠭᠡ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯ ᠪᠣᠯᠣᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠤᠨ ᠠᠵᠢᠯ᠎ᠢ ᠰᠠᠢ᠌ᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠠᠢ᠃

       ᠬᠤᠷᠠᠯ᠎ᠠᠴᠠ ᠪᠦᠭᠦ ᠤᠯᠤᠰ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂  ᠡᠯ᠎ᠡ ᠱᠠᠲᠤᠨ᠎ᠤ ᠠᠯᠪᠠᠨ ᠲᠢᠩᠬᠢᠮ (ᠭᠡᠷ)᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠯᠪᠠᠨ ᠲᠢᠩᠬᠢᠮ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠪᠠᠲᠤ ᠦᠢ᠍ᠯᠡᠳᠦᠯᠭᠡᠵᠢᠭᠦᠯᠵᠦ᠂  ᠲᠣᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ᠂  ᠰᠤᠷᠲᠠᠯ ᠵᠶ᠋ᠠᠨ ᠰᠠᠢ᠌ᠵᠢᠷᠠᠭᠤᠯᠬᠤ᠂  ᠶᠣᠰᠣ ᠳᠦᠷᠢᠮ ᠲᠣᠭᠲᠠᠭ᠋ᠠᠬᠤ᠂  ᠰᠠᠬᠢᠯᠭ᠎ᠠ ᠪᠠᠲᠤ ᠵᠢ ᠰᠠᠬᠢᠬᠤ ᠵᠢ ᠲᠦᠷᠦᠭᠦᠯᠡᠨ ᠬᠢᠵᠦ᠂  ᠴᠢᠨᠠᠷ ᠰᠠᠢ᠌ᠲᠠᠢ᠎ᠪᠠᠷ ᠠᠵᠢᠯᠯᠠᠭ᠋ᠠᠨ᠎ᠢ ᠪᠠᠲᠤᠯᠠᠬᠤ᠂  ᠵᠣᠬᠢᠴᠠᠭᠤᠯᠭ᠎ᠠ ᠵᠢ ᠠᠳᠬᠤᠬᠤ᠂  ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂  ᠰᠠᠢ᠌ᠨ ᠵᠥᠪᠯᠡᠭᠴᠢ ᠲᠤᠰᠠᠯᠠᠭᠴᠢ ᠪᠣᠯᠵᠤ᠂  ᠨᠠᠮ᠎ᠢ ᠰᠠᠨᠠᠭ᠎ᠠ ᠠᠮᠤᠷ᠂  ᠠᠷᠠᠳ ᠲᠦᠮᠡᠨ᠎ᠢ ᠰᠡᠳᠬᠢᠯ ᠬᠠᠨᠤᠮᠵᠢᠲᠠᠶ ᠪᠠᠢ᠌ᠯᠭ᠋ᠠᠬᠤ ᠵᠢᠱ᠌ᠢᠶᠡᠴᠢ ᠪᠠᠢ᠌ᠭᠤᠯᠭ᠎ᠠ ᠵᠢ ᠴᠢᠷᠮᠠᠢ᠌ᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

       ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

      

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ ᠡᠮᠦᠨᠡᠲᠦ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠨ ᠠᠷᠭ᠋ᠠᠴᠠᠭ᠋ᠠᠬᠤ ᠠᠵᠢᠯ᠎ᠢ ᠪᠠᠶ᠋ᠢᠷᠢᠯᠠᠭᠤᠯᠪᠠ
ᠨᠢᠭᠡᠳᠦᠭᠡᠷ ᠤᠯᠠᠷᠢᠯ᠎ᠳᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠨᠢ 20%᠎ᠪᠠᠷ ᠨᠡᠮᠡᠭᠳᠡᠪᠡ᠂ ᠥᠪᠥᠷ ᠮᠣᠩᠭᠤᠯ ᠴᠢᠬᠤᠯᠠ ᠶᠡᠭᠡ ᠲᠥᠷᠥᠯ ᠵᠦᠢ᠍ᠯ᠎ᠤᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠨᠢᠭᠲᠠᠷᠠᠭᠤᠯᠪᠠ
ᠭᠣᠣᠯᠳᠠᠯᠭ᠎ᠠ᠎ᠲᠠᠢ ᠬᠢᠨᠠᠨ ᠬᠡᠮᠵᠢᠭᠰᠡᠨ 358 ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠨᠣᠷᠮ᠎ᠠ᠎ᠨᠢ ᠨᠡᠶ᠋ᠢᠲᠡ 15.77 ᠳ᠋ᠦᠩᠰᠢᠭᠤᠷ ᠲᠥᠭᠥᠷᠢᠭ᠎ᠲᠤ ᠬᠦᠷᠴᠦ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠥᠪᠥᠷ ᠮᠣᠩᠭᠣᠯ᠎ᠤᠨ ᠬᠡᠷᠡᠭᠯᠡᠭᠡᠨ᠎ᠤ ᠬᠠᠯᠠᠭᠤᠷᠠᠯ᠎ᠤᠨ ᠬᠦᠴᠦᠨ᠎ᠢ ᠨᠡᠮᠡᠭᠳᠡᠭᠦᠯᠪᠡ
ᠤᠰᠤᠨ ᠠᠰᠢᠭᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠦᠪᠯᠡᠯ᠎ᠨᠢ 9 ᠳ᠋ᠤᠭᠡᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠡᠷᠬᠢᠯᠡᠪᠡ
 
            