ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠵᠡᠭᠦᠨᠭ᠋ᠠᠷ ᠬᠣᠰᠢᠭᠤᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠡᠯ᠎ᠡ ᠬᠣᠰᠢᠭᠤ ᠰᠢᠶᠠᠨ ᠬᠣᠲᠠ ᠲᠣᠭᠣᠷᠢᠭ ᠬᠠᠷᠢᠭᠤᠴᠠᠯᠭ᠎ᠠ᠎ᠪᠠᠨ ᠴᠢᠩᠭ᠋ᠠᠳᠬᠠᠵᠤ ᠡᠷᠴᠢᠮ ᠵᠶ᠋ᠠᠨ ᠴᠢᠩᠭ᠋ᠠᠷᠠᠭᠤᠯᠤᠨ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2025-05-12

  5 ᠰᠠᠷ᠎ᠠ ᠵᠢᠨ 10᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠣᠷᠳᠣᠰ ᠬᠤᠳᠠ ᠵᠢᠨ ᠵᠡᠭᠦᠨᠭ᠋ᠠᠷ ᠬᠣᠰᠢᠭᠤᠨ᠎ᠳᠤ ᠬᠦᠷᠴᠦ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠵᠢᠨ ᠲᠤᠬᠠᠢ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ ᠬᠡᠰᠡᠭ ᠬᠣᠰᠢᠭᠤ ᠰᠢᠶᠠᠨ ᠲᠣᠭᠣᠷᠢᠭ᠎ᠤᠨ ᠠᠵᠤ ᠠᠬᠤᠢ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠃


微信图片_20250512100144.jpg


   ᠰᠦᠨ ᠱᠤᠤ ᠴᠧᠩ ᠡᠩ ᠲᠡᠷᠢᠭᠦᠨ᠎ᠳᠤ ᠵᠢᠦ ᠎ᠲᠠᠢ ᠰᠢᠨ᠎ᠡ ᠮᠠᠲ᠋ᠧᠷᠢᠶᠠᠯ᠎ᠤᠨ ᠺᠤᠮᠫᠠᠨᠢ᠎ᠳᠤ ᠬᠦᠷᠴᠦ ᠂ ᠲᠦᠷᠦᠯ ᠵᠦᠢ᠍ᠯ᠎ᠤᠨ ᠠᠬᠢᠴᠠ ᠪᠣᠯᠣᠨ ᠦᠢ᠍ᠯᠡᠳᠬᠦᠨ᠎ᠤ ᠦᠵᠡᠭᠦᠯᠭᠡ ᠵᠢ ᠪᠠᠢ᠌ᠴᠠᠭ᠋ᠠᠨ ᠦᠵᠡᠵᠦ ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠢ᠌ᠳᠠᠯ᠎ᠢ ᠣᠢ᠌ᠯᠠᠭ᠋ᠠᠵᠤ ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠠᠵᠤ ᠦᠢ᠍ᠯᠡᠰ᠎ᠤᠨ ᠭᠦᠨᠵᠡᠭᠡᠢ ᠬᠥᠭᠵᠢᠯᠲᠡ ᠵᠢᠨ ᠬᠣᠯᠪᠣᠭᠳᠠᠯ ᠪᠦᠬᠦᠢ ᠪᠠᠢ᠌ᠳᠠᠯ᠎ᠢ ᠯᠠᠪᠯᠠᠨ ᠠᠰᠠᠭᠤᠵᠤ ᠂ ᠠᠵᠤ ᠠᠬᠤᠢ᠌ᠯᠠᠯ᠎ᠤᠨ᠎ᠬᠢᠨ᠎ᠢ ᠰᠢᠨ᠎ᠡ ᠵᠢ ᠡᠭᠦᠳᠬᠦ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢ ᠴᠢᠩᠭ᠎ᠠ ᠠᠳᠬᠤᠵᠤ ᠂ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠵᠢ ᠴᠢᠩᠭ᠋ᠠᠳᠬᠠᠵᠤ ᠂ ᠦᠢ᠍ᠯᠡᠳᠬᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ᠎ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ ᠃ ᠤᠯᠤᠰ᠎ᠤᠨ ᠡᠨᠧᠷᠭᠢ ᠵᠢᠨ ᠵᠡᠭᠦᠨᠭ᠋ᠠᠷ᠎ᠤᠨ ᠡᠨᠧᠷᠭᠢ ᠵᠢᠨ ᠪᠦᠯᠦᠭᠯᠡᠯ᠎ᠤᠨ ᠬᠠᠲᠠᠢ ᠭᠣᠣᠯ ᠵᠠᠳᠠᠭ᠋ᠠᠢ ᠨᠡᠭᠦᠷᠡᠰᠦᠨ ᠠᠭᠤᠷᠬᠠᠢ ᠵᠢᠨ ᠣᠶᠤᠨᠴᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠲᠤᠬᠠᠢ ᠵᠢᠨ ᠲᠠᠯᠠᠪᠠᠶ ᠵᠢᠨ ᠵᠢᠯᠤᠭᠣᠳᠬᠤ ᠲᠥᠪ᠎ᠲᠤ ᠂ ᠰᠦᠨ ᠱᠤᠤ ᠴᠧᠩ ᠴᠠᠭ ᠲᠤᠬᠠᠢ᠎ᠳᠤᠨᠢ ᠬᠢᠨᠠᠨ ᠡᠵᠡᠮᠳᠡᠬᠦ ᠵᠢᠷᠤᠭ ᠳᠦᠷᠰᠦ᠎ᠪᠠᠷ ᠳᠠᠮᠵᠢᠨ ᠵᠢᠯᠣᠭᠣᠴᠢ ᠦᠭᠡᠢ ᠠᠴᠢᠶᠠᠨ᠎ᠤ ᠮᠠᠰᠢᠨ᠎ᠤ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠨ ᠦᠵᠡᠬᠦ ᠵᠢᠨ ᠬᠠᠮᠲᠤ ᠣᠶᠤᠨᠴᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠯᠠᠪᠯᠠᠨ ᠠᠰᠠᠭᠤᠪᠠ ᠃ ᠰᠦᠨ ᠱᠤᠤ ᠴᠧᠩ ᠂ ᠠᠭᠤᠷᠬᠠᠢ ᠵᠢᠨ ᠣᠶᠤᠨᠴᠢᠯᠠᠭᠰᠠᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ ᠂ ᠴᠢᠬᠤᠯᠠ ᠡᠯᠧᠮᠧᠨ᠋ᠲ᠎ᠤᠨ ᠪᠠᠲᠤᠯᠠᠭ᠎ᠠ ᠪᠣᠯᠣᠨ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ ᠂ ᠵᠢᠯᠣᠭᠣᠴᠢ ᠦᠭᠡᠢ ᠠᠴᠢᠶᠠᠨ᠎ᠤ ᠮᠠᠰᠢᠨ ᠲᠡᠷᠭᠡ ᠵᠡᠷᠭᠡ ᠣᠶᠤᠨᠴᠢ ᠲᠣᠨᠣᠭᠯᠠᠯ᠎ᠢ ᠲᠦᠷᠭᠡᠳᠬᠡᠨ ᠳᠡᠯᠭᠡᠷᠡᠭᠦᠯᠵᠦ ᠂ ᠠᠭᠤᠷᠬᠠᠢ ᠵᠢᠨ ᠠᠵᠢᠯ᠎ᠤᠨ ᠠᠶᠤᠯᠭᠦᠢ ᠵᠢᠨ ᠲᠦᠪᠰᠢᠨ ᠪᠣᠯᠣᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ ᠭᠡᠵᠡᠢ ᠃


微信图片_202505121001441.jpg


   ᠲᠤᠰ ᠡᠳᠦᠷ᠎ᠤᠨ ᠦᠳᠡ ᠵᠢᠨ ᠬᠣᠢ᠌ᠨ᠎ᠠ ᠂ ᠰᠦᠨ ᠱᠤᠤ ᠴᠧᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠣᠯᠣᠨ ᠵᠡᠭᠦᠨᠭ᠋ᠠᠷ ᠬᠣᠰᠢᠭᠤ ᠂ ᠬᠥᠨᠳᠡᠯᠡᠨ ᠲᠣᠭᠣᠷᠢᠭ ᠂ ᠡᠵᠡᠨ ᠬᠣᠷᠣᠭ᠎ᠠ ᠬᠣᠰᠢᠭᠤ ᠂ ᠲᠦᠮᠡᠳ ᠵᠡᠭᠦᠨ ᠬᠣᠰᠢᠭᠤ ᠂ ᠲᠣᠭᠲᠠᠬᠤ ᠰᠢᠶᠠᠨ ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠭᠣᠣᠯ ᠬᠠᠷᠢᠭᠤᠴᠠᠯᠭ᠋ᠠᠲᠠᠨ ᠨᠥᠬᠥᠳ ᠦᠭᠡ ᠬᠡᠯᠡᠪᠡ ᠃ ᠰᠦᠨ ᠱᠤᠤ ᠴᠧᠩ ᠪᠠᠢ᠌ᠨ ᠪᠠᠢ᠌ᠨ ᠦᠭᠡ ᠬᠡᠯᠡᠵᠦ ᠂ ᠠᠵᠢᠯ ᠲᠦᠷᠦᠯ᠎ᠤᠨ ᠬᠥᠭᠵᠢᠯᠲᠡ ᠵᠢᠨ ᠣᠷᠴᠢᠨ ᠲᠣᠭᠣᠷᠢᠨ ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠂ ᠠᠵᠤ ᠠᠬᠤᠢ ᠵᠢᠨ ᠬᠥᠭᠵᠢᠯᠲᠡ ᠵᠢᠨ ᠲᠦᠭᠵᠢᠷᠡᠯ ᠂ ᠬᠦᠴᠢᠷ᠎ᠢ ᠰᠢᠢ᠍ᠳᠪᠦᠷᠢᠯᠡᠵᠦ ᠠᠰᠠᠭᠤᠳᠠᠯ᠎ᠢ ᠰᠢᠢ᠍ᠳᠪᠦᠷᠢᠯᠡᠬᠦ ᠰᠡᠳᠬᠢᠮᠵᠢ ᠵᠡᠷᠭᠡ ᠠᠰᠠᠭᠤᠳᠠᠯ᠎ᠤᠨ ᠲᠤᠬᠠᠢ ᠤᠯᠠᠨ᠎ᠲᠠᠢ ᠰᠠᠨᠠᠯ ᠵᠶ᠋ᠠᠨ ᠰᠣᠯᠢᠯᠴᠠᠪᠠ ᠃


微信图片_202505121001442.jpg


   ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠬᠠᠷᠠᠯᠲᠠ ᠡᠭᠦᠷᠭᠡ ᠬᠤᠪᠢᠷᠠᠭ᠎ᠠ ᠦᠭᠡᠢ ᠂ ᠬᠥᠭᠵᠢᠯᠲᠡ ᠵᠢᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠴᠦ᠍ ᠠᠯᠢ ᠡᠷᠲᠡ ᠲᠣᠳᠣᠷᠬᠠᠢ ᠪᠣᠯᠪᠠ ᠂ ᠬᠣᠰᠢᠭᠤ ᠰᠢᠶᠠᠨ᠎ᠤ ᠱᠠᠲᠤᠨ᠎ᠤ᠎ᠬᠢᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯ ᠡᠭᠦᠷᠭᠡ᠎ᠪᠠᠨ ᠪᠠᠲᠤ ᠰᠠᠬᠢᠵᠤ ᠂ ᠠᠵᠤ ᠠᠬᠤᠢ ᠵᠢ ᠴᠢᠷᠮᠠᠢ᠌ᠨ ᠬᠥᠭᠵᠢᠭᠦᠯᠬᠦ ᠬᠠᠷᠢᠭᠤᠴᠠᠯᠭ᠋ᠠᠲᠤ ᠰᠡᠳᠬᠢᠯᠭᠡ ᠂ ᠲᠤᠯᠭ᠋ᠠᠮ ᠰᠡᠳᠬᠢᠯᠭᠡ᠎ᠪᠠᠨ ᠳᠡᠭᠡᠭᠰᠢᠯᠡᠭᠦᠯᠵᠦ ᠂ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ ᠃ ᠠᠵᠤ ᠠᠬᠤᠢ ᠵᠢᠨ ᠲᠣᠮᠣ ᠬᠣᠰᠢᠭᠤ ᠲᠣᠮᠣ ᠰᠢᠶᠠᠨ᠎ᠤ᠎ᠬᠢᠨ ᠭᠣᠣᠯ ᠲᠤᠯᠭ᠋ᠠᠭᠤᠷᠢ ᠵᠢᠨ ᠬᠠᠷᠢᠭᠤᠴᠠᠯᠭ᠎ᠠ ᠵᠢ ᠡᠭᠦᠷᠭᠡᠯᠡᠨ ᠂ ᠬᠣᠰᠢᠭᠤᠴᠢ ᠪᠣᠯᠵᠤ ᠂ ᠪᠦᠭᠦ ᠣᠷᠣᠨ᠎ᠤ ᠶᠡᠬᠡ ᠲᠠᠯ᠎ᠠ᠎ᠳᠤ ᠢᠯᠡᠭᠦᠬᠡᠨ ᠬᠤᠪᠢ ᠨᠡᠮᠡᠷᠢ ᠦᠵᠡᠭᠦᠯᠭᠦ᠎ᠪᠠᠷ ᠴᠢᠷᠮᠠᠢ᠌ᠬᠤ ᠬᠡᠷᠡᠭᠲᠡᠢ ᠃ ᠬᠣᠰᠢᠭᠤ ᠰᠢᠶᠠᠨ ᠬᠣᠲᠠ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠡᠷᠴᠢ ᠵᠣᠷᠢᠭ ᠵᠶ᠋ᠡᠨ ᠬᠥᠪᠴᠢᠯᠡᠨ ᠪᠣᠳᠠᠲᠠᠢ ᠠᠳᠬᠤᠵᠤ ᠂ ᠠᠵᠤ ᠠᠬᠤᠢ᠌ᠯᠠᠯ᠎ᠤᠨ ᠡᠷᠭᠢᠯᠲᠡ ᠂ ᠲᠥᠷᠥᠯ ᠵᠦᠢ᠍ᠯ᠎ᠤᠨ ᠠᠵᠢᠯ ᠡᠬᠢᠯᠡᠭᠦᠯᠬᠦ ᠂ ᠬᠦᠴᠦᠨ ᠵᠦᠢ᠍ᠯ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠵᠢᠨ ᠬᠠᠮᠲᠤ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠵᠦ ᠂ ᠰᠢᠨ᠎ᠡ ᠨᠡᠮᠡᠭᠳᠡᠯ᠎ᠤᠨ ᠴᠡᠭ᠎ᠢ ᠠᠷᠭ᠎ᠠ ᠰᠦᠪᠡᠭᠴᠢᠯᠡᠨ ᠪᠣᠢ᠌ᠵᠢᠭᠤᠯᠵᠤ ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠨᠡᠨ ᠪᠣᠳᠠᠲᠠᠢ ᠦᠷ᠎ᠡ ᠪᠦᠲᠦᠭᠡᠯ ᠵᠶ᠋ᠡᠷ 《  ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠭᠰᠡᠨ ᠡᠰᠡᠬᠦ ᠵᠢ ᠰᠢᠯᠭ᠋ᠠᠨ ᠪᠠᠢ᠌ᠴᠠᠭ᠋ᠠᠬᠤ ᠬᠡᠷᠡᠭᠲᠡᠢ ᠃ ᠲᠠᠭᠢᠨ ᠳᠠᠪᠲᠠᠨ ᠨᠠᠢ᠌ᠳᠠᠪᠤᠷᠢᠵᠢᠭᠤᠯᠵᠤ ᠂ ᠪᠣᠳᠠᠲᠠᠢ᠎ᠲᠠᠢ᠎ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠨᠲᠡ ᠲᠣᠭᠲᠠᠭ᠋ᠠᠭᠰᠠᠨ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ ᠂ ᠤᠯᠤᠰ᠎ᠤᠨ ᠰᠢᠨ᠎ᠡ᠎ᠪᠠᠷ ᠨᠡᠢ᠌ᠲᠡᠯᠡᠭᠰᠡᠨ ᠲᠦᠷᠦ ᠵᠢᠨ ᠪᠣᠳᠣᠯᠭ᠎ᠠ ᠵᠢᠨ ᠠᠵᠠ ᠲᠣᠭᠢᠶᠠᠯ᠎ᠢ ᠠᠮᠵᠢᠬᠤ ᠂ ᠲᠦᠷᠦᠯ ᠵᠦᠢ᠍ᠯ᠎ᠢ ᠰᠦᠪᠡᠭᠴᠢᠯᠡᠬᠦ ᠂ ᠬᠥᠭᠵᠢᠯᠲᠡ ᠵᠢ ᠠᠬᠢᠭᠤᠯᠬᠤ ᠵᠢ ᠴᠢᠩᠭ᠎ᠠ ᠠᠩᠬᠠᠷᠬᠤ ᠬᠡᠷᠡᠭᠲᠡᠢ ᠃ ᠠᠵᠤ ᠠᠬᠤᠢ ᠵᠢᠨ ᠠᠵᠢᠯ᠎ᠢ ᠰᠠᠢ᠌ᠲᠤᠷ ᠠᠳᠬᠤᠬᠤ ᠵᠢᠨ ᠬᠠᠮᠲᠤ ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠂ ᠲᠥᠪ᠎ᠤᠨ ᠲᠣᠭᠣᠷᠢᠨ ᠪᠠᠢ᠌ᠴᠠᠭ᠋ᠠᠬᠤ᠎ᠳᠤ ᠬᠠᠮᠵᠢᠯᠴᠠᠬᠤ ᠂ ᠠᠶᠤᠯᠭᠦᠢ ᠦᠢ᠍ᠯᠡᠳᠪᠦᠷᠢᠯᠡᠯ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠬᠦ ᠬᠡᠷᠡᠭᠲᠡᠢ ᠃ ᠡᠯ᠎ᠡ ᠲᠢᠩᠬᠢᠮ ᠲᠣᠪᠴᠢᠶ᠎ᠠ ᠵᠢᠨ᠎ᠬᠢᠨ ᠬᠣᠰᠢᠭᠤ ᠰᠢᠶᠠᠨ ᠬᠣᠲᠠ ᠲᠣᠭᠣᠷᠢᠭ᠎ᠤᠨ ᠬᠥᠭᠵᠢᠯᠲᠡ ᠵᠢ ᠳᠡᠮᠵᠢᠵᠦ ᠂ ᠲᠠᠯᠪᠢᠬᠤ ᠶᠣᠰᠣᠲᠠᠢ ᠡᠷᠬᠡ ᠵᠢ ᠲᠠᠯᠪᠢᠵᠤ ᠂ ᠬᠠᠪᠰᠤᠷᠬᠤ ᠶᠣᠰᠣᠲᠠᠢ ᠵᠢ᠎ᠨᠢ ᠪᠣᠳᠠᠲᠠᠢ᠌ᠵᠢᠭᠤᠯᠤᠨ ᠬᠠᠪᠰᠤᠷᠬᠤ ᠬᠡᠷᠡᠭᠲᠡᠢ ᠃ ᠡᠭᠦᠷᠭᠡ ᠬᠦᠴᠢᠷᠳᠡᠯ᠎ᠳᠤ ᠲᠤᠯᠭ᠋ᠠᠷᠠᠬᠤ ᠲᠤᠳᠤᠮ ᠺᠠᠳ᠋ᠷᠴᠤᠳ᠎ᠢ ᠰᠢᠯᠭ᠋ᠠᠬᠤ ᠦᠶ᠎ᠡ ᠬᠦᠷᠴᠦ ᠢᠷᠡᠳᠡᠭ ᠂ ᠡᠯ᠎ᠡ ᠱᠠᠲᠤᠨ᠎ᠤ᠎ᠬᠢᠨ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠂ ᠬᠥᠪᠴᠢ᠎ᠪᠠᠨ ᠴᠢᠩᠭ᠋ᠠᠯᠠᠵᠤ ᠂ ᠭᠠᠪᠰᠢᠭ᠋ᠠᠢ᠌ᠯᠠᠨ ᠤᠷᠤᠭᠰᠢᠯᠠᠬᠤ ᠡᠷᠴᠢ ᠵᠣᠷᠢᠭ ᠵᠶ᠋ᠡᠷ ᠂ ᠬᠠᠷᠢᠭᠤᠴᠠᠯᠭ᠎ᠠ᠎ᠪᠠᠨ ᠴᠢᠩᠭ᠋ᠠᠳᠬᠠᠵᠤ ᠬᠦᠴᠦ ᠣᠷᠣᠭᠤᠯᠤᠨ᠂ ᠡᠳᠦᠷ ᠵᠶ᠋ᠡᠷ ᠬᠡᠮᠵᠢᠭᠦᠷ ᠪᠤᠯᠭ᠋ᠠᠵᠤ ᠂ ᠡᠳᠦᠷ ᠪᠣᠯᠭ᠋ᠠᠨ ᠰᠠᠢ᠌ᠲᠤᠷ ᠠᠵᠢᠯᠯᠠᠵᠤ ᠂ ᠵᠢᠯ᠎ᠤᠨ ᠳᠤᠮᠳᠠ ᠪᠠ ᠵᠢᠯ᠎ᠤᠨ ᠰᠡᠭᠦᠯᠴᠢ᠎ᠳᠤ ᠲᠡᠭᠦᠰ ᠠᠮᠵᠢᠯᠲᠠᠲᠠᠢ᠎ᠪᠠᠷ ᠳᠠᠩᠰᠠ ᠲᠤᠰᠢᠶᠠᠬᠤ ᠵᠢ ᠪᠠᠲᠤᠯᠠᠬᠤ ᠬᠡᠷᠡᠭᠲᠡᠢ ᠭᠡᠵᠦ ᠬᠡᠯᠡᠪᠡ ᠃

   ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠣᠷᠳᠣᠰ ᠬᠤᠳᠠ᠎ᠳᠤ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠤᠰᠤᠨ ᠠᠰᠢᠭᠯᠠᠯᠲᠠ ᠵᠢᠨ ᠶᠠᠮᠤᠨ ᠡᠮᠦᠨᠡᠲᠦ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠨ ᠠᠷᠭ᠋ᠠᠴᠠᠭ᠋ᠠᠬᠤ ᠠᠵᠢᠯ᠎ᠢ ᠪᠠᠶ᠋ᠢᠷᠢᠯᠠᠭᠤᠯᠪᠠ
ᠨᠢᠭᠡᠳᠦᠭᠡᠷ ᠤᠯᠠᠷᠢᠯ᠎ᠳᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠨᠢ 20%᠎ᠪᠠᠷ ᠨᠡᠮᠡᠭᠳᠡᠪᠡ᠂ ᠥᠪᠥᠷ ᠮᠣᠩᠭᠤᠯ ᠴᠢᠬᠤᠯᠠ ᠶᠡᠭᠡ ᠲᠥᠷᠥᠯ ᠵᠦᠢ᠍ᠯ᠎ᠤᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠨᠢᠭᠲᠠᠷᠠᠭᠤᠯᠪᠠ
 
            