ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ ᠡᠮᠦᠨᠡᠲᠦ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠨ ᠠᠷᠭ᠋ᠠᠴᠠᠭ᠋ᠠᠬᠤ ᠠᠵᠢᠯ᠎ᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2025-05-06

   ᠮᠡᠳᠡᠭᠦᠯᠦᠯᠲᠡ ᠵᠢ ᠦᠨᠳᠦᠰᠦᠯᠡᠪᠡᠯ᠂ 5 ᠳ᠋ᠤᠭ᠋ᠠᠷ ᠰᠠᠷ᠎ᠠ ᠵᠢᠨ 7᠎ᠠᠴᠠ 10᠎ᠤ ᠡᠳᠦᠷ ᠪᠣᠯᠲᠠᠯ᠎ᠠ᠂  ᠵᠢᠶᠠᠩᠨᠠᠨ᠎ᠤ ᠶᠡᠬᠡᠩᠬᠢ ᠬᠡᠰᠡᠭ᠂  ᠡᠮᠦᠨᠡᠲᠦ ᠣᠷᠣᠨ᠎ᠤ ᠵᠡᠭᠦᠨ ᠬᠡᠰᠡᠭ ᠬᠣᠢ᠌ᠲᠤ ᠬᠡᠰᠡᠭ᠂  ᠪᠠᠷᠠᠭᠤᠨ ᠡᠮᠦᠨᠡᠲᠦ ᠵᠢᠨ ᠵᠡᠭᠦᠨ ᠬᠡᠰᠡᠭ᠂  ᠵᠢᠶᠠᠩ ᠬᠤᠸᠠᠶ ᠵᠢᠨ ᠡᠮᠦᠨ᠎ᠡ ᠬᠡᠰᠡᠭ ᠵᠡᠷᠭᠡ ᠭᠠᠵᠠᠷ᠎ᠲᠤ ᠨᠢᠭᠡ ᠤᠳᠠᠭ᠋ᠠᠨ᠎ᠤ ᠰᠢᠷᠦᠭᠦᠨ ᠪᠣᠷᠣᠭ᠋ᠠᠨ ᠣᠷᠣᠨ᠎ᠠ᠂  ᠡᠭᠦᠨ᠎ᠤ ᠳᠣᠲᠣᠷ᠎ᠠ ᠬᠤᠨᠠᠨ᠎ᠤ ᠵᠡᠭᠦᠨ ᠡᠮᠦᠨᠡᠲᠦ ᠬᠡᠰᠡᠭ᠂  ᠵᠢᠶᠠᠩᠰᠢ ᠵᠢᠨ ᠳᠤᠮᠳᠠ ᠬᠡᠰᠡᠭ᠎ᠤᠨ ᠵᠡᠭᠦᠨ ᠬᠡᠰᠡᠭ᠂  ᠵᠧᠵᠢᠶᠠᠩ᠎ᠤᠨ ᠪᠠᠷᠠᠭᠤᠨ ᠬᠡᠰᠡᠭ᠂  ᠹᠦᠵᠢᠶᠠᠨ᠎ᠤ ᠪᠠᠷᠠᠭᠤᠨ ᠬᠡᠰᠡᠭ᠂  ᠠᠨᠾᠦᠢ᠍ᠢ ᠵᠢᠨ ᠡᠮᠦᠨ᠎ᠡ ᠬᠡᠰᠡᠭ᠂  ᠭᠤᠸᠠᠩᠰᠢ ᠵᠢᠨ ᠵᠡᠭᠦᠨ ᠬᠣᠢ᠌ᠲᠤ ᠬᠡᠰᠡᠭ ᠵᠡᠷᠭᠡ ᠭᠠᠵᠠᠷ᠎ᠲᠤ ᠳᠣᠭᠰᠢᠨ ᠪᠣᠷᠣᠭ᠋ᠠᠨ ᠣᠷᠣᠨ᠎ᠠ᠃  ᠬᠤᠨᠠᠨ᠎ᠤ ᠳ᠋ᠦᠩ ᠲᠢᠩ ᠬᠤ᠌ ᠨᠠᠭᠤᠷ᠎ᠤᠨ ᠤᠰᠤᠨ ᠰᠢᠰᠲᠸᠮ᠎ᠤᠨ ᠰᠢᠶᠠᠩ ᠵᠢᠶᠠᠩ᠂  ᠽᠢ ᠱᠦᠢ᠂  ᠶᠤᠸᠠᠨ ᠵᠢᠶᠠᠩ᠂  ᠵᠢᠶᠠᠩᠰᠢ ᠵᠢᠨ ᠫᠦᠸᠧ ᠶᠠᠩ ᠬᠣ᠌ ᠨᠠᠭᠤᠷ᠎ᠤᠨ ᠤᠰᠤᠨ ᠰᠢᠰᠲᠸᠮ᠎ᠤᠨ ᠭᠠᠨᠵᠢᠶᠠᠩ᠂  ᠹᠦ᠋ ᠾᠧ᠂  ᠷᠤᠤ ᠾᠧ᠂  ᠭᠤᠸᠠᠩᠰᠢ ᠵᠢᠨ ᠭᠦᠢ᠍ᠵᠢᠶᠠᠩ᠂  ᠹᠦᠵᠢᠶᠠᠨ᠎ᠤ ᠮᠢᠨᠵᠢᠶᠠᠩ᠂  ᠵᠧᠵᠢᠶᠠᠩ᠎ᠤᠨ ᠴᠢᠶᠠᠨ ᠲᠠᠩ ᠵᠢᠶᠠᠩ ᠮᠥᠷᠡᠨ ᠵᠡᠷᠭᠡ ᠭᠣᠣᠯ ᠪᠣᠯᠬᠤ ᠭᠣᠣᠯ ᠮᠥᠷᠡᠨ᠎ᠳᠤ ᠤᠰᠤ ᠢᠯᠡᠳᠲᠡ ᠥᠰᠬᠦ ᠶᠠᠪᠤᠴᠠ ᠭᠠᠷᠴᠤ᠂  ᠰᠢᠷᠦᠭᠦᠨ ᠪᠣᠷᠣᠭ᠋ᠠᠨ᠎ᠤ ᠣᠷᠣᠨ᠎ᠳᠠᠬᠢ ᠬᠡᠰᠡᠭ ᠭᠣᠣᠯ ᠮᠥᠷᠡᠨ᠎ᠳᠤ ᠰᠡᠷᠡᠮᠵᠢ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃

   ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠤᠭᠴᠢ ᠵᠢᠨ ᠶᠠᠮᠤᠨ᠎ᠤ ᠳᠡᠳ᠋ ᠶᠡᠷᠦᠩᠬᠡᠶ ᠵᠢᠯᠣᠭᠤᠳᠣᠭᠴᠢ᠂  ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠲᠦᠢ᠍ᠯ᠎ᠤᠨ ᠰᠡᠳᠬᠢᠬᠦᠶ᠂  ᠬᠤᠷᠢᠭ᠎ᠠ ᠱᠤᠭᠤᠮ᠎ᠤᠨ ᠰᠡᠳᠬᠢᠬᠦᠶ ᠵᠢ ᠪᠠᠲᠤ ᠪᠣᠶ ᠪᠣᠯᠭ᠋ᠠᠵᠤ᠂ 《ᠬᠥᠮᠦᠨ ᠬᠠᠷ᠎ᠠ ᠦᠬᠦᠵᠦ ᠰᠢᠷᠬᠠᠲᠤᠬᠤ ᠥᠬᠡᠶ᠂  ᠤᠰᠤᠨ ᠴᠥᠭᠦᠷᠥᠮ᠎ᠳᠤ ᠬᠠᠰᠢᠯᠭ᠎ᠠ ᠰᠡᠲᠡᠷᠡᠬᠦ ᠥᠬᠡᠶ᠂  ᠴᠢᠬᠤᠯᠠ ᠬᠠᠰᠢᠯᠭ᠎ᠠ ᠵᠢ ᠰᠡᠲᠡᠯᠬᠦ ᠥᠬᠡᠶ᠂  ᠴᠢᠬᠤᠯᠠ ᠰᠠᠭᠤᠷᠢ ᠲᠥᠬᠦᠭᠡᠷᠦᠮᠵᠢ᠎ᠨᠢ ᠳᠠᠭ᠋ᠠᠷᠢᠯᠲᠠ᠎ᠳᠤ ᠤᠴᠠᠷᠠᠬᠤ ᠥᠬᠡᠶ》 ᠪᠠᠶ᠋ᠢᠬᠤ ᠬᠠᠷᠠᠯᠲᠠ ᠵᠢ ᠲᠣᠭᠲᠠᠭ᠋ᠠᠵᠤ᠂  ᠰᠢᠷᠦᠭᠦᠨ ᠪᠣᠷᠣᠭ᠋ᠠᠨ᠎ᠢ ᠰᠡᠷᠭᠡᠶ᠋ᠢᠯᠡᠨ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ 5 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠦᠳᠡ ᠵᠢᠨ ᠡᠮᠦᠨ᠎ᠡ᠂  ᠤᠰᠤᠨ ᠠᠰᠢᠭᠯᠠᠯᠲᠠ ᠵᠢᠨ ᠶᠠᠮᠤᠨ᠎ᠠᠴᠠ ᠦᠶᠡᠷ᠎ᠢ ᠰᠡᠷᠭᠡᠶ᠋ᠢᠯᠡᠬᠦ ᠵᠥᠪᠳᠡᠯᠴᠡᠭᠡ ᠵᠢ ᠵᠣᠬᠢᠶᠠᠨ ᠪᠠᠶ᠋ᠢᠭᠤᠯᠵᠤ᠂  ᠡᠮᠦᠨᠡᠲᠦ ᠣᠷᠣᠨ᠎ᠤ ᠪᠣᠷᠣᠭ᠋ᠠᠨ᠎ᠤ ᠪᠠᠶ᠋ᠢᠳᠠᠯ ᠦᠶᠡᠷ᠎ᠤᠨ ᠪᠠᠶ᠋ᠢᠳᠠᠯ᠎ᠢ ᠵᠠᠳᠠᠯᠵᠤ᠂  ᠰᠢᠷᠦᠭᠦᠨ ᠪᠣᠷᠣᠭ᠋ᠠᠨ᠎ᠢ ᠰᠡᠷᠭᠡᠶ᠋ᠢᠯᠡᠨ ᠠᠷᠭ᠋ᠠᠴᠠᠭ᠋ᠠᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃  ᠵᠥᠪᠳᠡᠯᠴᠡᠭᠰᠡᠨ᠎ᠤ ᠲᠠᠷᠠᠭ᠎ᠠ᠂  ᠤᠰᠤᠨ ᠠᠰᠢᠬᠯᠠᠯᠳᠠ ᠵᠢᠨ ᠶᠠᠮᠤᠨ᠎ᠠᠴᠠ ᠱᠠᠩᠬᠠᠢ᠂  ᠵᠢᠶᠠᠩᠰᠤ᠂  ᠵᠧᠵᠢᠶᠠᠩ᠂  ᠠᠨᠾᠦ᠋ᠢ᠂  ᠹᠦᠵᠢᠶᠠᠨ᠂  ᠵᠢᠶᠠᠩᠰᠢ᠂  ᠬᠤᠪᠧᠢ᠂  ᠬᠤᠨᠠᠨ᠂  ᠭᠤᠸᠠᠩᠳᠦ᠋ᠩ᠂  ᠭᠤᠸᠠᠩᠰᠢ᠂  ᠴᠦᠩᠴᠢᠩ᠂  ᠭᠦᠢ᠍ᠵᠸᠤ ᠵᠡᠷᠭᠡ 12 ᠮᠤᠵᠢ (ᠥᠪᠡᠷᠲᠡᠭᠡᠨ ᠵᠠᠰᠠᠬᠤ ᠣᠷᠣᠨ᠂  ᠰᠢᠭᠤᠳ ᠬᠠᠷᠢᠶ᠎ᠠ ᠬᠤᠳᠠ) ᠵᠢᠨ ᠤᠰᠤᠨ ᠠᠰᠢᠬᠯᠠᠯᠳᠠ ᠵᠢᠨ ᠰᠠᠯᠠᠭ᠎ᠠ ᠮᠦᠴᠢᠷ ᠵᠢᠴᠢ ᠬᠤᠯᠪᠣᠭᠳᠠᠯ ᠪᠦᠬᠦᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠳᠡᠯ ᠭᠠᠷᠭ᠋ᠠᠵᠤ᠂  ᠵᠢᠵᠢᠭᠦᠷᠯᠡᠨ ᠰᠠᠬᠢᠬᠤ ᠪᠠ ᠵᠥᠪᠳᠡᠯᠴᠡᠵᠦ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂  ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠶ᠋ᠢᠲᠡᠯᠡᠵᠦ᠂  ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ ᠦᠶᠡᠷ᠎ᠢ ᠬᠠᠰᠢᠵᠤ᠂  ᠣᠷᠭᠢᠯ᠎ᠢ ᠱᠤᠯᠤᠵᠤ᠂  ᠣᠷᠭᠢᠯ᠎ᠢ ᠵᠥᠷᠢᠭᠦᠯᠵᠦ᠂  ᠬᠣᠲᠠ ᠵᠢᠨ ᠦᠶᠡᠷ ᠤᠰᠤᠲᠤᠯ᠎ᠢ ᠵᠠᠯᠭ᠋ᠠᠨ ᠲᠣᠬᠢᠷᠠᠭᠤᠯᠬᠤ ᠵᠢ ᠴᠢᠩᠭ᠋ᠠᠳᠬᠠᠵᠤ᠂  ᠭᠤᠣᠯᠳᠠᠯᠭ᠎ᠠ᠎ᠲᠠᠢ ᠭᠠᠵᠠᠷ ᠣᠷᠣᠨ ᠪᠣᠯᠤᠨ ᠬᠡᠰᠡᠭ ᠭᠠᠵᠠᠷ᠎ᠤᠨ ᠠᠶᠤᠯ ᠲᠦᠭᠰᠢᠭᠦᠷᠢ ᠵᠢ ᠴᠢᠩᠭ᠎ᠠ ᠠᠩᠬᠠᠷᠴᠤ᠂  ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠪᠠ ᠳᠤᠮᠳᠠ ᠪᠠᠭ᠎ᠠ ᠭᠤᠣᠯ ᠮᠥᠷᠡᠨ᠎ᠤ ᠦᠶᠡᠷ᠎ᠢ ᠰᠡᠷᠭᠡᠶ᠋ᠢᠯᠡᠬᠦ ᠵᠢ ᠲᠤᠪᠤᠶ᠋ᠢᠮ᠎ᠠ ᠰᠠᠶ᠋ᠢᠲᠤᠷ ᠠᠳᠬᠤᠵᠤ᠂  ᠤᠰᠤᠨ ᠴᠥᠭᠦᠷᠥᠮ᠂  ᠬᠠᠰᠢᠯᠭ᠎ᠠ ᠵᠢ ᠲᠣᠭᠤᠷᠢᠨ ᠪᠠᠶ᠋ᠢᠴᠠᠭ᠋ᠠᠵᠤ ᠰᠡᠷᠭᠡᠶ᠋ᠢᠯᠡᠨ ᠬᠠᠮᠠᠭ᠋ᠠᠯᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂  ᠠᠶᠤᠯ ᠭᠡᠮ᠎ᠲᠠᠢ ᠤᠰᠤᠨ ᠴᠥᠭᠦᠷᠥᠮ ᠪᠣᠯᠤᠨ ᠪᠠᠶ᠋ᠢᠭᠤᠯᠵᠤ ᠪᠠᠶ᠋ᠢᠭ᠎ᠠ ᠢᠨᠵᠸᠨ᠋ᠸᠷᠢᠩ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂  ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠢᠭᠡᠳᠦᠭᠡᠷ ᠤᠯᠠᠷᠢᠯ᠎ᠳᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠨᠢ 20%᠎ᠪᠠᠷ ᠨᠡᠮᠡᠭᠳᠡᠪᠡ᠂ ᠥᠪᠥᠷ ᠮᠣᠩᠭᠤᠯ ᠴᠢᠬᠤᠯᠠ ᠶᠡᠭᠡ ᠲᠥᠷᠥᠯ ᠵᠦᠢ᠍ᠯ᠎ᠤᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠨᠢᠭᠲᠠᠷᠠᠭᠤᠯᠪᠠ
ᠭᠣᠣᠯᠳᠠᠯᠭ᠎ᠠ᠎ᠲᠠᠢ ᠬᠢᠨᠠᠨ ᠬᠡᠮᠵᠢᠭᠰᠡᠨ 358 ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠨᠣᠷᠮ᠎ᠠ᠎ᠨᠢ ᠨᠡᠶ᠋ᠢᠲᠡ 15.77 ᠳ᠋ᠦᠩᠰᠢᠭᠤᠷ ᠲᠥᠭᠥᠷᠢᠭ᠎ᠲᠤ ᠬᠦᠷᠴᠦ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠥᠪᠥᠷ ᠮᠣᠩᠭᠣᠯ᠎ᠤᠨ ᠬᠡᠷᠡᠭᠯᠡᠭᠡᠨ᠎ᠤ ᠬᠠᠯᠠᠭᠤᠷᠠᠯ᠎ᠤᠨ ᠬᠦᠴᠦᠨ᠎ᠢ ᠨᠡᠮᠡᠭᠳᠡᠭᠦᠯᠪᠡ
ᠤᠰᠤᠨ ᠠᠰᠢᠭᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠦᠪᠯᠡᠯ᠎ᠨᠢ 9 ᠳ᠋ᠤᠭᠡᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠡᠷᠬᠢᠯᠡᠪᠡ
ᠳᠥᠷᠪᠡᠨ ᠰᠠᠯᠠᠭ᠎ᠠ ᠮᠥᠴᠢᠷ ᠬᠠᠮᠲᠤᠷᠠᠨ ᠪᠥᠬᠦ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠪᠠ
 
            