ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠡᠳᠦᠷ ᠲᠤᠲᠤᠮ᠎ᠤᠨ ᠠᠵᠢᠯ᠎ᠳᠤ ᠠᠭᠤᠰᠤᠯᠴᠠᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠥᠷᠨᠢᠭᠦᠯᠵᠦ ᠮᠠᠨ᠎ᠤ ᠲᠤᠭᠤᠷᠢᠭ᠎ᠤᠨ ᠡᠯ᠎ᠡ ᠭᠠᠵᠠᠷ᠎ᠤᠨ᠎ᠬᠢᠨ ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠨᠢᠭᠡ ᠴᠤᠭᠴᠠᠵᠢᠭᠤᠯᠤᠨ ᠠᠬᠢᠭᠤᠯᠪᠠ
ᠨᠡᠶ᠋ᠢᠲᠡᠯᠡᠭᠰᠡᠨ ᠴᠠᠭ᠄ 2025-05-09

   ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠳᠤᠮᠳᠠ᠂  ᠬᠥᠬᠡᠬᠤᠲᠠ᠂  ᠪᠤᠭᠤᠲᠤ ᠬᠤᠲᠠ᠂  ᠲᠦᠩᠯᠢᠶᠣᠤ ᠬᠤᠲᠠ᠂  ᠰᠢᠯᠢ ᠵᠢᠨ ᠭᠤᠤᠯ ᠠᠶ᠋ᠢᠮᠠᠭ᠎ᠠᠴᠠ ᠳᠡᠭᠡᠳᠦ ᠱᠠᠲᠤ᠎ᠨᠢ ᠳᠣᠤᠷᠠᠳᠤ ᠱᠠᠲᠤ᠎ᠪᠠᠨ ᠳᠠᠭ᠋ᠠᠭᠤᠯᠵᠤ᠂  ᠰᠤᠷᠤᠯᠴᠠᠯᠭ᠎ᠠ ᠬᠥᠮᠦᠵᠢᠯ᠂  ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ᠂  ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂  ᠰᠤᠷᠤᠯᠴᠠᠬᠤ᠎ᠳᠤ ᠶᠠᠰᠤ ᠴᠢᠨᠠᠷ᠎ᠲᠠᠢ᠂  ᠪᠠᠶ᠋ᠢᠴᠠᠭ᠋ᠠᠬᠤ᠎ᠳᠤ ᠡᠷᠴᠢᠮ᠎ᠲᠠᠢ᠂  ᠰᠠᠶ᠋ᠢᠵᠢᠷᠠᠭᠤᠯᠬᠤ᠎ᠳᠤ ᠦᠷ᠎ᠡ ᠪᠦᠲᠦᠮᠵᠢ᠎ᠲᠠᠢ ᠪᠠᠶ᠋ᠢᠬᠤ ᠵᠢ ᠦᠨᠡᠨ ᠬᠦ᠌ ᠪᠠᠲᠤᠯᠠᠵᠤ᠂  ᠰᠢᠯᠢᠳᠡᠭ ᠰᠤᠷᠲᠠᠯ ᠵᠶ᠋ᠠᠷ ᠠᠵᠢᠯ ᠬᠢᠵᠦ ᠠᠳᠠᠯ ᠦᠢ᠍ᠯᠡᠰ ᠴᠣᠭᠴᠠᠯᠠᠬᠤ ᠬᠦᠴᠦᠷᠬᠡᠭ ᠶᠡᠭᠡ ᠨᠡᠶ᠋ᠢᠯᠡᠮᠡᠯ ᠬᠦᠴᠦᠨ᠎ᠢ ᠨᠢᠭᠲᠠᠷᠠᠭᠤᠯᠬᠤ ᠬᠡᠷᠡᠭᠲᠡᠶ᠃

   ᠬᠥᠬᠡᠬᠤᠲᠠ ᠡᠮᠦᠨ᠎ᠡ᠎ᠨᠢ ᠶᠠᠪᠤᠵᠤ᠂  ᠦᠯᠢᠭᠡᠷ ᠳᠠᠭᠤᠷᠢᠶᠠᠯ ᠪᠣᠯᠬᠤ ᠵᠢ ᠪᠠᠷᠢᠮᠲᠠᠯᠠᠵᠤ᠂  ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠤᠨ᠎ᠠ᠃  ᠣᠲᠣ ᠪᠣᠯᠲᠠᠯ᠎ᠠ᠂  ᠨᠡᠶ᠋ᠢᠲᠡ 768 ᠬᠤᠭᠤᠴᠠᠭ᠎ᠠ ᠨᠣᠮ ᠤᠩᠰᠢᠬᠤ ᠠᠩᠭᠢ ᠡᠷᠭᠢᠯᠡᠵᠦ᠂  ᠣᠨᠣᠯ ᠰᠤᠷᠤᠯᠴᠠᠬᠤ ᠭᠤᠤᠯ ᠳᠤᠭᠤᠶ᠋ᠢᠯᠠᠩ 1102 ᠤᠳᠠᠭ᠎ᠠ ᠰᠤᠷᠤᠯᠴᠠᠵᠤ᠂  ᠦᠨᠳᠦᠰᠦᠨ ᠱᠠᠲᠤᠨ᠎ᠤ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》 12216 ᠤᠳᠠᠭ᠎ᠠ ᠰᠤᠷᠤᠯᠴᠠᠵᠤ᠂  ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ ᠵᠢᠨ ᠳᠤᠭᠤᠶ᠋ᠢᠯᠠᠩ 200 ᠭᠠᠷᠤᠶ ᠤᠳᠠᠭ᠎ᠠ ᠠᠵᠢᠯᠯᠠᠭ᠎ᠠ ᠥᠷᠨᠢᠭᠦᠯᠪᠡ᠃  ᠰᠤᠷᠤᠯᠴᠠᠵᠤ ᠰᠤᠳᠤᠯᠤᠨ ᠶᠠᠷᠢᠯᠴᠠᠬᠤ ᠠᠵᠢᠯ᠎ᠢ ᠥᠷᠨᠢᠭᠦᠯᠦᠭᠰᠡᠨ ᠰᠠᠭᠤᠷᠢᠨ ᠳᠡᠭᠡᠷ᠎ᠡ᠂  ᠠᠰᠠᠭᠤᠳᠠᠯ᠎ᠢ ᠪᠦᠬᠦ ᠲᠠᠯ᠎ᠠ᠎ᠪᠠᠷ ᠪᠠᠶ᠋ᠢᠴᠠᠭ᠋ᠠᠵᠤ᠂  ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ ᠵᠢ ᠪᠠᠷᠢᠮᠲᠠᠯᠠᠵᠤ᠂  ᠤᠳᠤᠷᠢᠳᠬᠤ ᠪᠠᠭ᠂  ᠤᠳᠤᠷᠢᠳᠬᠤ ᠺᠠᠳ᠋ᠷ᠎ᠤᠨ ᠠᠰᠠᠭᠤᠳᠠᠯ᠎ᠢ ᠴᠢᠩᠭ᠎ᠠ ᠠᠩᠬᠠᠷᠴᠤ ᠪᠠᠶ᠋ᠢᠴᠠᠭ᠋ᠠᠨ ᠳᠡᠯᠭᠡᠨ᠎ᠡ᠃  ᠪᠦᠬᠦ ᠬᠤᠳᠠ ᠵᠢᠨ ᠰᠢᠶᠠᠨ ᠭᠠᠵᠠᠷ᠎ᠤᠨ ᠳᠡᠰ᠎ᠠᠴᠠ ᠳᠡᠭᠡᠭᠰᠢᠬᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠵᠤ᠂  ᠲᠥᠪ ᠬᠤᠷᠢᠶᠠᠨ᠎ᠤ ᠳᠠᠷᠤᠮᠠᠯᠯᠠᠨ ᠲᠠᠷᠬᠠᠭ᠋ᠠᠭᠰᠠᠨ 《ᠬᠤᠶᠠᠷ ᠨᠠᠷᠢᠨ ᠲᠠᠩᠰᠠ》 ᠪᠣᠯᠤᠨ 《ᠨᠡᠶ᠋ᠢᠲᠡᠯᠢᠭ ᠬᠡᠷᠡᠭ᠎ᠤᠨ ᠵᠢᠱ᠌ᠢᠶ᠎ᠡ》᠎ᠲᠠᠢ ᠬᠠᠷᠭᠤᠭᠤᠯᠵᠤ᠂  ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ᠂  ᠲᠣᠭᠤᠷᠢᠨ ᠪᠠᠶ᠋ᠢᠴᠠᠭ᠋ᠠᠬᠤ ᠵᠡᠷᠭᠡ 7 ᠵᠦᠢ᠍ᠯ᠎ᠤᠨ ᠠᠷᠭ᠎ᠠ ᠵᠠᠮ᠎ᠢ ᠬᠡᠷᠡᠭᠯᠡᠵᠦ᠂ 《ᠲᠠᠪᠤᠨ ᠶᠡᠭᠡ ᠡᠭᠦᠷᠭᠡ》 ᠵᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠵᠤ᠂  ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠬᠤᠷᠢᠶᠠᠵᠤ᠂ 《ᠰᠢᠭᠰᠢᠨ ᠪᠠᠶ᠋ᠢᠴᠠᠭ᠋ᠠᠬᠤ》 ᠬᠡᠯᠪᠡᠷᠢ᠎ᠪᠠᠷ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ ᠵᠢ ᠱᠠᠭ᠋ᠠᠷᠳᠠᠪᠠ᠃  ᠲᠥᠪᠯᠡᠷᠡᠭᠦᠯᠦᠨ ᠴᠡᠭᠴᠡᠯᠡᠨ ᠵᠠᠰᠠᠬᠤ ᠵᠢ ᠵᠣᠬᠢᠶᠠᠨ ᠪᠠᠶ᠋ᠢᠭᠤᠯᠤᠨ ᠠᠬᠢᠭᠤᠯᠬᠤ ᠵᠢ ᠴᠢᠩᠭ᠋ᠠᠳᠬᠠᠵᠤ᠂ 《ᠥᠭᠡᠷᠡᠴᠢᠯᠡᠯᠲᠡ ᠵᠢᠨ ᠵᠣᠷᠢᠭ ᠰᠠᠨᠠᠭ᠎ᠠ᠎ᠪᠠᠷ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ》 ᠲᠤᠰᠬᠠᠶ ᠠᠵᠢᠯ᠎ᠲᠠᠢ ᠤᠶᠠᠯᠳᠤᠭᠤᠯᠤᠨ᠂  ᠲᠥᠪᠯᠡᠷᠡᠩᠭᠦᠶ ᠴᠢᠨᠠᠷ᠂  ᠠᠮᠠᠷᠬᠠᠨ ᠡᠭᠦᠰᠬᠦ ᠪᠠ ᠣᠯᠠᠨ ᠡᠭᠦᠰᠬᠦ᠂  ᠣᠯᠠᠨ ᠲᠦᠮᠡᠨ᠎ᠤ ᠲᠤᠰᠬᠠᠯ ᠴᠢᠩᠭ᠎ᠠ ᠪᠠᠶ᠋ᠢᠭ᠎ᠠ ᠲᠣᠪᠤᠶ᠋ᠢᠮ᠎ᠠ ᠠᠰᠠᠭᠤᠳᠠᠯ᠎ᠳᠤ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠥᠷᠨᠢᠭᠦᠯᠬᠦ ᠵᠢᠨ ᠬᠠᠮᠲᠤ᠂  ᠲᠥᠪᠯᠡᠷᠡᠭᠦᠯᠦᠨ ᠴᠡᠭᠴᠡᠯᠡᠨ ᠵᠠᠰᠠᠬᠤ ᠠᠰᠠᠭᠤᠳᠠᠯ᠎ᠢ ᠬᠦᠴᠦᠨ ᠥᠬᠡᠶ ᠪᠣᠯᠭ᠋ᠠᠬᠤ ᠬᠠᠮᠢᠶᠠᠷᠤᠯᠲᠠ ᠵᠢ ᠥᠷᠨᠢᠭᠦᠯᠵᠦ᠂  ᠠᠰᠠᠭᠤᠳᠠᠯ᠎ᠢ ᠰᠢᠢ᠍ᠳᠪᠦᠷᠢᠯᠡᠬᠦ ᠥᠬᠡᠶ ᠪᠣᠯ ᠲᠠᠯᠪᠢᠬᠤ ᠥᠬᠡᠶ᠂  ᠣᠯᠠᠨ ᠲᠦᠮᠡᠨ ᠬᠠᠨᠤᠮᠵᠢ ᠥᠬᠡᠶ ᠪᠣᠯ ᠲᠠᠯᠪᠢᠬᠤ ᠥᠬᠡᠶ ᠪᠠᠶ᠋ᠢᠬᠤ ᠵᠢ ᠪᠡᠶᠡᠯᠡᠭᠦᠯᠬᠦ ᠬᠡᠷᠡᠭᠲᠡᠶ᠃

   ᠪᠤᠭᠤᠲᠤ ᠬᠤᠲᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠣᠮ ᠤᠩᠰᠢᠬᠤ ᠠᠩᠭᠢ ᠵᠢ 683 ᠬᠤᠭᠤᠴᠠᠭ᠎ᠠ᠂  ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠵᠢ 1788 ᠤᠳᠠᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂  ᠭᠤᠤᠯ ᠰᠡᠳᠦᠪᠲᠦ ᠨᠠᠮ᠎ᠤᠨ ᠡᠳᠦᠷ ᠵᠡᠷᠭᠡ ᠵᠢ 7362 ᠤᠳᠠᠭ᠎ᠠ ᠲᠥᠪᠯᠡᠷᠡᠭᠦᠯᠦᠨ ᠰᠤᠷᠤᠯᠴᠠᠵᠤ᠂ 9200 ᠭᠠᠷᠤᠢ ᠵᠠᠯᠠᠭᠤ ᠺᠠᠳ᠋ᠷ 610 ᠭᠠᠷᠤᠢ ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ ᠵᠢᠨ ᠳᠤᠭᠤᠢ᠌ᠯᠠᠩ ᠵᠶ᠋ᠠᠷ ᠳᠡᠮᠵᠢᠨ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ 20.5 ᠲᠦᠮᠡᠨ ᠨᠠᠮ᠎ᠤᠨ ᠭᠡᠰᠢᠭᠦᠨ ᠲᠥᠪᠯᠡᠷᠡᠭᠦᠯᠦᠨ ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠤᠳᠬᠤ᠂  ᠥᠪᠡᠰᠦᠪᠡᠨ ᠰᠤᠷᠤᠯᠴᠠᠵᠤ ᠴᠠᠬᠢᠯᠭ᠋ᠠᠨ ᠴᠡᠨᠡᠭᠯᠡᠬᠦ᠂  ᠬᠡᠷ᠎ᠲᠤᠨᠢ ᠬᠦᠷᠴᠦ ᠰᠤᠷᠤᠯᠴᠠᠭᠤᠯᠬᠤ ᠵᠡᠷᠭᠡ ᠬᠡᠯᠪᠡᠷᠢ᠎ᠪᠠᠷ ᠪᠥᠬᠦ ᠬᠥᠮᠦᠰ ᠰᠤᠷᠤᠯᠴᠠᠯᠭ᠎ᠠ᠎ᠳᠤ ᠣᠷᠣᠯᠴᠠᠪᠠ᠃  ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ ᠲᠠᠯ᠎ᠠ᠎ᠪᠠᠷ ᠦᠷᠭᠦᠯᠵᠢᠯᠡᠨ ᠬᠦᠴᠦᠯᠡᠬᠦ ᠵᠢ ᠪᠠᠷᠢᠮᠲᠠᠯᠠᠵᠤ᠂  ᠪᠥᠬᠦ ᠬᠤᠲᠠ ᠵᠢᠨ 104 ᠰᠤᠷᠭ᠋ᠠᠭᠤᠯᠢ᠎ᠳᠤ ᠣᠷᠣᠯᠴᠠᠭᠰᠠᠨ ᠨᠢᠭᠡᠴᠢ ᠠᠷᠠᠳ᠎ᠤᠨ ᠪᠠᠶ᠋ᠢᠳᠠᠯ᠎ᠢ ᠶᠠᠷᠢᠯᠴᠠᠬᠤ ᠬᠤᠷᠠᠯ᠎ᠢ 200 ᠭᠠᠷᠤᠶ ᠤᠳᠠᠭ᠎ᠠ ᠬᠤᠷᠠᠯᠳᠤᠭᠤᠯᠵᠤ᠂  ᠣᠯᠠᠨ ᠠᠷᠭ᠎ᠠ ᠵᠠᠮ ᠵᠶ᠋ᠠᠷ 2000 ᠭᠠᠷᠤᠶ ᠵᠤᠷᠪᠤᠰ ᠠᠰᠠᠭᠤᠳᠠᠯ᠎ᠤᠨ ᠰᠠᠨᠠᠭᠤᠯᠭ᠎ᠠ ᠬᠤᠷᠢᠶᠠᠵᠤ᠂  ᠰᠢᠶᠠᠨ ᠭᠠᠵᠠᠷ᠎ᠤᠨ ᠲᠠᠰ᠎ᠤᠨ ᠤᠳᠤᠷᠢᠳᠬᠤ ᠪᠠᠭ᠂  ᠺᠠᠳ᠋ᠷ 《7 + 3》 ᠠᠷᠭ᠎ᠠ ᠮᠠᠶᠢᠭ ᠵᠶ᠋ᠠᠷ ᠳᠠᠮᠵᠢᠭᠤᠯᠤᠨ 8340 ᠠᠰᠠᠭᠤᠳᠠᠯ᠎ᠢ ᠪᠥᠬᠦ ᠰᠢᠰᠲ᠋ᠧᠮ ᠵᠶ᠋ᠠᠷ ᠵᠶ᠋ᠠᠨ ᠪᠠᠶ᠋ᠢᠴᠠᠭ᠋ᠠᠨ ᠳᠡᠯᠭᠡᠪᠡ᠃  ᠠᠰᠠᠭᠤᠳᠠᠯ᠎ᠤᠨ ᠨᠠᠷᠢᠨ ᠲᠠᠩᠰᠠ ᠵᠢ ᠬᠢᠨᠠᠨ ᠬᠠᠷᠭᠤᠭᠤᠯᠬᠤ ᠪᠣᠭᠤᠮᠲᠠ ᠵᠢ ᠡᠵᠡᠮᠳᠡᠬᠦ ᠲᠣᠭᠲᠠᠴᠠ ᠵᠢ ᠪᠠᠶ᠋ᠢᠭᠤᠯᠵᠤ᠂  ᠬᠤᠲᠠ ᠵᠢᠨ ᠨᠠᠮ᠎ᠤᠨ ᠬᠤᠷᠢᠶᠠᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ᠂  ᠠᠵᠢᠯ ᠲᠥᠷᠥᠯ᠎ᠤᠨ ᠰᠢᠰᠲ᠋ᠧᠮ᠎ᠤᠨ ᠨᠠᠮ (ᠠᠵᠤ ᠦᠢ᠍ᠯᠡᠳᠪᠦᠷᠢ)᠎ᠤᠨ ᠬᠤᠷᠢᠶ᠎ᠠ ᠪᠥᠬᠦ ᠬᠤᠲᠠ ᠵᠢᠨ ᠰᠤᠷᠭ᠋ᠠᠭᠤᠯᠢ᠎ᠳᠤ ᠣᠷᠣᠯᠴᠠᠭᠰᠠᠨ 104 ᠨᠢᠭᠡᠴᠢ ᠵᠢᠨ ᠠᠰᠠᠭᠤᠳᠠᠯ᠎ᠢ ᠪᠠᠶ᠋ᠢᠴᠠᠭ᠋ᠠᠨ ᠳᠡᠯᠭᠡᠵᠦ ᠪᠠᠶ᠋ᠢᠭ᠎ᠠ ᠪᠠᠶ᠋ᠢᠳᠠᠯ᠎ᠳᠤ 《ᠭᠤᠷᠪᠠ ᠵᠢ ᠬᠢᠨᠠᠵᠤ ᠭᠤᠷᠪᠠ ᠵᠢ ᠵᠥᠪᠯᠡᠬᠦ》 ᠠᠵᠢᠯ ᠬᠢᠵᠦ᠂ 《ᠳᠥᠷᠪᠡ ᠵᠢ ᠦᠵᠡᠬᠦ》 ᠪᠠᠷᠢᠮᠵᠢᠶ᠎ᠠ᠎ᠳᠤ ᠨᠡᠶ᠋ᠢᠴᠡᠬᠦ ᠥᠬᠡᠶ ᠠᠰᠠᠭᠤᠳᠠᠯ᠎ᠤᠨ ᠨᠠᠷᠢᠨ ᠲᠠᠩᠰᠠ ᠵᠢ ᠪᠦᠬᠦᠨ᠎ᠢ ᠵᠠᠰᠠᠪᠤᠷᠢ ᠣᠷᠣᠭᠤᠯᠵᠤ᠂  ᠨᠠᠷᠢᠨ ᠨᠢᠮᠪᠠᠶ ᠪᠠᠶ᠋ᠢᠴᠠᠭ᠋ᠠᠨ ᠳᠡᠯᠭᠡᠬᠦ ᠵᠢ ᠨᠢᠭᠡ ᠠᠯᠬᠤᠮ ᠰᠤᠯᠠᠷᠠᠭᠤᠯᠬᠤ ᠥᠬᠡᠶ ᠪᠠᠶ᠋ᠢᠬᠤ ᠵᠢ ᠪᠡᠶᠡᠯᠡᠭᠦᠯᠪᠡ᠃  ᠪᠣᠳᠠᠲᠠᠶ ᠱᠠᠭ᠋ᠠᠷᠳᠠᠯᠭ᠎ᠠ ᠵᠢ ᠴᠡᠭᠴᠡᠯᠡᠨ ᠰᠠᠶ᠋ᠢᠵᠢᠷᠠᠭᠤᠯᠬᠤ ᠪᠥᠬᠦ ᠶᠠᠪᠤᠴᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂  ᠣᠯᠠᠨ ᠲᠦᠮᠡᠨ᠎ᠤ ᠲᠤᠰᠬᠠᠯ ᠶᠡᠬᠡᠲᠡᠢ 204 ᠠᠰᠠᠭᠤᠳᠠᠯ᠎ᠳᠤ ᠳ᠋ᠧᠩ ᠠᠰᠠᠭ᠋ᠠᠵᠤ ᠰᠢᠪᠠᠳᠠᠨ ᠰᠢᠢ᠍ᠳᠪᠦᠷᠢᠯᠡᠭᠦᠯᠵᠦ᠂  ᠡᠭᠦᠨ᠎ᠳᠤ 135 ᠠᠰᠠᠭᠤᠳᠠᠯ᠎ᠢ ᠲᠡᠷᠡ ᠳᠠᠷᠤᠶ᠎ᠳᠤᠨᠢ ᠬᠡᠷᠡᠭᠵᠢᠭᠦᠯᠵᠦ ᠲᠡᠷᠡ ᠳᠠᠷᠤᠶ᠎ᠳᠤᠨᠢ ᠥᠭᠡᠷᠡᠴᠢᠯᠡᠪᠡ᠃ 8792 ᠨᠠᠮ᠎ᠤᠨ ᠭᠡᠰᠢᠭᠦᠨ ᠺᠠᠳ᠋ᠷ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ ᠲᠣᠭᠤᠷᠢᠭ᠎ᠲᠤ ᠣᠷᠣᠵᠤ᠂  ᠦᠨᠳᠦᠰᠦᠨ ᠱᠠᠲᠤᠨ᠎ᠳᠤ ᠪᠠᠭᠤᠵᠤ᠂  ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶ᠋ᠢᠭ᠎ᠠ 3800 ᠭᠠᠷᠤᠢ ᠠᠰᠠᠭᠤᠳᠠᠯ᠎ᠢ ᠦᠨᠡᠨ ᠪᠣᠳᠠᠲᠠᠢ ᠰᠢᠢ᠍ᠳᠪᠦᠷᠢᠯᠡᠵᠦ᠂  ᠤᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠦᠴᠦᠲᠡᠢ ᠬᠠᠷᠢᠭᠤᠯᠲᠠ ᠥᠭᠴᠦ᠂  ᠴᠡᠭᠴᠡᠯᠡᠨ ᠵᠠᠰᠠᠯᠲᠠ ᠵᠢ ᠭᠦᠨᠵᠡᠭᠡᠶ᠋ᠢᠷᠡᠭᠦᠯᠬᠦ᠎ᠳᠤ ᠥᠨᠴᠥᠭ ᠪᠤᠯᠤᠩ ᠦᠯᠡᠳᠡᠭᠡᠬᠦ ᠦᠭᠡᠢ ᠪᠠᠶ᠋ᠢᠬᠤ ᠵᠢ ᠪᠡᠶᠡᠯᠡᠭᠦᠯᠪᠡ᠃

   ᠲᠦᠩᠯᠢᠶᠣᠣ ᠬᠤᠳᠠ ᠵᠢᠨ᠎ᠬᠢᠨ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ᠂  ᠲᠦᠬᠦᠮ ᠪᠥᠭᠡᠳ ᠪᠣᠳᠠᠲᠠᠢ ᠵᠢ ᠡᠷᠬᠢᠮᠯᠡᠬᠦ ᠵᠢ ᠨᠢᠭᠡ ᠴᠣᠭᠴᠠᠵᠢᠭᠤᠯᠤᠨ ᠰᠤᠷᠤᠯᠴᠠᠬᠤ ᠵᠢ ᠪᠠᠢ᠌ᠴᠠᠭ᠋ᠠᠨ ᠰᠠᠢ᠌ᠵᠢᠷᠠᠭᠤᠯᠬᠤ ᠵᠢ ᠠᠬᠢᠭᠤᠯᠪᠠ᠃  ᠣᠯᠠᠨ ᠱᠠᠲᠤ ᠬᠠᠮᠲᠤᠷᠠᠨ ᠰᠤᠷᠤᠯᠴᠠᠵᠤ᠂  ᠲᠥᠪᠯᠡᠷᠡᠭᠦᠯᠦᠨ ᠨᠣᠮ ᠤᠩᠰᠢᠬᠤ᠂  ᠰᠤᠷᠤᠯᠴᠠᠵᠤ ᠰᠤᠳᠤᠯᠤᠨ ᠶᠠᠷᠢᠯᠴᠠᠬᠤ᠂  ᠲᠤᠰᠬᠠᠶ ᠰᠡᠳᠦᠪᠲᠦ ᠨᠠᠮ᠎ᠤᠨ ᠬᠢᠴᠢᠶᠡᠯ ᠣᠷᠣᠬᠤ ᠵᠡᠷᠭᠡ ᠵᠠᠩᠭᠢᠯᠠᠭ᠎ᠠ ᠵᠢᠨ ᠭᠤᠭᠴᠤᠭ᠎ᠠ ᠵᠢ ᠭᠤᠤᠯᠳᠠᠯᠭ᠎ᠠ᠎ᠲᠠᠢ ᠰᠠᠶ᠋ᠢᠲᠤᠷ ᠠᠳᠬᠤᠵᠤ᠂  ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠣᠮ ᠤᠩᠰᠢᠬᠤ ᠠᠩᠭᠢ ᠡᠷᠭᠢᠯᠡᠵᠦ᠂  ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠬᠠᠮᠲᠤ ᠵᠢᠨ ᠰᠤᠷᠤᠯᠴᠠᠯᠭ᠎ᠠ ᠵᠢ ᠥᠷᠨᠢᠭᠦᠯᠬᠦ ᠵᠢᠨ ᠬᠠᠮᠲᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃  ᠰᠢᠨ᠎ᠡ᠎ᠪᠠᠷ ᠳᠡᠪᠰᠢᠭᠦᠯᠬᠦ ᠺᠠᠳ᠋ᠷ᠂  ᠵᠠᠯᠠᠭᠤ ᠺᠠᠳ᠋ᠷ᠂  ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠤᠨ ᠲᠥᠯᠥᠪᠯᠡᠭᠡ᠎ᠳᠤ ᠨᠡᠶ᠋ᠢᠴᠡᠬᠦ ᠵᠢ ᠲᠣᠭᠲᠠᠭ᠋ᠠᠵᠤ᠂  ᠬᠤᠲᠠ ᠵᠢᠨ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃  ᠳᠡᠭᠡᠳᠦ ᠳᠣᠣᠷᠠᠳᠤ ᠱᠠᠲᠤ ᠬᠠᠮᠲᠤᠷᠠᠨ ᠪᠠᠶ᠋ᠢᠴᠠᠭ᠋ᠠᠬᠤ ᠵᠢ ᠨᠠᠷᠢᠨ ᠠᠳᠬᠤᠵᠤ᠂ 《7 + 3》 ᠠᠷᠭ᠎ᠠ ᠵᠠᠮ᠎ᠢ ᠭᠦᠢ᠍ᠴᠡᠳ ᠬᠡᠷᠡᠭᠯᠡᠨ᠂ 《ᠲᠠᠪᠤᠨ ᠶᠡᠭᠡ ᠡᠭᠦᠷᠭᠡ》 ᠪᠠ ᠠᠵᠢᠯ᠎ᠤᠨ ᠪᠣᠳᠠᠲᠤ ᠪᠠᠶ᠋ᠢᠳᠠᠯ᠂  ᠣᠯᠠᠨ ᠲᠦᠮᠡᠨ᠎ᠤ ᠰᠠᠨᠠᠯ ᠬᠤᠷᠢᠶᠠᠭᠰᠠᠨ ᠪᠠᠶ᠋ᠢᠳᠠᠯ᠎ᠢ ᠬᠤᠷᠢᠶᠠᠬᠤ ᠠᠷᠭ᠎ᠠ ᠮᠠᠶᠢᠭ ᠵᠶ᠋ᠠᠷ ᠪᠠᠶ᠋ᠢᠴᠠᠭ᠋ᠠᠨ ᠳᠡᠯᠭᠡᠵᠦ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠤᠳᠤᠷᠢᠳᠤᠯᠭ᠎ᠠ ᠵᠢᠨ ᠬᠠᠷᠢᠯᠴᠠᠬᠤ ᠴᠡᠭ ᠵᠡᠷᠭᠡ ᠳᠦᠷᠢᠮ᠎ᠢ ᠨᠠᠶ᠋ᠢᠳᠠᠪᠤᠷᠢᠵᠢᠭᠤᠯᠵᠤ᠂ 12371 ᠨᠠᠮ᠎ᠤᠨ ᠭᠡᠰᠢᠭᠦᠨ᠎ᠤ ᠠᠰᠠᠭᠤᠨ ᠯᠠᠪᠯᠠᠬᠤ ᠦᠢ᠍ᠯᠡᠴᠢᠯᠡᠭᠡᠨ᠎ᠤ ᠳ᠋ᠢᠶᠠᠩᠬᠤᠸᠠ᠂ 12345 ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠤᠲᠠᠰᠤ ᠵᠢ ᠰᠠᠭ᠋ᠠᠳ ᠦᠭᠡᠢ ᠨᠡᠪᠲᠡᠷᠡᠭᠦᠯᠵᠦ᠂  ᠠᠷᠠᠳ᠎ᠤᠨ ᠴᠢᠩ ᠰᠡᠳᠬᠢᠯ᠎ᠤᠨ ᠶᠠᠷᠢᠯᠴᠠᠭ᠎ᠠ᠂  ᠵᠠᠬᠢᠳᠠᠯ ᠰᠤᠷᠪᠤᠯᠵᠢᠯᠠᠯ᠂  ᠲᠥᠯᠥᠭᠡᠯᠡᠭᠴᠢ ᠵᠢ ᠤᠷᠢᠵᠤ ᠶᠠᠷᠢᠯᠴᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂  ᠥᠷᠭᠡᠨ ᠵᠶ᠋ᠠᠷ ᠰᠠᠨᠠᠯ ᠰᠠᠨᠠᠭᠤᠯᠭ᠎ᠠ ᠬᠤᠷᠢᠶᠠᠵᠤ᠂  ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ ᠤᠳᠤᠷᠢᠳᠬᠤ ᠪᠠᠭ 866 ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ ᠵᠢᠨ ᠬᠠᠮᠲᠤ ᠬᠥᠳᠡᠯᠦᠩᠭᠦᠢ᠎ᠪᠠᠷ ᠰᠢᠨᠡᠳᠬᠡᠪᠡ᠃

   ᠬᠠᠮᠵᠢᠯᠴᠠᠨ ᠬᠤᠯᠪᠣᠭ᠋ᠠᠯᠠᠨ ᠥᠭᠡᠷᠡᠴᠢᠯᠡᠬᠦ ᠵᠢ ᠴᠢᠩᠭ᠎ᠠ ᠠᠳᠬᠤᠵᠤ᠂  ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂  ᠪᠣᠳᠠᠲᠠᠢ᠎ᠲᠠᠢ᠎ᠪᠠᠨ ᠤᠶᠠᠯᠳᠤᠭᠤᠯᠵᠤ᠂  ᠴᠡᠭᠴᠡᠯᠡᠨ ᠵᠠᠰᠠᠬᠤ ᠲᠦᠷᠦᠯ ᠵᠦᠢ᠍ᠯ᠎ᠢ ᠰᠤᠳᠤᠯᠤᠨ ᠵᠠᠳᠠᠯᠵᠤ ᠲᠣᠭᠲᠠᠭ᠋ᠠᠨ᠎ᠠ᠃  ᠡᠯ᠎ᠡ ᠭᠠᠵᠠᠷ ᠡᠯ᠎ᠡ ᠨᠢᠭᠡᠴᠢ ᠵᠢᠨ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂  ᠬᠤᠯᠪᠣᠭᠳᠠᠯ ᠪᠥᠬᠦᠶ ᠲᠦᠷᠢᠮ ᠲᠣᠭᠲᠠᠭ᠋ᠠᠯ᠎ᠢ ᠬᠠᠨᠳᠤᠯᠭ᠋ᠠᠲᠤ ᠴᠢᠨᠠᠷᠲᠠᠶ᠎ᠪᠠᠷ ᠲᠡᠭᠦᠯᠳᠡᠷᠵᠢᠭᠦᠯᠦᠨ᠂  ᠰᠢᠶᠠᠨ ᠭᠠᠵᠠᠷ᠎ᠤᠨ ᠲᠠᠰ᠎ᠠᠴᠠ ᠳᠡᠭᠡᠭᠰᠢᠬᠢ ᠤᠳᠤᠷᠢᠳᠬᠤ ᠪᠠᠭ᠎ᠢ ᠨᠢᠭᠡᠨᠲᠡ 253 ᠠᠰᠠᠭᠤᠳᠠᠯ᠎ᠢ ᠪᠣᠳᠠᠲᠠᠶ ᠴᠡᠭᠴᠡᠯᠡᠨ ᠰᠠᠶ᠋ᠢᠵᠢᠷᠠᠭᠤᠯᠪᠠ᠃

   ᠰᠢᠯᠢ ᠵᠢᠨ ᠭᠤᠤᠯ ᠠᠶ᠋ᠢᠮᠠᠭ᠎ᠨᠢ ᠰᠤᠷᠤᠯᠴᠠᠯᠭ᠎ᠠ ᠬᠥᠮᠦᠵᠢᠯ᠎ᠢ ᠨᠢᠭᠡᠨ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠪᠣᠯᠭ᠋ᠠᠵᠤ᠂  ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠤᠨ᠎ᠠ᠃  ᠣᠳᠣᠬᠠᠨ ᠪᠣᠯᠲᠠᠯ᠎ᠠ᠂  ᠨᠣᠮ ᠤᠩᠰᠢᠬᠤ ᠠᠩᠭᠢ ᠵᠢ ᠨᠡᠶ᠋ᠢᠲᠡ 934 ᠬᠤᠭᠤᠴᠠᠭ᠎ᠠ᠂  ᠣᠨᠣᠯ ᠰᠤᠷᠤᠯᠴᠠᠬᠤ ᠭᠤᠤᠯ ᠳᠤᠭᠤᠶ᠋ᠢᠯᠠᠩ 1165 ᠤᠳᠠᠭ᠎ᠠ᠂  ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠵᠣᠬᠢᠶᠠᠨ ᠪᠠᠶ᠋ᠢᠭᠤᠯᠤᠯᠲᠠ ᠵᠢᠨ 《ᠭᠤᠷᠪᠠᠨ ᠬᠤᠷᠠᠯ ᠨᠢᠭᠡ ᠬᠢᠴᠢᠶᠡᠯ》 ᠪᠠ ᠭᠤᠤᠯ ᠰᠡᠳᠦᠪᠲᠦ ᠨᠠᠮ᠎ᠤᠨ ᠡᠳᠦᠷ᠎ᠢ 8266 ᠤᠳᠠᠭ᠎ᠠ ᠡᠷᠭᠢᠯᠡᠵᠦ᠂ 1021 ᠤᠳᠠᠭ᠎ᠠ ᠰᠤᠳᠤᠯᠤᠨ ᠶᠠᠷᠢᠯᠴᠠᠵᠤ ᠰᠣᠯᠢᠯᠴᠠᠪᠠ᠃  ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠲᠣᠪᠣᠶ᠋ᠢᠮ᠎ᠠ ᠰᠠᠶ᠋ᠢᠲᠤᠷ ᠠᠳᠬᠤᠵᠤ᠂  ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ ᠵᠢᠨ ᠳᠤᠭᠤᠶ᠋ᠢᠯᠠᠩ᠎ᠳᠤ ᠲᠦᠰᠢᠭᠯᠡᠨ 1242 ᠤᠳᠠᠭ᠎ᠠ ᠰᠤᠷᠤᠯᠴᠠᠯᠭ᠎ᠠ ᠥᠷᠨᠢᠭᠦᠯᠪᠡ᠃  ᠠᠶ᠋ᠢᠮᠠᠭ᠎ᠤᠨ ᠱᠠᠲᠤᠨ᠎ᠤ ᠤᠳᠤᠷᠢᠳᠬᠤ ᠺᠠᠳ᠋ᠷ ᠲᠦᠷᠦᠭᠦᠯᠡᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ ᠰᠠᠨᠠᠯ ᠰᠠᠨᠠᠭᠤᠯᠭ᠎ᠠ ᠵᠢ ᠰᠣᠨᠣᠰᠴᠤ᠂  ᠪᠥᠬᠦ ᠠᠶ᠋ᠢᠮᠠᠭ᠎ᠤᠨ ᠰᠢᠶᠠᠨ ᠭᠠᠵᠠᠷ᠎ᠤᠨ ᠲᠠᠰ ᠵᠢᠴᠢ ᠲᠡᠭᠦᠨ᠎ᠠᠴᠠ ᠳᠡᠭᠡᠭᠰᠢᠬᠢ ᠤᠳᠤᠷᠢᠳᠬᠤ ᠪᠠᠭ ᠪᠠ ᠤᠳᠤᠷᠢᠳᠬᠤ ᠺᠠᠳ᠋ᠷ᠎ᠢ ᠬᠥᠲᠥᠯᠦᠨ ᠵᠢᠯᠣᠭᠤᠳᠴᠤ ᠪᠠᠶ᠋ᠢᠭ᠋ᠠᠳ 7 ᠵᠦᠢ᠍ᠯ᠎ᠤᠨ ᠠᠷᠭ᠎ᠠ ᠵᠠᠮ᠂ 3 ᠵᠦᠢ᠍ᠯ᠎ᠤᠨ ᠠᠷᠭ᠎ᠠ ᠵᠠᠮ ᠵᠶ᠋ᠠᠷ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠳᠡᠯᠭᠡᠪᠡ᠃  ᠡᠭᠦᠳᠡ᠎ᠪᠠᠨ ᠨᠡᠭᠡᠭᠡᠬᠦ ᠬᠥᠮᠦᠵᠢᠯ᠎ᠢ ᠪᠠᠷᠢᠮᠲᠠᠯᠠᠵᠤ᠂  ᠨᠠᠮ᠎ᠤᠨ ᠭᠡᠰᠢᠭᠦᠨ᠎ᠤ ᠭᠤᠣᠯᠳᠠᠯᠭ᠋ᠠᠲᠤ ᠡᠷᠦᠬᠡ᠂ 《ᠤᠯᠠᠭ᠋ᠠᠨ ᠪᠢᠴᠢᠭ᠎ᠤᠨ ᠪᠣᠭᠴᠣ》 ᠵᠢ ᠰᠤᠷᠭ᠋ᠠᠭᠤᠯᠢ᠎ᠳᠤ ᠬᠦᠷᠭᠡᠵᠦ ᠲᠤᠰᠠᠯᠠᠬᠤ᠂ 《ᠬᠤᠶᠠᠷ᠎ᠢ ᠣᠷᠣᠭᠤᠯᠵᠤ ᠬᠤᠶᠠᠷ᠎ᠢ ᠦᠢ᠍ᠯᠡᠴᠢᠯᠡᠬᠦ》 ᠵᠡᠷᠭᠡ ᠠᠴᠢᠶᠠᠯᠠᠪᠤᠷᠢ᠎ᠲᠠᠢ ᠤᠶᠠᠯᠳᠤᠭᠤᠯᠵᠤ᠂  ᠠᠷᠠᠳ᠎ᠤᠨ ᠪᠠᠶ᠋ᠢᠳᠠᠯ᠎ᠢ ᠥᠷᠭᠡᠨ ᠳᠡᠯᠭᠡᠷ ᠭᠦᠨᠵᠡᠭᠡᠢ ᠣᠶ᠋ᠢᠯᠠᠭ᠋ᠠᠵᠤ᠂  ᠠᠷᠠᠳ᠎ᠤᠨ ᠰᠠᠨᠠᠭ᠎ᠠ ᠵᠢ ᠰᠣᠨᠣᠰᠪᠠ᠃ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠂  ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠴᠤᠪᠤᠷᠠᠯ ᠵᠢᠷᠤᠭ》᠎ᠢ ᠲᠣᠭᠲᠠᠭ᠋ᠠᠵᠤ᠂  ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠯᠪᠡᠷᠢ ᠵᠢ ᠲᠠᠰ ᠳᠠᠪᠬᠤᠷᠭ᠎ᠠ᠂  ᠲᠥᠷᠥᠯ ᠬᠤᠪᠢᠶᠠᠨ ᠲᠣᠳᠣᠷᠬᠠᠶ ᠪᠣᠯᠭ᠋ᠠᠨ᠎ᠠ᠃  ᠳᠠᠷᠤᠶ᠋ᠢᠬᠠᠨ ᠴᠡᠭᠴᠡᠯᠡᠨ ᠰᠠᠶ᠋ᠢᠵᠢᠷᠠᠭᠤᠯᠵᠤ ᠳᠡᠶ᠋ᠢᠯᠬᠦ ᠠᠰᠠᠭᠤᠳᠠᠯ᠎ᠢ ᠲᠡᠷᠡ ᠳᠠᠷᠤᠶ᠎ᠳᠤᠨᠢ ᠣᠯᠵᠤ ᠮᠡᠳᠡᠮᠡᠭᠴᠡ ᠰᠠᠶ᠋ᠢᠵᠢᠷᠠᠭᠤᠯᠵᠤ᠂  ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠬᠡᠷᠡᠭᠲᠡᠶ; ᠲᠦᠷ ᠴᠠᠭ ᠰᠢᠢ᠍ᠳᠪᠦᠷᠢᠯᠡᠬᠦ᠎ᠳᠤ ᠪᠡᠷᠬᠡᠲᠡᠶ ᠠᠰᠠᠭᠤᠳᠠᠯ᠎ᠳᠤ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠬᠤ᠎ᠪᠠᠷ ᠬᠠᠷᠠᠯᠲᠠ ᠪᠣᠯᠭ᠋ᠠᠵᠤ᠂ 《ᠨᠠᠷᠢᠨ ᠲᠠᠩᠰᠠᠵᠢᠭᠤᠯᠬᠤ》 ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ; ᠤᠯᠠᠨ ᠲᠦᠮᠡᠨ᠎ᠤ ᠲᠤᠰᠬᠠᠯ ᠴᠢᠩᠭ᠎ᠠ᠂  ᠲᠠᠬᠢᠨ ᠳᠠᠪᠲᠠᠨ ᠢᠯᠡᠷᠡᠭᠰᠡᠨ ᠲᠤᠪᠤᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠳᠤ ᠣᠷᠣᠭᠤᠯᠵᠤ᠂  ᠳ᠋ᠤᠭ᠋ᠠᠷ᠎ᠢ᠎ᠨᠢ ᠬᠦᠴᠦᠨ ᠦᠭᠡᠢ ᠪᠣᠯᠭ᠋ᠠᠬᠤ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠄ ᠪᠣᠳᠠᠲᠠᠶ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ
ᠥᠪᠥᠷ ᠮᠣᠩᠭᠣᠯ᠎ᠤᠨ 3.9 ᠲᠦᠮᠡᠨ ᠠᠵᠢᠯ ᠦᠢ᠍ᠯᠡᠰ᠎ᠤᠨ ᠨᠢᠭᠡᠴᠢ ᠵᠢᠨ ᠠᠯᠪᠠᠨ ᠦᠢ᠍ᠯᠡᠴᠢᠯᠡᠭᠡ ᠵᠢᠨ ᠤᠷ᠎ᠠ ᠮᠡᠷᠭᠡᠰᠢᠯ᠎ᠤᠨ ᠠᠵᠢᠯᠲᠠᠨ ᠠᠵᠢᠯ᠎ᠤᠨ ᠪᠠᠶ᠋ᠢᠷᠢ᠎ᠳᠤ ᠳᠡᠪᠰᠢᠪᠡ
ᠰᠦᠨ ᠱᠤᠤ ᠴᠧᠩ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ
ᠥᠪᠥᠷ ᠮᠣᠩᠭᠤᠯ 19 ᠵᠦᠢ᠍ᠯ᠎ᠤᠨ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠪᠠ
ᠱᠧᠩ ᠰᠢᠶᠣᠣ ᠶᠢᠥ ᠣᠷᠳᠣᠰ ᠬᠤᠲᠠ ᠵᠢᠨ ᠭᠤᠤᠯ᠎ᠤᠨ ᠵᠠᠮ᠎ᠢ ᠲᠦᠷᠢᠮᠡᠬᠡᠶ᠋ᠢᠯᠡᠨ ᠡᠵᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠶ ᠵᠢᠨ ᠭᠠᠵᠠᠷ᠎ᠲᠤᠨᠢ ᠬᠢᠨᠠᠨ ᠵᠢᠯᠣᠭᠤᠳᠪᠠ
 
            