ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠣᠷᠳᠣᠰ ᠬᠤᠳᠠ᠎ᠳᠤ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-12

  5 ᠰᠠᠷ᠎ᠠ ᠵᠢᠨ 11᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠣᠷᠳᠣᠰ ᠬᠤᠳᠠ ᠵᠢᠨ ᠲᠠᠯᠠᠳ ᠬᠣᠰᠢᠭᠤ ᠂ ᠬᠠᠩᠭᠢᠨ ᠬᠣᠰᠢᠭᠤᠨ᠎ᠳᠤ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠢᠴᠠ ᠵᠢᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠪᠠ ᠃


微信图片_20250512094740.jpg


   ᠰᠦᠨ ᠱᠤᠤ ᠴᠧᠩ ᠡᠩ ᠲᠡᠷᠢᠭᠦᠨ᠎ᠳᠤ ᠳᠠᠯᠠᠳ ᠬᠣᠰᠢᠭᠤᠨ᠎ᠤ ᠵᠤᠤ ᠵᠢᠶᠦ᠋ᠨ ᠪᠠᠯᠭ᠋ᠠᠰᠤᠨ᠎ᠤ ᠪᠠᠶᠠᠨᠰᠠᠷᠭᠦᠯᠡᠩ ᠭᠠᠴᠠᠭ᠎ᠠ᠎ᠳᠤ ᠬᠦᠷᠴᠦ ᠂ 《  ᠵᠠᠮ ᠵᠶ᠋ᠠᠷ ᠡᠯᠡᠰᠦ ᠵᠢ ᠵᠠᠰᠠᠬᠤ 》 ᠲᠦᠷᠦᠯ ᠵᠦᠢ᠍ᠯ᠎ᠤᠨ ᠣᠷᠣᠨ ᠪᠣᠯᠣᠨ ᠬᠠᠷᠠᠢ ᠭᠤᠤ ᠬᠥᠨᠳᠡᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠣᠷᠣᠨ᠎ᠳᠤ ᠬᠦᠷᠴᠦ ᠂ ᠲᠦᠷᠦᠯ ᠵᠦᠢ᠍ᠯ᠎ᠤᠨ ᠠᠬᠢᠴᠠ ᠪᠣᠯᠣᠨ ᠦᠷ᠎ᠡ ᠪᠦᠲᠦᠮᠵᠢ ᠵᠢ ᠪᠠᠢ᠌ᠴᠠᠭ᠋ᠠᠨ ᠦᠵᠡᠭᠰᠡᠨ ᠪᠥᠭᠡᠳ ᠲᠤᠬᠠᠢ ᠵᠢᠨ ᠲᠠᠯᠠᠪᠠᠢ ᠵᠢᠨ ᠺᠠᠳ᠋ᠷ ᠤᠯᠠᠨ ᠲᠦᠮᠡᠨ᠎ᠲᠠᠢ ᠰᠠᠨᠠᠯ ᠵᠶ᠋ᠠᠨ ᠰᠣᠯᠢᠯᠴᠠᠪᠠ ᠃ ᠲᠡᠷᠡ ᠂ ᠣᠷᠳᠣᠰ ᠬᠤᠳᠠ ᠵᠢᠨ᠎ᠬᠢᠨ ᠶᠡᠷᠦᠩᠬᠡᠢ ᠱᠦᠵᠢ ᠰᠢ  ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠭᠡᠷᠡᠯᠴᠢ ᠴᠡᠨᠡᠭ ᠵᠶ᠋ᠡᠷ ᠡᠯᠡᠰᠦ ᠵᠢ ᠵᠠᠰᠠᠬᠤ ᠂ ᠵᠠᠮ ᠵᠶ᠋ᠠᠷ ᠡᠯᠡᠰᠦ ᠵᠢ ᠵᠠᠰᠠᠬᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠡᠯᠡᠰᠦ ᠵᠢ ᠵᠠᠰᠠᠬᠤ ᠂ ᠢᠨᠵᠧᠨᠧᠷᠢᠩ ᠵᠶ᠋ᠡᠷ ᠡᠯᠡᠰᠦ ᠵᠢ ᠵᠠᠰᠠᠬᠤ ᠵᠢ ᠠᠬᠢᠭᠤᠯᠵᠤ ᠂ ᠠᠷᠪᠠᠨ ᠶᠡᠬᠡ ᠬᠥᠨᠳᠡᠢ ᠵᠢᠨ ᠶᠡᠷᠦᠩᠬᠡᠢ᠌ᠯᠡᠭᠰᠡᠨ ᠵᠠᠰᠠᠯᠲᠠ ᠵᠢ ᠰᠠᠢ᠌ᠲᠤᠷ ᠠᠳᠬᠤᠵᠤ ᠂ ᠨᠣᠭᠣᠭ᠋ᠠᠷᠠᠭᠤᠯᠤᠯᠲᠠ ᠵᠢᠨ ᠪᠦᠰᠡ ᠂ ᠨᠦᠯᠦᠮᠡᠯ ᠭᠠᠵᠠᠷ᠎ᠤᠨ ᠬᠠᠰᠢᠯᠭ᠎ᠠ ᠂ ᠭᠡᠷᠡᠯᠴᠢ ᠴᠡᠨᠡᠭ ᠵᠶ᠋ᠡᠷ ᠡᠯᠡᠰᠦ ᠵᠢ ᠵᠠᠰᠠᠬᠤ ᠪᠦᠰᠡ ᠂ ᠡᠯᠡᠰᠦᠨ ᠴᠥᠯ᠎ᠢ ᠡᠮᠵᠢᠶᠡᠷᠢᠯᠡᠬᠦ ᠤᠢ ᠵᠢᠨ 《ᠲᠦᠷᠪᠡᠨ ᠰᠡᠷᠭᠡᠢ᠌ᠯᠡᠯᠲᠡ ᠵᠢᠨ ᠱᠤᠭᠤᠮ 》᠎ᠢ ᠪᠡᠬᠢᠵᠢᠭᠦᠯᠵᠦ ᠂ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠬᠤ ᠬᠡᠷᠡᠭᠲᠡᠢ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ ᠂ ᠮᠠᠰᠢᠨ ᠵᠶ᠋ᠠᠷ ᠡᠯᠡᠰᠦ ᠵᠢ ᠵᠠᠰᠠᠬᠤ ᠡᠷᠴᠢᠮ ᠵᠶ᠋ᠡᠨ ᠴᠢᠩᠭ᠋ᠠᠷᠠᠭᠤᠯᠵᠤ ᠂ ᠢᠯᠡᠭᠦᠬᠡᠨ ᠠᠷᠭ᠎ᠠ ᠪᠤᠳᠤᠵᠤ ᠪᠠᠢ᠌ᠭ᠋ᠠᠳ ᠡᠯᠡᠰᠦ ᠵᠢ ᠵᠠᠰᠠᠬᠤ ᠥᠪᠡᠷ᠎ᠤᠨ ᠦᠷᠳᠡᠭ᠎ᠢ ᠪᠠᠭᠤᠷᠠᠭᠤᠯᠵᠤ ᠂ ᠡᠯᠡᠰᠦ ᠵᠢ ᠵᠠᠰᠠᠬᠤ ᠪᠡᠯᠡ ᠮᠥᠩᠭᠥ ᠵᠢ ᠬᠡᠷᠡᠭᠯᠡᠬᠦ ᠦᠷ᠎ᠡ ᠠᠰᠢᠭ᠎ᠢ ᠴᠢᠷᠮᠠᠢ᠌ᠨ ᠳᠡᠭᠡᠭᠰᠢᠯᠡᠭᠦᠯᠭᠦ ᠬᠡᠷᠡᠭᠲᠡᠢ  ᠭᠡᠵᠡᠢ ᠃ ᠬᠠᠩᠭᠢᠨ ᠬᠣᠰᠢᠭᠤᠨ᠎ᠤ ᠳᠤᠭᠤᠢ᠌ᠳᠠᠯ᠎ᠠ ᠪᠠᠯᠭ᠋ᠠᠰᠤ ᠵᠢᠨ ᠰᠢᠷᠠᠵᠤᠤ ᠭᠠᠴᠠᠭ᠎ᠠ᠎ᠳᠤ ᠂ ᠰᠦᠨ ᠱᠤᠤ ᠴᠧᠩ ᠤᠷᠭᠤᠮᠠᠯ᠎ᠤᠨ ᠬᠤᠴᠢᠯᠭ᠎ᠠ ᠵᠢᠨ ᠪᠠᠢ᠌ᠳᠠᠯ᠎ᠢ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠵᠦ ᠂ ᠬᠥᠪᠴᠢ ᠵᠢᠨ ᠡᠯᠡᠰᠦᠨ᠎ᠤ ᠬᠣᠢ᠌ᠲᠤ ᠭᠦᠪᠡᠭᠡ ᠵᠢ ᠡᠮᠵᠢᠶᠡᠷᠢᠯᠡᠬᠦ ᠤᠢ ᠰᠢᠭᠤᠢ ᠡᠪᠡᠰᠦᠨ᠎ᠤ  ᠪᠦᠰᠡ ᠵᠢᠨ ᠪᠠᠢ᠌ᠷᠢᠰᠢᠭᠤᠯᠤᠯᠲᠠ ᠪᠠ ᠬᠠᠳᠤᠨ ᠭᠣᠣᠯ᠎ᠳᠤ ᠤᠷᠤᠰᠤᠨ ᠣᠷᠣᠬᠤ ᠡᠯᠡᠰᠦ ᠪᠠᠭ᠋ᠠᠰᠤᠭᠰᠠᠨ ᠂ ᠠᠮᠢ ᠠᠬᠤᠢ ᠵᠢᠨ ᠤᠰᠤ ᠬᠡᠷᠡᠭᠯᠡᠬᠦ ᠪᠠᠲᠤᠯᠠᠭ᠎ᠠ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠣᠢ᠌ᠯᠠᠭ᠋ᠠᠪᠠ ᠃ ᠲᠡᠷᠡ ᠂ ᠬᠥᠪᠴᠢ ᠵᠢᠨ ᠡᠯᠡᠰᠦᠨ᠎ᠤ ᠬᠣᠢ᠌ᠲᠤ ᠭᠦᠪᠡᠭᠡ ᠬᠠᠳᠤᠨ ᠭᠣᠣᠯ᠎ᠲᠠᠢ ᠬᠥᠷᠰᠢᠯᠡᠵᠦ ᠪᠠᠢ᠌ᠨ᠎ᠠ ᠂ ᠡᠯᠡᠰᠦᠨ ᠴᠥᠯ᠎ᠢ ᠡᠮᠵᠢᠶᠡᠷᠢᠯᠡᠬᠦ ᠤᠢ ᠰᠢᠭᠤᠢ ᠡᠪᠡᠰᠦᠨ᠎ᠤ ᠪᠦᠰᠡ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠂ ᠴᠢᠬᠢ ᠮᠣᠳᠣᠨ᠎ᠤ ᠡᠳᠡᠭᠡᠷᠡᠯᠲᠡ ᠵᠢᠨ ᠨᠤᠷᠮ᠎ᠠ ᠵᠢ ᠳᠡᠭᠡᠭᠰᠢᠯᠡᠭᠦᠯᠭᠦ ᠲᠠᠯ᠎ᠠ᠎ᠪᠠᠷ ᠬᠦᠴᠦ ᠲᠠᠯᠪᠢᠵᠤ ᠂ ᠰᠠᠯᠬᠢ ᠵᠢ ᠰᠡᠷᠭᠡᠢ᠌ᠯᠡᠵᠦ ᠡᠯᠡᠰᠦ ᠵᠢ ᠲᠣᠭᠲᠠᠪᠤᠷᠢᠵᠢᠭᠤᠯᠬᠤ ᠂ ᠡᠯᠡᠰᠦ ᠮᠠᠩᠬ᠎ᠠ ᠵᠢᠨ ᠭᠣᠣᠯ᠎ᠳᠤ ᠣᠷᠣᠬᠤ ᠵᠢ ᠬᠣᠷᠢᠭᠯᠠᠬᠤ ᠲᠠᠯ᠎ᠠ᠎ᠪᠠᠷ ᠨᠡᠩ ᠶᠡᠬᠡ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠶᠡᠬᠡ᠎ᠪᠠᠷ ᠳᠡᠯᠭᠡᠷᠡᠭᠦᠯᠵᠦ ᠂ ᠲᠤᠬᠠᠢ ᠵᠢᠨ ᠭᠠᠵᠠᠷ᠎ᠤᠨ ᠤᠯᠠᠨ ᠲᠦᠮᠡᠨ᠎ᠢ ᠨᠡᠩ ᠰᠠᠢ᠌ᠲᠤᠷ ᠲᠠᠢ᠌ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ ᠃


微信图片_20250512094742.jpg


   ᠡᠩᠬᠡᠪᠡᠢ ᠵᠢᠨ  ᠡᠯᠡᠰᠦ ᠮᠠᠩᠬᠠᠨ ᠮᠦᠽᠧᠢ ᠪᠣᠯ ᠮᠠᠨ᠎ᠤ ᠤᠯᠤᠰ᠎ᠤᠨ ᠠᠩᠬᠠᠳᠠᠭᠴᠢ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ᠎ᠪᠠᠷ ᠭᠣᠣᠯ ᠰᠡᠳᠦᠪ ᠪᠤᠯᠭ᠋ᠠᠬᠰᠠᠨ ᠶᠡᠷᠦᠩᠬᠡᠢ᠌ᠯᠡᠭᠰᠡᠨ ᠴᠢᠨᠠᠷᠲᠠᠢ ᠮᠦᠽᠧᠢ ᠪᠣᠯᠣᠨ᠎ᠠ ᠃ ᠰᠦᠨ ᠱᠤᠤ ᠴᠧᠩ ᠡᠨᠳᠡ ᠡᠯ᠎ᠡ ᠦᠵᠡᠭᠦᠯᠭᠡ ᠵᠢᠨ ᠲᠣᠭᠣᠷᠢᠭ᠎ᠢ ᠳᠠᠷᠠᠭ᠋ᠠᠯᠠᠨ ᠲᠣᠭᠣᠷᠢᠨ ᠦᠵᠡᠵᠦ ᠂ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠲᠡᠦᠬᠡ ᠵᠢᠨ ᠤᠯᠠᠷᠢᠯ ᠬᠤᠪᠢᠰᠤᠯ ᠂ ᠤᠨᠤᠯ᠎ᠤᠨ ᠦᠷ᠎ᠡ ᠪᠦᠲᠦᠭᠡᠯ ᠪᠣᠯᠣᠨ ᠦᠢ᠍ᠯᠡᠳᠦᠯᠭᠡ ᠵᠢᠨ ᠲᠤᠷᠰᠢᠯᠭ᠎ᠠ ᠵᠢ ᠣᠢ᠌ᠯᠠᠭ᠋ᠠᠪᠠ ᠃ ᠲᠡᠷᠡ ᠂ ᠪᠢᠳᠡᠨ᠎ᠤ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠴᠥᠭᠡᠨ ᠪᠤᠰᠤ ᠰᠠᠢ᠌ᠨ ᠲᠤᠷᠰᠢᠯᠭ᠎ᠠ ᠰᠠᠢ᠌ᠨ ᠠᠷᠭ᠎ᠠ ᠬᠢᠳᠡᠯ᠎ᠢ ᠪᠦᠷᠢᠯᠳᠦᠭᠦᠯᠵᠡᠢ ᠂ ᠨᠠᠷᠢᠨ ᠬᠢᠨᠠᠮᠠᠭ᠋ᠠᠢ ᠳ᠋ᠦᠩᠨᠡᠵᠦ ᠂ ᠴᠠᠭ ᠲᠤᠬᠠᠢ᠎ᠳᠤᠨᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ ᠃ ᠥᠪᠥᠷ ᠮᠣᠩᠭᠣᠯ᠎ᠤᠨ ᠡᠯᠡᠰᠦ ᠵᠢ ᠵᠠᠰᠠᠭᠰᠠᠨ ᠦᠯᠢᠭᠡᠷ᠎ᠢ ᠰᠠᠢ᠌ᠲᠤᠷ   ᠶᠠᠷᠢᠵᠤ ᠂ ᠦᠶ᠎ᠡ ᠦᠶ᠎ᠡ ᠵᠢᠨ ᠬᠥᠮᠥᠰ᠎ᠤᠨ ᠬᠠᠲᠠᠭᠤᠵᠢᠯᠲᠠᠢ᠎ᠪᠠᠷ ᠡᠯᠡᠰᠦ ᠵᠢ ᠵᠠᠰᠠᠭᠰᠠᠨ ᠲᠡᠦᠬᠡᠨ ᠶᠠᠪᠤᠴᠠ ᠵᠢ ᠰᠠᠢ᠌ᠲᠤᠷ ᠳᠡᠯᠭᠡᠨ ᠦᠵᠡᠭᠦᠯᠵᠦ ᠂ ᠨᠡᠩ ᠤᠯᠠᠨ ᠡᠬᠢ ᠪᠠᠶᠠᠯᠢᠭ ᠬᠦᠴᠦᠨ ᠴᠢᠳᠠᠯ᠎ᠢ ᠳᠠᠢ᠌ᠴᠢᠯᠠᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠦᠢ᠍ᠯᠡᠰ᠎ᠲᠤ ᠣᠷᠣᠯᠴᠠᠭᠤᠯᠬᠤ ᠬᠡᠷᠡᠭᠲᠡᠢ ᠭᠡᠵᠡᠢ ᠃


微信图片_202505120947421.jpg


   ᠢᠦᠢ ᠯᠢ ᠰᠢᠨ ᠠᠵᠢᠯᠯᠠᠭ᠎ᠠ᠎ᠳᠤ ᠣᠷᠣᠯᠴᠠᠪᠠ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠤᠰᠤᠨ ᠠᠰᠢᠭᠯᠠᠯᠲᠠ ᠵᠢᠨ ᠶᠠᠮᠤᠨ ᠡᠮᠦᠨᠡᠲᠦ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠨ ᠠᠷᠭ᠋ᠠᠴᠠᠭ᠋ᠠᠬᠤ ᠠᠵᠢᠯ᠎ᠢ ᠪᠠᠶ᠋ᠢᠷᠢᠯᠠᠭᠤᠯᠪᠠ
ᠨᠢᠭᠡᠳᠦᠭᠡᠷ ᠤᠯᠠᠷᠢᠯ᠎ᠳᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠨᠢ 20%᠎ᠪᠠᠷ ᠨᠡᠮᠡᠭᠳᠡᠪᠡ᠂ ᠥᠪᠥᠷ ᠮᠣᠩᠭᠤᠯ ᠴᠢᠬᠤᠯᠠ ᠶᠡᠭᠡ ᠲᠥᠷᠥᠯ ᠵᠦᠢ᠍ᠯ᠎ᠤᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠨᠢᠭᠲᠠᠷᠠᠭᠤᠯᠪᠠ
ᠭᠣᠣᠯᠳᠠᠯᠭ᠎ᠠ᠎ᠲᠠᠢ ᠬᠢᠨᠠᠨ ᠬᠡᠮᠵᠢᠭᠰᠡᠨ 358 ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠨᠣᠷᠮ᠎ᠠ᠎ᠨᠢ ᠨᠡᠶ᠋ᠢᠲᠡ 15.77 ᠳ᠋ᠦᠩᠰᠢᠭᠤᠷ ᠲᠥᠭᠥᠷᠢᠭ᠎ᠲᠤ ᠬᠦᠷᠴᠦ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠥᠪᠥᠷ ᠮᠣᠩᠭᠣᠯ᠎ᠤᠨ ᠬᠡᠷᠡᠭᠯᠡᠭᠡᠨ᠎ᠤ ᠬᠠᠯᠠᠭᠤᠷᠠᠯ᠎ᠤᠨ ᠬᠦᠴᠦᠨ᠎ᠢ ᠨᠡᠮᠡᠭᠳᠡᠭᠦᠯᠪᠡ
 
            