ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠧᠩ ᠰᠢᠶᠣᠣ ᠶᠢᠥ ᠲᠦᠩᠯᠢᠶᠣᠤ ᠬᠤᠲᠠ ᠵᠢᠨ ᠤᠰᠤᠲᠤᠯ᠎ᠢ ᠵᠠᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-09

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂  ᠵᠠᠰᠠᠭ᠎ᠤᠨ ᠣᠷᠳᠣᠨ᠎ᠤ ᠭᠤᠤᠯ ᠤᠳᠤᠷᠢᠳᠤᠯᠭ᠎ᠠ ᠲᠦᠩᠯᠢᠶᠣᠤ ᠬᠤᠲᠠ ᠵᠢᠨ ᠬᠡᠰᠡᠭ ᠭᠠᠵᠠᠷ ᠣᠷᠣᠨ᠎ᠤ ᠤᠰᠤᠲᠤᠯ᠎ᠤᠨ ᠪᠠᠶ᠋ᠢᠳᠠᠯ᠎ᠤᠨ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂  ᠤᠰᠤᠲᠤᠯ᠎ᠤᠨ ᠣᠷᠣᠨ᠎ᠤ ᠤᠰᠤᠲᠤᠯ᠎ᠢ ᠵᠠᠯᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 7᠎ᠤ ᠡᠳᠦᠷ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂  ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠲᠦᠩᠯᠢᠶᠣᠤ ᠬᠤᠲᠠ ᠵᠢᠨ ᠬᠤᠷᠴᠢᠨ ᠵᠡᠭᠦᠨ ᠭᠠᠷᠤᠨ ᠬᠤᠶ᠋ᠢᠲᠤ ᠬᠤᠰᠢᠭᠤᠨ᠎ᠤ ᠭᠠᠨᠵᠤᠭ᠎ᠠ ᠪᠠᠯᠭ᠋ᠠᠰᠤᠨ᠎ᠳᠤ ᠬᠦᠷᠴᠦ ᠲᠤᠬᠠᠶ ᠵᠢᠨ ᠲᠠᠯᠠᠪᠤᠷ᠎ᠲᠤ ᠤᠰᠤᠲᠤᠯ᠎ᠢ ᠵᠠᠯᠠᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠴᠤ᠂  ᠠᠶ᠋ᠢᠯ ᠲᠣᠰᠬᠤᠨ᠎ᠤ ᠤᠰᠤ ᠬᠤᠷᠠᠮᠳᠤᠭᠰᠠᠨ ᠬᠤᠪᠢᠷᠠᠯᠲᠠ ᠪᠠ ᠤᠰᠤ   ᠭᠠᠳᠠᠭᠰᠢᠯᠠᠭᠤᠯᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂  ᠳᠣᠲᠣᠭ᠋ᠠᠳᠤ ᠤᠰᠤᠲᠤᠯ᠎ᠠᠴᠠ ᠪᠣᠯᠤᠭᠰᠠᠨ ᠪᠣᠳᠠᠲᠠᠶ ᠰᠢᠯᠲᠠᠭ᠋ᠠᠨ ᠪᠠ ᠭᠠᠮᠰᠢᠭᠳᠠᠭᠰᠠᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂  ᠲᠠᠷᠠᠭ᠋ᠠᠴᠢ ᠵᠢᠨ ᠠᠯᠬᠤᠮ᠎ᠳᠤ ᠣᠷᠣᠨ ᠪᠦᠰᠡ ᠵᠢᠨ ᠴᠢᠨᠠᠷᠲᠠᠶ ᠤᠰᠤᠲᠤᠯ᠎ᠤᠨ ᠠᠰᠠᠭᠤᠳᠠᠯ᠎ᠢ ᠰᠢᠢ᠍ᠳᠪᠦᠷᠢᠯᠡᠬᠦ ᠲᠤᠬᠠᠶ ᠵᠢᠯᠣᠭᠤᠳᠬᠤ ᠰᠠᠨᠠᠯ ᠳᠤᠷᠠᠳᠪᠠ᠃

   ᠱᠧᠩ ᠰᠢᠶᠣᠣ ᠶᠢᠦ᠎ᠠᠴᠠ᠂  ᠤᠰᠤᠨ ᠠᠰᠢᠭᠯᠠᠯᠲᠠ ᠵᠢᠨ ᠲᠢᠩᠬᠢᠮ ᠪᠣᠯᠤᠨ ᠲᠦᠩᠯᠢᠶᠣᠤ ᠬᠤᠲᠠ ᠠᠷᠠᠳ ᠲᠦᠮᠡᠨ᠎ᠢ ᠳᠡᠭᠡᠳᠦᠯᠡᠬᠦ᠂  ᠠᠮᠢ ᠨᠠᠰᠤ ᠵᠢ ᠳᠡᠭᠡᠳᠦᠯᠡᠬᠦ ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠵᠤ᠂  ᠠᠶ᠋ᠢᠯ ᠲᠣᠰᠬᠤᠨ᠎ᠤ ᠦᠯᠡᠳᠡᠭᠰᠡᠨ ᠤᠰᠤ ᠵᠢ ᠵᠠᠯᠠᠬᠤ ᠵᠢ ᠱᠠᠯᠠᠪᠳᠠᠨ ᠵᠢᠯᠣᠭᠤᠳᠴᠤ᠂  ᠤᠰᠤ ᠭᠠᠳᠠᠭᠰᠢᠯᠠᠭᠤᠯᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠬᠦᠴᠦᠲᠡᠶ ᠠᠷᠭ᠎ᠠ ᠬᠡᠮᠵᠢᠶ᠎ᠡ᠎ᠪᠠᠷ ᠳᠣᠲᠣᠭ᠋ᠠᠳᠤ ᠤᠰᠤᠲᠤᠯ᠎ᠤᠨ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠪᠠᠭ᠎ᠠ ᠪᠣᠯᠭ᠋ᠠᠵᠤ᠂  ᠬᠠᠪᠤᠷ᠎ᠤᠨ ᠲᠠᠷᠢᠶᠠᠯᠠᠭ᠎ᠠ ᠵᠢ ᠨᠥᠯᠥᠭᠡᠯᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠵᠤ᠂  ᠲᠠᠷᠢᠶᠠᠨ ᠭᠠᠵᠠᠷ᠎ᠢ ᠪᠦᠬᠦᠨ᠎ᠢ ᠳᠠᠷᠢᠬᠤ ᠵᠢ ᠪᠠᠲᠤᠯᠠᠬᠤ ᠬᠡᠷᠡᠭᠲᠡᠶ᠃  ᠣᠷᠣᠨ ᠪᠦᠰᠡ ᠵᠢᠨ ᠪᠦᠬᠦᠯᠢ ᠴᠣᠭᠴᠠ᠎ᠪᠠᠷ ᠤᠰᠤᠳᠠᠯ᠎ᠢ ᠵᠠᠯᠠᠬᠤ ᠵᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂  ᠤᠳᠤ ᠵᠢᠨ ᠪᠠᠶ᠋ᠢᠭ᠎ᠠ ᠭᠣᠣᠯ ᠰᠤᠪᠠᠭ ᠵᠡᠷᠭᠡ ᠢᠨᠵᠧᠨᠧᠷᠢᠩ᠎ᠲᠠᠢ ᠤᠶᠠᠯᠳᠤᠭᠤᠯᠵᠤ᠂  ᠲᠥᠯᠥᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠵᠦ᠂  ᠰᠢᠰᠲ᠋ᠧᠮ᠎ᠤᠨ ᠤᠰᠤᠲᠤᠯ᠎ᠢ ᠵᠠᠯᠠᠬᠤ ᠰᠢᠰᠲ᠋ᠧᠮ᠎ᠢ ᠪᠠᠶ᠋ᠢᠭᠤᠯᠵᠤ᠂  ᠣᠷᠣᠨ ᠪᠦᠰᠡ ᠵᠢᠨ ᠴᠢᠨᠠᠷᠲᠠᠢ ᠳᠣᠲᠣᠭ᠋ᠠᠳᠤ ᠤᠰᠤᠲᠤᠯ᠎ᠢ ᠵᠠᠯᠠᠬᠤ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠬᠡᠷᠡᠭᠲᠡᠢ᠃  ᠤᠬᠠᠭᠤᠯᠵᠤ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂  ᠳᠣᠲᠣᠭ᠋ᠠᠳᠤ ᠤᠰᠤᠲᠤᠯ᠎ᠤᠨ ᠣᠷᠣᠨ᠎ᠤ ᠣᠯᠠᠨ ᠲᠦᠮᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠦ ᠠᠶᠤᠯ᠎ᠠᠴᠠ ᠵᠠᠶ᠋ᠢᠯᠠᠬᠤ ᠤᠬᠠᠮᠰᠠᠷ᠎ᠢ ᠳᠡᠭᠡᠭᠰᠢᠯᠡᠭᠦᠯᠵᠦ᠂  ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠳᠠᠷᠢᠵᠤ ᠲᠡᠵᠢᠭᠡᠨ ᠦᠷᠡᠵᠢᠭᠦᠯᠬᠦ ᠦᠢ᠍ᠯᠡᠰ᠎ᠢ ᠬᠥᠭᠵᠢᠭᠦᠯᠵᠦ᠂  ᠣᠯᠠᠨ ᠲᠦᠮᠡᠨ᠎ᠤ ᠪᠠᠴᠢᠮ ᠪᠡᠷᠬᠡ ᠵᠣᠪᠠᠨᠢᠯ᠎ᠢ ᠴᠠᠭ ᠲᠤᠬᠠᠶ᠎ᠳᠤᠨᠢ ᠰᠢᠢ᠍ᠳᠪᠦᠷᠢᠯᠡᠵᠦ᠂  ᠭᠠᠮᠰᠢᠭᠳᠠᠭᠰᠠᠨ ᠲᠣᠰᠬᠤᠨ᠎ᠤ ᠠᠷᠠᠳ᠎ᠤᠨ ᠠᠮᠢᠳᠤᠷᠠᠯ ᠪᠠᠲᠤᠯᠠᠭ᠎ᠠ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃  ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ᠂  ᠵᠥᠪ ᠲᠠᠯ᠎ᠠ ᠵᠢᠨ ᠤᠬᠠᠭᠤᠯᠭ᠎ᠠ ᠪᠠ ᠬᠦᠳᠦᠯᠦᠨ ᠵᠢᠯᠣᠭᠤᠳᠬᠤ ᠵᠢ ᠰᠠᠶ᠋ᠢᠲᠤᠷ ᠬᠢᠵᠦ᠂  ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡ ᠪᠠ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠣᠯᠠᠴᠢᠯᠠᠪᠠ᠃

   ᠲᠦᠩᠯᠢᠶᠣᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠳᠠ ᠵᠢᠨ ᠳᠠᠷᠤᠭ᠎ᠠ ᠴᠧᠨ ᠢ ᠮᠢᠩ᠂  ᠤᠰᠤᠨ᠎ᠤ ᠶᠠᠪᠤᠳᠠᠯ᠎ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠠᠯᠪᠠᠨ ᠲᠠᠰᠤᠭ᠎ᠤᠨ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠡᠳᠦᠷ ᠲᠤᠲᠤᠮ᠎ᠤᠨ ᠠᠵᠢᠯ᠎ᠳᠤ ᠠᠭᠤᠰᠤᠯᠴᠠᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠥᠷᠨᠢᠭᠦᠯᠵᠦ ᠮᠠᠨ᠎ᠤ ᠲᠤᠭᠤᠷᠢᠭ᠎ᠤᠨ ᠡᠯ᠎ᠡ ᠭᠠᠵᠠᠷ᠎ᠤᠨ᠎ᠬᠢᠨ ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠨᠢᠭᠡ ᠴᠤᠭᠴᠠᠵᠢᠭᠤᠯᠤᠨ ᠠᠬᠢᠭᠤᠯᠪᠠ
ᠥᠪᠥᠷ ᠮᠣᠩᠭᠤᠯ᠄ ᠪᠣᠳᠠᠲᠠᠶ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ
ᠥᠪᠥᠷ ᠮᠣᠩᠭᠣᠯ᠎ᠤᠨ 3.9 ᠲᠦᠮᠡᠨ ᠠᠵᠢᠯ ᠦᠢ᠍ᠯᠡᠰ᠎ᠤᠨ ᠨᠢᠭᠡᠴᠢ ᠵᠢᠨ ᠠᠯᠪᠠᠨ ᠦᠢ᠍ᠯᠡᠴᠢᠯᠡᠭᠡ ᠵᠢᠨ ᠤᠷ᠎ᠠ ᠮᠡᠷᠭᠡᠰᠢᠯ᠎ᠤᠨ ᠠᠵᠢᠯᠲᠠᠨ ᠠᠵᠢᠯ᠎ᠤᠨ ᠪᠠᠶ᠋ᠢᠷᠢ᠎ᠳᠤ ᠳᠡᠪᠰᠢᠪᠡ
ᠰᠦᠨ ᠱᠤᠤ ᠴᠧᠩ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ
ᠥᠪᠥᠷ ᠮᠣᠩᠭᠤᠯ 19 ᠵᠦᠢ᠍ᠯ᠎ᠤᠨ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠪᠠ
 
            