ᠡᠨᠡ ᠵᠢᠯ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠴᠢᠬᠤᠯᠠ ᠶᠡᠭᠡ ᠲᠥᠷᠥᠯ ᠵᠦᠢ᠍ᠯ》 ᠭᠡᠬᠦ ᠡᠨᠡ ᠬᠦ᠌ ᠵᠠᠩᠭᠢᠯᠠᠭ᠎ᠠ ᠵᠢ ᠴᠢᠩᠭ᠎ᠠ ᠠᠳᠬᠤᠵᠤ᠂ 《ᠲᠥᠯᠥᠪᠵᠢᠭᠦᠯᠬᠦ ᠵᠢ ᠠᠳᠬᠤᠬᠤ᠂ ᠨᠥᠭᠡᠴᠡ ᠵᠢ ᠠᠳᠬᠤᠬᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠠᠳᠬᠤᠬᠤ᠂ ᠠᠬᠢᠴᠠ ᠵᠢ ᠠᠳᠬᠤᠬᠤ᠂ ᠠᠰᠢᠭᠯᠠᠯᠲᠠ᠎ᠳᠤ ᠣᠷᠣᠭᠤᠯᠬᠤ ᠵᠢ ᠠᠳᠬᠤᠬᠤ》 ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠪᠠ᠃ ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠴᠢᠬᠤᠯᠠ ᠶᠡᠭᠡ ᠠᠵᠤ ᠦᠢ᠍ᠯᠡᠳᠪᠦᠷᠢ ᠵᠢᠨ ᠲᠥᠷᠥᠯ ᠵᠦᠢ᠍ᠯ ᠨᠡᠶ᠋ᠢᠲᠡ 1079 ᠠᠵᠢᠯ ᠵᠶ᠋ᠠᠨ ᠡᠬᠢᠯᠡᠭᠦᠯᠵᠦ᠂ ᠶᠡᠷᠦᠩᠬᠡᠶ᠋ᠢᠯᠡᠨ ᠠᠵᠢᠯ ᠡᠬᠢᠯᠡᠭᠦᠯᠦᠭᠰᠡᠨ ᠨᠣᠷᠮ᠎ᠠ᠎ᠨᠢ 77.2%᠎ᠲᠤ ᠬᠥᠷᠪᠡ; ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠦᠭᠰᠡᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠪᠠᠬᠢᠵᠢᠭᠦᠯᠵᠦ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠨᠢ 20%᠎ᠪᠠᠷ ᠨᠡᠮᠡᠭᠳᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠎ᠠ ᠳᠠᠷᠠᠭ᠋ᠠᠯᠠᠨ 5 ᠵᠢᠯ᠎ᠤᠨ ᠨᠢᠭᠡᠳᠦᠭᠡᠷ ᠤᠯᠠᠷᠢᠯ᠎ᠳᠤ ᠰᠠᠶ᠋ᠢᠨ ᠡᠬᠢᠯᠡᠯᠲᠡ ᠵᠢ ᠪᠡᠶᠡᠯᠡᠭᠦᠯᠪᠡ᠃
ᠤᠷᠳᠤᠰ ᠬᠤᠳᠠ ᠵᠢᠨ ᠲᠠᠯᠠᠳ ᠠᠵᠤ ᠠᠬᠤᠢ ᠵᠢᠨ ᠨᠡᠭᠡᠭᠡᠯᠳᠡ ᠵᠢᠨ ᠤᠷᠤᠨ᠎ᠳᠤ᠂ ᠷᠦᠩ ᠰᠢᠨ ᠬᠢᠮᠢ ᠵᠢᠨ ᠠᠵᠤ ᠦᠢ᠍ᠯᠡᠳᠪᠤᠷᠢ ᠵᠢᠯ᠎ᠳᠤ 80 ᠲᠦᠮᠡᠨ ᠲᠤᠨ ᠠᠯᠺᠧᠨ ᠵᠢᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠳᠠ ᠶᠠᠭ ᠠᠮᠵᠢᠯᠳᠠ ᠤᠯᠵᠤ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠲᠦᠷᠦᠯ ᠵᠦᠢ᠍ᠯ ᠪᠣᠯᠤᠭᠰᠠᠨ᠎ᠤ ᠬᠤᠪᠢ᠎ᠳᠤ᠂ ᠲᠤᠰ ᠲᠦᠷᠦᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ᠎ᠨᠢ 98.3 ᠳ᠋ᠦᠩᠰᠢᠭᠤᠷ ᠲᠥᠭᠦᠷᠢᠭ᠎ᠲᠤ ᠬᠦᠷᠴᠡᠢ᠃ ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠯ ᠪᠦᠷᠢ 67 ᠳ᠋ᠦᠩᠰᠢᠭᠤᠷ ᠲᠥᠭᠦᠷᠢᠭ᠎ᠤᠨ ᠦᠢ᠍ᠯᠡᠳᠬᠦᠨ᠎ᠤ ᠥᠷᠲᠡᠭ ᠰᠢᠨ᠎ᠡ᠎ᠪᠠᠷ ᠨᠡᠮᠡᠭᠳᠡᠪᠡ᠃ ᠴᠢᠬᠤᠯᠠ ᠶᠡᠭᠡ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠳᠠᠶ᠋ᠢᠴᠢᠯᠠᠯᠲᠠ ᠳᠣᠣᠷ᠎ᠠ᠂ ᠣᠷᠳᠣᠰ ᠬᠤᠲᠠ ᠵᠢᠨ ᠨᠢᠭᠡᠳᠦᠭᠡᠷ ᠤᠯᠠᠷᠢᠯ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠠᠳᠠᠯᠢ ᠬᠤᠭᠤᠴᠠᠭ᠋ᠠᠨ᠎ᠤ᠎ᠬᠢ᠎ᠠᠴᠠ 6%᠎ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 20.1%᠎ᠪᠠᠷ ᠨᠡᠮᠡᠭᠳᠡᠪᠡ᠃
ᠡᠨᠡ ᠵᠢᠯ᠂ ᠠᠯᠠᠱ᠌ᠠ ᠠᠶ᠋ᠢᠮᠠᠭ 141 ᠴᠢᠬᠤᠯᠠ ᠶᠡᠭᠡ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ᠂ ᠵᠢᠯ᠎ᠳᠤ 418.7 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ ᠪᠣᠶ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠢᠷᠭ᠋ᠠᠢ ᠵᠢᠨ ᠰᠠᠯᠪᠤᠷᠢ ᠱᠤᠭᠤᠮ ᠪᠣᠯ ᠮᠠᠨ᠎ᠤ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠡᠮᠦᠷ ᠵᠠᠮ᠎ᠤᠨ ᠲᠣᠣᠷ᠎ᠤᠨ ᠵᠢᠩ ᠯᠠᠨ ᠨᠡᠪᠲᠡᠷᠡᠬᠦ ᠵᠠᠮ᠎ᠤᠨ ᠴᠢᠬᠤᠯᠠ ᠬᠡᠰᠡᠭ ᠪᠠᠶ᠋ᠢᠵᠤ᠂ ᠲᠡᠭᠦᠨ᠎ᠤ ᠪᠦᠳᠦᠭᠡᠨ ᠪᠠᠶ᠋ᠢᠭᠤᠯᠤᠯᠲᠠ ᠵᠢᠨ ᠠᠬᠢᠴᠠ ᠬᠥᠮᠦᠰ᠎ᠤᠨ ᠠᠩᠬᠠᠷᠤᠯ᠎ᠢ ᠶᠡᠬᠡᠳᠡ ᠲᠠᠲᠠᠵᠤ ᠪᠠᠶ᠋ᠢᠨ᠎ᠠ᠃ 《ᠣᠳᠣᠬᠠᠨ ᠪᠣᠯᠲᠠᠯ᠎ᠠ᠂ ᠠᠯᠠᠱ᠌ᠠ ᠠᠭᠤᠯᠠ ᠵᠢᠨ ᠨᠦᠬᠡᠨ ᠵᠠᠮ᠎ᠤᠨ ᠭᠤᠣᠯ ᠨᠦᠬᠡ ᠵᠢ ᠨᠡᠶ᠋ᠢᠲᠡ 7099 ᠮᠸᠲᠷ ᠮᠠᠯᠲᠠᠵᠤ᠂ ᠵᠢᠷᠤᠭ ᠲᠥᠯᠥᠪᠯᠡᠭᠡ ᠵᠢᠨ ᠡᠭᠦᠷᠭᠡ ᠵᠢᠨ 93.7% ᠵᠢ ᠨᠢᠭᠡᠨᠲᠡ ᠪᠡᠶᠡᠯᠡᠭᠦᠯᠵᠦ᠂ ᠪᠢᠳᠡ ᠴᠠᠭ ᠮᠥᠴᠡ ᠵᠢ ᠠᠮᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠢᠷᠭ᠋ᠠᠢ ᠵᠢᠨ ᠰᠠᠯᠪᠤᠷᠢ ᠱᠤᠭᠤᠮ᠎ᠤᠨ ᠡᠷᠲᠡᠬᠡᠨ ᠲᠡᠷᠭᠡ ᠨᠡᠪᠲᠡᠷᠡᠬᠦ᠎ᠳᠤ ᠬᠦᠴᠦᠨ ᠨᠡᠮᠡᠷᠢᠯᠡᠨ᠎ᠡ》᠃ ᠳᠤᠮᠳᠠᠳᠤ ᠤᠯᠤᠰ᠎ᠤᠨ ᠲᠡᠮᠦᠷ ᠵᠠᠮ᠎ᠤᠨ ᠠᠷᠪᠠᠨ ᠲᠠᠪᠤᠳᠤᠭ᠋ᠠᠷ ᠲᠣᠪᠴᠢᠶ᠎ᠠ ᠵᠢᠨ ᠢᠷᠭ᠋ᠠᠶ ᠲᠡᠮᠦᠷ ᠵᠠᠮ᠎ᠤᠨ ᠲᠥᠷᠥᠯ ᠵᠦᠢ᠍ᠯ᠎ᠤᠨ ᠨᠢᠭᠡᠳᠦᠭᠡᠷ ᠬᠤᠪᠢᠶᠠᠷᠢ ᠬᠡᠯᠲᠡᠰ᠎ᠤᠨ ᠨᠠᠮ᠎ᠤᠨ ᠡᠭᠦᠷ᠎ᠤᠨ ᠲᠤᠰᠬᠠᠶ ᠲᠤᠰᠢᠶᠠᠯᠲᠤ ᠳᠡᠳ᠋ ᠱᠦᠵᠢ ᠴᠢᠶᠣᠤ ᠴᠢᠤᠸᠠᠨ ᠬᠡᠯᠡᠪᠡ᠃
ᠦᠬᠠᠶ ᠬᠤᠲᠠ ᠡᠨᠡ ᠵᠢᠯ ᠬᠤᠲᠠ ᠵᠢᠨ ᠲᠠᠰ᠎ᠤᠨ ᠭᠤᠤᠯᠳᠠᠯᠭ᠎ᠠ᠎ᠲᠠᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ 233 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ᠎ᠨᠢ 1170.9 ᠳ᠋ᠦᠩᠰᠢᠭᠤᠷ ᠲᠥᠭᠦᠷᠢᠭ᠎ᠲᠤ ᠬᠦᠷᠴᠦ᠂ ᠵᠢᠯ᠎ᠳᠤ 218.4 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ᠂ ᠵᠢᠱ᠌ᠢᠯᠲᠡ᠎ᠪᠠᠷ ᠵᠢᠯ᠎ᠤᠨ ᠳᠣᠲᠣᠷ᠎ᠠ 120 ᠲᠥᠷᠥᠯ ᠵᠦᠢ᠍ᠯ᠎ᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠵᠤ᠂ ᠡᠭᠦᠨ᠎ᠳᠤ ᠬᠤᠯᠪᠤᠭᠳᠠᠭᠰᠠᠨ ᠶᠡᠷᠦᠩᠬᠡᠶ ᠪᠠᠯᠠ ᠣᠷᠣᠭᠤᠯᠤᠯᠲᠠ᠎ᠨᠢ 391.2 ᠳ᠋ᠦᠩᠰᠢᠭᠤᠷ ᠲᠥᠭᠦᠷᠢᠭ᠎ᠲᠤ ᠬᠦᠷᠴᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠾᠧ ᠵᠢᠶᠧ ᠲᠠᠨᠢᠯᠴᠠᠭᠤᠯᠤᠭᠰᠠᠨ᠎ᠨᠢ᠂ ᠣᠳᠣᠬᠠᠨ᠎ᠳᠤ᠂ ᠨᠢᠭᠡᠨᠲᠡ 2025 ᠣᠨ᠎ᠳᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠨᠢ 5000 ᠲᠦᠮᠡᠨ ᠲᠥᠭᠦᠷᠢᠭ᠂ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ᠎ᠨᠢ ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢ᠍ᠯ᠎ᠢ 3352 ᠬᠡᠷᠡᠭᠵᠢᠭᠦᠯᠬᠦ᠎ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ᠎ᠨᠢ 3.6 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂ ᠣᠨ᠎ᠤ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ᠎ᠨᠢ ᠲᠦᠮᠡᠨ ᠳ᠋ᠦᠩᠰᠢᠭᠤᠷ ᠲᠥᠭᠦᠷᠢᠭ᠎ᠲᠤ ᠬᠥᠷᠬᠦ᠎ᠪᠠᠷ ᠲᠥᠯᠥᠪᠯᠡᠵᠦ ᠪᠣᠶ᠃