ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠳᠥᠷᠪᠡᠨ ᠰᠠᠯᠠᠭ᠎ᠠ ᠮᠥᠴᠢᠷ ᠬᠠᠮᠲᠤᠷᠠᠨ ᠪᠥᠬᠦ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2025-05-08

   ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂  ᠣᠶ᠋ᠢᠷ᠎ᠠ᠎ᠳᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠂  ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠬᠠᠮᠲᠤᠷᠠᠨ 《2025 ᠣᠨ᠎ᠤ ᠪᠥᠬᠦ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠲᠥᠰᠥᠯ》 (ᠳᠣᠷᠣᠭᠰᠢ 《ᠠᠵᠢᠯ᠎ᠤᠨ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂  ᠥᠪᠥᠷ ᠮᠣᠩᠭᠤᠯ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠡᠭᠦᠰᠬᠡᠯ᠎ᠤᠨ ᠵᠢᠯ᠎ᠤᠨ ᠬᠠᠷᠠᠯᠲᠠ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠶ᠋ᠢᠯᠠᠨ᠂  ᠪᠥᠬᠦ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠠᠵᠢᠯᠯᠠᠭ᠎ᠠ ᠵᠢ ᠶᠡᠬᠡᠪᠡᠷ ᠠᠬᠢᠭᠤᠯᠵᠤ᠂  ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ᠎ᠠᠴᠠ ᠠᠷᠪᠢᠲᠠᠢ ᠡᠷᠴᠢᠮᠯᠢᠭ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠪᠠ᠃

  《ᠠᠵᠢᠯ᠎ᠤᠨ ᠲᠥᠰᠦᠯ》᠎ᠳᠤ ᠥᠭᠡᠷᠡᠴᠢᠯᠡᠯᠲᠡ ᠵᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠢ ᠵᠦᠶ ᠵᠣᠬᠢᠰᠲᠠᠶ ᠬᠢᠨᠠᠨ ᠬᠠᠷᠭᠤᠭᠤᠯᠬᠤ᠂ 《ᠳᠥᠷᠪᠡᠨ ᠵᠦᠢ᠍ᠯ᠎ᠤᠨ ᠲᠣᠭᠲᠠᠴᠠ》 ᠵᠢ ᠰᠢᠰᠲ᠋ᠧᠮ᠎ᠲᠠᠢ ᠥᠷᠨᠢᠭᠦᠯᠬᠦ᠂  ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ 《ᠲᠠᠪᠤᠨ ᠵᠦᠢ᠍ᠯ᠎ᠤᠨ ᠲᠦᠷᠢᠮ᠎ᠤᠨ ᠰᠢᠰᠲ᠋ᠧᠮ》᠎ᠢ ᠪᠠᠶ᠋ᠢᠭᠤᠯᠤᠨ ᠪᠦᠷᠢᠨᠰᠢᠬᠦᠯᠬᠦ᠂  ᠥᠭᠡᠷᠡᠴᠢᠯᠡᠯᠲᠡ ᠵᠢ ᠰᠢᠯᠭ᠋ᠠᠨ ᠠᠪᠬᠤ ᠪᠠ ᠲᠤᠷᠰᠢᠯᠭ᠎ᠠ᠎ᠪᠠᠨ ᠳ᠋ᠦᠩᠨᠡᠬᠦ ᠵᠡᠷᠭᠡ 4 ᠲᠠᠯ᠎ᠠ᠎ᠠᠴᠠ ᠥᠭᠡᠷᠡᠴᠢᠯᠡᠯᠲᠡ ᠵᠢᠨ ᠡᠭᠦᠷᠭᠡ ᠵᠢ ᠪᠠᠶ᠋ᠢᠷᠢᠯᠠᠭᠤᠯᠤᠭᠰᠠᠨ ᠪᠥᠭᠡᠳ ᠡᠭᠦᠷᠭᠡ ᠬᠠᠷᠠᠯᠲᠠ᠎ᠪᠠᠨ ᠠᠶ᠋ᠢᠮᠠᠭ ᠬᠤᠲᠠ᠎ᠳᠤ ᠨᠠᠷᠢᠯᠢᠬ᠍ᠵᠢᠭᠤᠯᠤᠨ ᠵᠠᠳᠠᠯᠵᠤ᠂  ᠡᠭᠦᠷᠭᠡ ᠵᠢᠨ ᠨᠠᠷᠢᠨ ᠲᠣᠳᠣᠷᠬᠠᠶ ᠬᠠᠭᠤᠳᠠᠰᠤ ᠵᠢ ᠲᠣᠭᠲᠠᠭ᠋ᠠᠨ᠂  ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠬᠢᠭᠡᠳ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠢ ᠲᠣᠳᠣᠷᠬᠠᠶ᠋ᠢᠯᠠᠵᠤ᠂  ᠥᠭᠡᠷᠡᠴᠢᠯᠡᠯᠲᠡ ᠵᠢᠨ ᠡᠭᠦᠷᠭᠡ ᠵᠢ ᠴᠠᠭ ᠲᠤᠬᠠᠶ᠎ᠳᠤᠨᠢ ᠴᠢᠨᠠᠷ ᠰᠠᠶ᠋ᠢᠲᠠᠶ ᠪᠡᠶᠡᠯᠡᠭᠦᠯᠬᠦ ᠵᠢ ᠪᠠᠲᠤᠯᠠᠪᠠ᠃

  《ᠠᠵᠢᠯ᠎ᠤᠨ ᠲᠥᠰᠦᠯ》᠎ᠳᠤ ᠳᠤᠷᠠᠳᠤᠭᠰᠠᠨ᠎ᠨᠢ᠂ 2025 ᠣᠨ᠎ᠤ ᠡᠴᠦᠰ ᠪᠣᠯᠬᠤ᠎ᠳᠤ᠂  ᠡᠯ᠎ᠡ ᠠᠶ᠋ᠢᠮᠠᠭ ᠬᠤᠲᠠ ᠵᠢᠨ᠎ᠬᠢᠨ ᠪᠦᠲᠦᠮᠵᠢᠲᠡᠶ ᠤᠰᠤᠯᠠᠯᠲᠠ ᠵᠢᠨ ᠲᠠᠯᠠᠪᠠᠶ ᠵᠢ 《ᠥᠭᠡᠷᠡᠴᠢᠯᠡᠬᠦ ᠶᠣᠰᠣᠲᠠᠶ ᠵᠢ᠎ᠨᠢ ᠪᠦᠬᠦᠨ᠎ᠢ ᠥᠭᠡᠷᠡᠴᠢᠯᠡᠬᠦ》 ᠵᠠᠷᠴᠢᠮ ᠶᠣᠰᠣᠭ᠋ᠠᠷ᠂  ᠥᠭᠡᠷᠡᠴᠢᠯᠡᠯᠲᠡ ᠵᠢ ᠬᠡᠷᠡᠭᠵᠢᠭᠦᠯᠬᠦ ᠲᠠᠯᠠᠪᠠᠶ ᠵᠢ ᠤᠯᠠᠮ ᠨᠢᠭᠡ ᠠᠯᠬᠤᠮ ᠬᠢᠨᠠᠨ ᠲᠣᠭᠲᠠᠭ᠋ᠠᠵᠤ᠂  ᠰᠢᠨ᠎ᠡ᠎ᠪᠠᠷ ᠨᠡᠮᠡᠭᠳᠡᠭᠰᠡᠨ ᠥᠭᠡᠷᠡᠴᠢᠯᠡᠯᠲᠡ ᠵᠢᠨ ᠲᠠᠯᠠᠪᠠᠶ ᠵᠢ ᠪᠣᠳᠠᠲᠠᠶ ᠲᠠᠷᠢᠶᠠᠨ ᠭᠠᠵᠠᠷ᠎ᠲᠤ ᠨᠠᠶ᠋ᠢᠳᠠᠪᠤᠷᠢᠵᠢᠭᠤᠯᠵᠤ᠂  ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠪᠥᠬᠦ ᠲᠠᠯ᠎ᠠ᠎ᠪᠠᠷ ᠪᠡᠶᠡᠯᠡᠭᠦᠯᠬᠦ ᠵᠢᠨ ᠬᠠᠮᠲᠤ ᠰᠢᠯᠭ᠋ᠠᠨ ᠠᠪᠬᠤ ᠬᠡᠷᠡᠭᠲᠡᠶ᠃  ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠨᠢᠭᠡᠨᠲᠡ 4969 ᠲᠦᠮᠡᠨ ᠮᠦ᠍ ᠪᠡᠶᠡᠯᠡᠭᠦᠯᠦᠨ 《ᠡᠷᠬᠢᠨ ᠬᠠᠷᠠᠬᠤ》 ᠠᠵᠢᠯᠯᠠᠭ᠎ᠠ ᠵᠢ ᠥᠷᠨᠢᠭᠦᠯᠵᠦ᠂  ᠣᠶ᠋ᠢᠷ᠎ᠠ ᠵᠢᠨ 10 ᠵᠢᠯ᠎ᠤᠨ ᠲᠤᠷᠰᠢᠬᠢ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ᠂  ᠤᠰᠤ ᠬᠡᠷᠡᠭᠯᠡᠬᠦ ᠬᠠᠮᠢᠶᠠᠷᠤᠯᠲᠠ ᠵᠢᠨ ᠲᠣᠭᠲᠠᠴᠠ᠂  ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠴᠤ ᠬᠠᠮᠠᠭ᠋ᠠᠯᠠᠬᠤ ᠲᠣᠭᠲᠠᠴᠠ᠂  ᠨᠠᠷᠢᠯᠢᠭ ᠣᠨᠣᠴᠠᠲᠠᠶ ᠨᠥᠬᠦᠪᠥᠷᠢ ᠪᠠ ᠤᠰᠤ ᠠᠷᠪᠢᠯᠠᠬᠤ ᠱᠠᠩᠨᠠᠯ᠎ᠤᠨ ᠲᠣᠭᠲᠠᠴᠠ ᠵᠢ ᠪᠠᠶ᠋ᠢᠭᠤᠯᠤᠭᠰᠠᠨ ᠪᠠ ᠠᠵᠢᠯᠯᠠᠭᠤᠯᠤᠭᠰᠠᠨ ᠪᠠᠶ᠋ᠢᠳᠠᠯ᠎ᠢ ᠰᠢᠰᠲ᠋ᠧᠮ᠎ᠲᠠᠢ ᠡᠮᠬᠢᠯᠡᠪᠡ᠃  ᠡᠭᠦᠨ᠎ᠤ ᠬᠠᠮᠲᠤ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠳᠦᠷᠢᠮ ᠲᠥᠷᠥ ᠵᠢᠨ ᠪᠣᠳᠣᠯᠭ᠎ᠠ ᠵᠢ ᠲᠦᠷᠭᠡᠪᠴᠢᠯᠡᠨ ᠲᠡᠭᠦᠯᠳᠡᠷᠵᠢᠭᠦᠯᠵᠦ᠂  ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠳᠦᠷᠢᠮ᠎ᠤᠨ ᠰᠢᠰᠲ᠋ᠧᠮᠵᠢ᠂  ᠤᠰᠤ ᠬᠡᠷᠡᠭᠯᠡᠬᠦ ᠬᠡᠮᠵᠢᠯᠲᠡ ᠵᠢᠨ ᠬᠢᠨᠠᠨ ᠬᠡᠮᠵᠢᠬᠦ ᠰᠢᠰᠲ᠋ᠧᠮᠵᠢ᠂  ᠲᠠᠷᠢᠶᠠᠯᠠᠩ᠎ᠤᠨ ᠤᠰᠤᠨ᠎ᠤ ᠦᠨ᠎ᠡ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ᠂  ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠳᠦᠷᠢᠮ᠎ᠤᠨ ᠰᠢᠰᠲ᠋ᠧᠮᠵᠢ᠂  ᠤᠰᠤ ᠠᠷᠪᠢᠯᠠᠬᠤ ᠮᠡᠷᠭᠡᠵᠢᠯ ᠵᠢᠴᠢ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂  ᠲᠠᠷᠢᠶᠠᠯᠠᠩ᠎ᠤᠨ ᠭᠠᠷᠤᠯᠲᠠ ᠵᠢ ᠨᠡᠮᠡᠭᠳᠡᠭᠦᠯᠵᠦ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠪᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠱᠧᠩ ᠰᠢᠶᠣᠣ ᠶᠢᠥ ᠲᠦᠩᠯᠢᠶᠣᠤ ᠬᠤᠲᠠ ᠵᠢᠨ ᠤᠰᠤᠲᠤᠯ᠎ᠢ ᠵᠠᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠡᠳᠦᠷ ᠲᠤᠲᠤᠮ᠎ᠤᠨ ᠠᠵᠢᠯ᠎ᠳᠤ ᠠᠭᠤᠰᠤᠯᠴᠠᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠥᠷᠨᠢᠭᠦᠯᠵᠦ ᠮᠠᠨ᠎ᠤ ᠲᠤᠭᠤᠷᠢᠭ᠎ᠤᠨ ᠡᠯ᠎ᠡ ᠭᠠᠵᠠᠷ᠎ᠤᠨ᠎ᠬᠢᠨ ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠨᠢᠭᠡ ᠴᠤᠭᠴᠠᠵᠢᠭᠤᠯᠤᠨ ᠠᠬᠢᠭᠤᠯᠪᠠ
ᠥᠪᠥᠷ ᠮᠣᠩᠭᠤᠯ᠄ ᠪᠣᠳᠠᠲᠠᠶ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ
ᠥᠪᠥᠷ ᠮᠣᠩᠭᠣᠯ᠎ᠤᠨ 3.9 ᠲᠦᠮᠡᠨ ᠠᠵᠢᠯ ᠦᠢ᠍ᠯᠡᠰ᠎ᠤᠨ ᠨᠢᠭᠡᠴᠢ ᠵᠢᠨ ᠠᠯᠪᠠᠨ ᠦᠢ᠍ᠯᠡᠴᠢᠯᠡᠭᠡ ᠵᠢᠨ ᠤᠷ᠎ᠠ ᠮᠡᠷᠭᠡᠰᠢᠯ᠎ᠤᠨ ᠠᠵᠢᠯᠲᠠᠨ ᠠᠵᠢᠯ᠎ᠤᠨ ᠪᠠᠶ᠋ᠢᠷᠢ᠎ᠳᠤ ᠳᠡᠪᠰᠢᠪᠡ
 
            