ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-05-13

  5 ᠰᠠᠷ᠎ᠠ ᠵᠢᠨ 12᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠪᠤᠭᠤᠲᠤ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠂ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ ᠃


 

   ᠰᠦᠨ ᠱᠤᠤ ᠴᠧᠩ ᠸᠠᠩ ᠰᠢᠶᠣᠣ ᠫᠢᠩ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ ᠃ ᠲᠡᠷᠡ ᠂ ᠥᠪᠥᠷ ᠮᠣᠩᠭᠣᠯ᠎ᠤᠨ ᠠᠵᠢᠯ ᠣᠯᠭᠣᠯᠲᠠ ᠵᠢᠨ ᠪᠠᠢ᠌ᠳᠠᠯ ᠬᠠᠷᠢᠴᠠᠩᠭᠤᠢ ᠪᠤᠳᠤᠯᠢᠶᠠᠨᠲᠠᠢ ᠪᠠᠢ᠌ᠨ᠎ᠠ ᠂ ᠠᠵᠢᠯ ᠣᠯᠭᠣᠯᠲᠠ ᠵᠢᠨ ᠡᠨᠡ ᠬᠦ᠌ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠲᠥᠯᠥᠭᠡ ᠂ ᠡᠨᠡ ᠵᠢᠯ ᠪᠢᠳᠡ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠵᠦ ᠂ ᠠᠷᠭ᠎ᠠ ᠪᠦᠭᠦᠨ᠎ᠢ ᠰᠦᠪᠡᠭᠴᠢᠯᠡᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠨᠡᠮᠡᠭᠳᠡᠭᠦᠯᠵᠦ ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠪᠠ ᠃ ᠪᠣᠳᠠᠲᠠᠢ ᠠᠵᠢᠯ᠎ᠤᠨ ᠳᠤᠮᠳᠠ ᠂ ᠪᠢᠳᠡ ᠠᠵᠢᠯ ᠣᠯᠭᠣᠬᠤ ᠤᠳᠤᠷᠢᠳᠤᠮᠵᠢ ᠵᠢ ᠴᠢᠩᠭ᠋ᠠᠳᠬᠠᠬᠤ᠎ᠪᠠᠷ ᠳᠠᠮᠵᠢᠭᠤᠯᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ ᠲᠡᠭᠦᠰᠬᠦ ᠰᠤᠷᠤᠬ᠍ᠴᠢᠳ᠎ᠤᠨ ᠠᠵᠢᠯ ᠣᠯᠬᠤ ᠠᠷᠭ᠎ᠠ ᠵᠠᠮ᠎ᠢ ᠥᠷᠭᠡᠳᠬᠡᠵᠦ ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ᠎ᠪᠠᠷ ᠳᠠᠮᠵᠢᠭᠤᠯᠤᠨ ᠮᠠᠯᠴᠢᠨ ᠲᠠᠷᠢᠶᠠᠴᠢᠳ᠎ᠤᠨ ᠲᠤᠬᠠᠢ ᠵᠢᠨ ᠭᠠᠵᠠᠷ᠎ᠲᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠳᠠᠢ᠌ᠴᠢᠯᠠᠵᠤ ᠂ ᠠᠵᠤ ᠠᠬᠤᠢ᠌ᠯᠠᠯ᠎ᠤᠨ ᠴᠠᠯᠢᠩ ᠥᠷᠢᠲᠦᠬᠦ ᠠᠰᠠᠭᠤᠳᠠᠯ᠎ᠢ ᠶᠠᠭ ᠬᠦᠴᠦᠲᠡᠢ ᠠᠷᠭ᠎ᠠ ᠬᠡᠮᠵᠢᠶ᠎ᠡ᠎ᠪᠠᠷ ᠴᠡᠭᠴᠡᠯᠡᠨ ᠵᠠᠰᠠᠵᠤ ᠪᠠᠢ᠌ᠨ᠎ᠠ ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠥᠪᠥᠷ ᠮᠣᠩᠭᠣᠯ᠎ᠳᠤ ᠵᠢᠯᠣᠭᠣᠳᠤᠯᠭ᠎ᠠ ᠪᠠ ᠳᠡᠮᠵᠢᠯᠭᠡ ᠦᠵᠡᠭᠦᠯᠵᠦ ᠂ ᠪᠢᠳᠡᠨ᠎ᠢ ᠬᠠᠪᠰᠤᠷᠤᠨ ᠠᠵᠢᠯ ᠣᠯᠭᠣᠯᠲᠠ ᠵᠢᠨ ᠠᠵᠢᠯ᠎ᠢ ᠰᠠᠢ᠌ᠲᠤᠷ ᠬᠢᠵᠦ ᠂ ᠠᠵᠢᠯ ᠣᠯᠭᠣᠯᠲᠠ ᠵᠢᠨ ᠳᠤᠲᠠᠭᠤᠳᠠᠯ᠎ᠢ ᠨᠥᠬᠥᠪᠦᠷᠢᠯᠡᠬᠦ ᠵᠢ ᠬᠦᠰᠡᠵᠦ ᠪᠠᠢ᠌ᠨ᠎ᠠ ᠃ ᠥᠪᠥᠷ ᠮᠣᠩᠭᠣᠯ᠎ᠳᠤ ᠴᠢᠳᠠᠪᠤᠷᠢᠲᠠᠨ ᠲᠤᠲᠠᠭᠳᠠᠵᠤ ᠪᠤᠶ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠴᠢᠳᠠᠪᠤᠷᠢᠲᠠᠨ ᠲᠠᠲᠠᠬᠤ ᠂ ᠬᠥᠮᠥᠵᠢᠭᠦᠯᠬᠦ ᠂ ᠦᠯᠡᠳᠡᠭᠡᠬᠦ ᠂ ᠬᠡᠷᠡᠭᠯᠡᠬᠦ ᠲᠠᠯ᠎ᠠ᠎ᠪᠠᠷ ᠪᠢᠳᠡᠨ᠎ᠳᠤ ᠣᠯᠠᠨ ᠰᠠᠢ᠌ᠨ ᠠᠷᠭ᠎ᠠ ᠭᠠᠷᠭ᠋ᠠᠨ ᠥᠭᠴᠦ ᠂ ᠪᠢᠳᠡᠨ᠎ᠢ ᠬᠠᠪᠰᠤᠷᠤᠨ ᠴᠢᠳᠠᠪᠤᠷᠢᠲᠠᠨ᠎ᠤ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠬᠦᠰᠡᠵᠦ ᠪᠠᠢ᠌ᠨ᠎ᠠ ᠭᠡᠪᠡ ᠃

   ᠸᠠᠩ ᠰᠢᠶᠣᠣ ᠫᠢᠩ ᠡᠩ ᠲᠡᠷᠢᠭᠦᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠣᠷᠳᠣ ᠬᠤᠭᠤᠴᠠᠭ᠋ᠠᠨ᠎ᠤ ᠲᠤᠷᠰᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ᠎ᠳᠤ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ ᠃ ᠲᠡᠷᠡ ᠂ ᠡᠨᠡ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ ᠳᠤᠮᠳᠠ ᠪᠢᠳᠡ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ ᠤᠷᠲᠤ ᠬᠤᠭᠤᠴᠠᠭ᠎ᠠ᠎ᠪᠠᠷ ᠬᠥᠭᠵᠢᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠵᠡᠷᠭᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ ᠂ ᠠᠯᠢ ᠣᠯᠠᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠂ ᠢᠯᠡᠳᠲᠡ ᠦᠷ᠎ᠡ ᠪᠦᠲᠦᠮᠵᠢ ᠣᠯᠣᠭᠰᠠᠨ᠎ᠢ ᠪᠡᠶᠡᠴᠢᠯᠡᠨ ᠮᠡᠳᠡᠷᠡᠪᠡ ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠥᠷ ᠮᠣᠩᠭᠣᠯ᠎ᠤᠨ ᠬᠥᠭᠵᠢᠯᠲᠡ ᠵᠢ ᠦᠷᠭᠦᠯᠵᠢᠯᠡᠨ ᠳᠡᠮᠵᠢᠵᠦ ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠵᠢ ᠠᠬᠢᠭᠤᠯᠬᠤ ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠬᠤ ᠂ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠬᠤ ᠂ ᠴᠠᠯᠢᠩ ᠥᠷᠢᠲᠦᠬᠦ ᠵᠢ ᠵᠠᠰᠠᠬᠤ ᠵᠡᠷᠭᠡ ᠲᠠᠯ᠎ᠠ᠎ᠪᠠᠷ ᠡᠷᠴᠢᠮ ᠵᠶ᠋ᠡᠨ ᠴᠢᠩᠭ᠋ᠠᠷᠠᠭᠤᠯᠵᠤ ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠨ᠎ᠡ ᠭᠡᠪᠡ ᠃

   ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠳ᠋ᠢᠩ ᠰᠢᠤ ᠹᠧᠩ ᠂ ᠢᠦᠢ ᠯᠢ ᠰᠢᠨ ᠂  ᠴᠢ᠊ ᠪᠠᠲᠤ  ᠠᠭᠤᠯᠵᠠᠯᠲᠠ᠎ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ 19 ᠵᠦᠢ᠍ᠯ᠎ᠤᠨ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠪᠠ
ᠱᠧᠩ ᠰᠢᠶᠣᠣ ᠶᠢᠥ ᠣᠷᠳᠣᠰ ᠬᠤᠲᠠ ᠵᠢᠨ ᠭᠤᠤᠯ᠎ᠤᠨ ᠵᠠᠮ᠎ᠢ ᠲᠦᠷᠢᠮᠡᠬᠡᠶ᠋ᠢᠯᠡᠨ ᠡᠵᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠶ ᠵᠢᠨ ᠭᠠᠵᠠᠷ᠎ᠲᠤᠨᠢ ᠬᠢᠨᠠᠨ ᠵᠢᠯᠣᠭᠤᠳᠪᠠ
ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠴᠠᠯᠢᠩ ᠥᠷᠢᠲᠦᠬᠦ ᠵᠢ ᠵᠠᠰᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
 
            