ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠄ ᠪᠣᠳᠠᠲᠠᠶ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2025-05-13

   ᠲᠦᠷᠦᠭᠦᠬᠡᠨ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠤᠰᠤᠨ ᠠᠰᠢᠭᠯᠠᠯᠲᠠ ᠵᠢᠨ ᠲᠢᠩᠬᠢᠮ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂  ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂  ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠪᠣᠳᠠᠲᠠᠶ ᠠᠷᠭ᠎ᠠ ᠬᠡᠮᠵᠢᠶ᠎ᠡ》 (ᠳᠣᠷᠣᠭᠰᠢ 《ᠪᠣᠳᠠᠲᠠᠶ ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ 19 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠨ᠂  ᠤᠰᠤ ᠠᠷᠪᠢᠯᠠᠬᠤ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂  ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃

  《ᠪᠣᠳᠠᠲᠠᠶ ᠠᠷᠭ᠎ᠠ ᠬᠡᠮᠵᠢᠶ᠎ᠡ》᠎ᠳᠤ᠂ 2025 ᠣᠨ᠎ᠳᠤ᠂  ᠥᠪᠥᠷ ᠮᠣᠩᠭᠤᠯ᠎ᠤᠨ ᠪᠥᠬᠦ ᠣᠷᠣᠨ᠎ᠤ ᠬᠡᠪᠴᠢᠶᠡᠨ᠎ᠳᠤ 20᠎ᠠᠴᠠ ᠳᠡᠭᠡᠭᠰᠢᠬᠢ ᠭᠡᠷ᠎ᠡ᠎ᠪᠠᠷ ᠤᠰᠤ ᠠᠷᠪᠢᠯᠠᠬᠤ ᠲᠥᠷᠥᠯ ᠵᠦᠢ᠍ᠯ᠎ᠢ ᠬᠡᠷᠡᠭᠵᠢᠭᠦᠯᠦᠨ᠎ᠡ᠃ 2027 ᠣᠨ ᠪᠣᠯᠬᠤ᠎ᠳᠤ᠂  ᠣᠲᠣ ᠵᠢᠨ ᠪᠠᠶ᠋ᠢᠭ᠎ᠠ ᠰᠠᠭᠤᠷᠢᠨ ᠳᠡᠭᠡᠷ᠎ᠡ ᠤᠰᠤ ᠠᠷᠪᠢᠯᠠᠬᠤ ᠠᠵᠤ ᠦᠢ᠍ᠯᠡᠰ᠎ᠤᠨ 3 — 5 ᠬᠥᠲᠥᠴᠢ ᠠᠵᠤ ᠠᠬᠤᠶ᠋ᠢᠯᠠᠯ᠎ᠢ ᠳᠠᠬᠢᠨ ᠪᠤᠶ᠋ᠢᠵᠢᠭᠤᠯᠵᠤ᠂  ᠣᠯᠠᠨ ᠡᠰᠢᠵᠢᠭᠰᠡᠨ ᠤᠰᠤ ᠠᠷᠪᠢᠯᠠᠬᠤ ᠠᠵᠤ ᠦᠢ᠍ᠯᠡᠰ᠎ᠤᠨ ᠵᠠᠬ᠎ᠠ ᠳᠡᠯᠭᠡᠭᠦᠷ᠎ᠢ ᠪᠣᠶ ᠪᠣᠯᠭ᠋ᠠᠨ᠎ᠠ᠃ 2035 ᠣᠨ ᠪᠣᠯᠬᠤ᠎ᠳᠤ᠂  ᠬᠥᠲᠥᠴᠢ ᠠᠵᠤ ᠠᠬᠤᠶ᠋ᠢᠯᠠᠯ᠎ᠤᠨ ᠲᠣᠭᠤᠷᠢᠨ᠎ᠳᠤ᠂  ᠤᠰᠤ ᠠᠷᠪᠢᠯᠠᠬᠤ ᠮᠡᠷᠭᠡᠵᠢᠯ ᠤᠷ᠎ᠠ ᠮᠡᠷᠭᠡᠰᠢᠯ᠂  ᠦᠢ᠍ᠯᠡᠳᠬᠦᠨ᠎ᠤ ᠲᠣᠨᠤᠭ ᠲᠥᠬᠦᠭᠡᠷᠦᠮᠵᠢ ᠦᠢ᠍ᠯᠡᠳᠬᠦ᠂  ᠬᠠᠮᠢᠶᠠᠷᠤᠯᠲᠠ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠎ᠠ᠎ᠳᠤ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠲᠣᠭᠲᠠᠴᠠ ᠵᠢ ᠪᠠᠶ᠋ᠢᠭᠤᠯᠤᠨ᠎ᠠ᠃

   ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠨᠢ ᠲᠠᠷᠢᠶᠠᠯᠠᠩ᠂  ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ᠂  ᠦᠢ᠍ᠯᠡᠴᠢᠯᠡᠭᠡᠨ᠎ᠤ ᠦᠢ᠍ᠯᠡᠰ ᠪᠠ ᠤᠯᠠᠨ ᠨᠡᠶ᠋ᠢᠲᠡ ᠵᠢᠨ ᠪᠠᠶ᠋ᠢᠭᠤᠯᠤᠮᠵᠢ᠂  ᠶᠡᠭᠡ ᠳᠡᠭᠡᠳᠦ ᠰᠤᠷᠭ᠋ᠠᠭᠤᠯᠢ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠭᠡᠷ᠎ᠡ᠎ᠪᠠᠷ ᠤᠰᠤ ᠠᠷᠪᠢᠯᠠᠬᠤ ᠬᠠᠮᠢᠶᠠᠷᠤᠯᠲᠠ ᠵᠢ ᠶᠡᠬᠡᠪᠡᠷ ᠳᠡᠯᠭᠡᠷᠡᠭᠦᠯᠦᠨ᠎ᠡ; ᠭᠤᠷᠪᠠᠳᠠᠬᠢ ᠡᠲᠡᠭᠡᠳ᠎ᠤᠨ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠢ ᠪᠤᠶ᠋ᠢᠵᠢᠭᠤᠯᠵᠤ᠂  ᠲᠥᠷᠥᠯ ᠵᠦᠢ᠍ᠯ᠎ᠢ ᠵᠣᠯᠭ᠋ᠠᠭᠤᠯᠬᠤ ᠦᠢ᠍ᠯᠡᠴᠢᠯᠡᠭᠡᠨ᠎ᠤ ᠲᠣᠭᠲᠠᠴᠠ ᠵᠢ ᠪᠠᠶ᠋ᠢᠭᠤᠯᠵᠤ᠂  ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂  ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠶᠡᠬᠡᠪᠡᠷ ᠠᠬᠢᠭᠤᠯᠤᠨ᠎ᠠ; ᠤᠰᠤ ᠶᠡᠭᠡ ᠬᠤᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ᠎ᠤᠨ ᠭᠡᠷ᠎ᠡ᠎ᠪᠠᠷ ᠤᠰᠤ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠤᠨ᠎ᠠ᠃  ᠤᠰᠤ ᠬᠡᠷᠡᠭᠯᠡᠬᠦ ᠬᠡᠮᠵᠢᠯᠲᠡ ᠵᠢᠨ ᠬᠢᠨᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠳᠬᠠᠵᠤ᠂  ᠪᠦᠬᠦ ᠣᠷᠣᠨ᠎ᠤ ᠡᠯ᠎ᠡ ᠠᠵᠢᠯ ᠲᠥᠷᠥᠯ᠎ᠤᠨ ᠤᠰᠤ ᠠᠪᠬᠤ ᠬᠢᠨᠠᠨ ᠬᠡᠮᠵᠢᠬᠦ ᠬᠡᠮᠵᠢᠯᠲᠡ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃  ᠡᠭᠦᠨ᠎ᠤ ᠬᠠᠮᠲᠤ᠂ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡ ᠵᠢ ᠠᠰᠢᠭᠯᠠᠵᠤ᠂  ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠲᠠᠷᠢᠶᠠᠯᠠᠩ ᠬᠥᠳᠡᠭᠡ ᠲᠣᠰᠬᠤᠨ᠎ᠤ ᠤᠰᠤ ᠠᠷᠪᠢᠯᠠᠬᠤ᠂  ᠠᠵᠤ ᠦᠢ᠍ᠯᠡᠳᠪᠦᠷᠢ ᠵᠢᠨ ᠤᠰᠤ ᠠᠷᠪᠢᠯᠠᠬᠤ᠂  ᠬᠤᠲᠠ ᠪᠠᠯᠭ᠋ᠠᠰᠤ ᠵᠢᠨ ᠤᠰᠤ ᠠᠷᠪᠢᠯᠠᠬᠤ᠂  ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠲᠣᠭᠤᠷᠢᠨ᠎ᠳᠤ ᠲᠤᠰᠬᠠᠶ᠋ᠢᠵᠢᠭᠰᠠᠨ ᠤᠰᠤ ᠠᠷᠪᠢᠯᠠᠬᠤ ᠥᠭᠡᠷᠡᠴᠢᠯᠡᠯᠲᠡ ᠵᠢᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠬᠤ ᠵᠢᠨ ᠬᠠᠮᠲᠤ᠂  ᠡᠯ᠎ᠡ ᠠᠵᠢᠯ ᠲᠥᠷᠥᠯ ᠬᠢᠭᠡᠳ ᠤᠰᠤ ᠠᠷᠪᠢᠯᠠᠬᠤ ᠠᠵᠤ ᠦᠢ᠍ᠯᠡᠰ᠎ᠤᠨ ᠬᠤᠭᠤᠷᠣᠨᠳᠣᠬᠢ ᠠᠭᠤᠰᠤᠯᠴᠠᠯ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂  ᠤᠰᠤ ᠠᠷᠪᠢᠯᠠᠬᠤ ᠠᠵᠤ ᠦᠢ᠍ᠯᠡᠰ᠎ᠤᠨ ᠪᠦᠯᠦᠭᠵᠢᠨ ᠬᠥᠭᠵᠢᠬᠦ ᠵᠢ ᠵᠣᠷᠢᠭᠵᠢᠭᠤᠯᠤᠨ᠎ᠠ᠃  ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠣᠯᠪᠣᠭ᠎ᠠ ᠵᠢ ᠵᠣᠬᠢᠶᠠᠨ ᠪᠠᠶ᠋ᠢᠭᠤᠯᠵᠤ᠂  ᠪᠡᠯᠡ ᠲᠣᠬᠢᠷᠠᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠪᠠ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂  ᠣᠯᠠᠨ ᠵᠦᠢ᠍ᠯ᠎ᠤᠨ ᠬᠡᠯᠪᠡᠷᠢ ᠵᠢᠨ ᠤᠰᠤ ᠠᠷᠪᠢᠯᠠᠬᠤ ᠦᠢ᠍ᠯᠡᠳᠬᠦᠨ᠎ᠤ ᠲᠣᠨᠣᠭ ᠲᠥᠬᠥᠭᠡᠷᠦᠮᠵᠢ ᠵᠢᠨ ᠳᠡᠯᠭᠡᠨ ᠪᠣᠷᠣᠯᠠᠭᠤᠯᠬᠤ ᠴᠤᠭᠯᠠᠭ᠋ᠠᠨ᠂  ᠠᠷᠠᠯᠵᠢᠶᠠᠨ᠎ᠤ ᠴᠤᠭᠯᠠᠭ᠋ᠠᠨ ᠪᠠ ᠮᠡᠷᠭᠡᠵᠢᠯ᠎ᠤᠨ ᠦᠵᠡᠭᠦᠯᠭᠡ ᠵᠢᠨ ᠴᠤᠭᠯᠠᠭ᠋ᠠᠨ ᠵᠡᠷᠭᠡ ᠰᠣᠯᠢᠯᠴᠠᠭ᠎ᠠ ᠬᠠᠮᠲᠤᠷᠠᠯᠴᠠᠭ᠋ᠠᠨ᠎ᠤ ᠲᠠᠪᠴᠠᠩ᠎ᠢ ᠢᠳᠡᠪᠬᠢᠲᠡᠶ ᠪᠠᠶ᠋ᠢᠭᠤᠯᠵᠤ᠂  ᠤᠰᠤ ᠠᠷᠪᠢᠯᠠᠬᠤ ᠤᠬᠠᠭᠤᠯᠭ᠎ᠠ ᠵᠢᠨ ᠵᠢᠯᠣᠭᠣᠳᠤᠮᠵᠢ ᠵᠢ ᠶᠡᠬᠡᠳᠭᠡᠵᠦ᠂  ᠤᠰᠤ ᠠᠷᠪᠢᠯᠠᠬᠤ ᠠᠵᠤ ᠦᠢ᠍ᠯᠡᠰ᠎ᠤᠨ ᠳᠡᠮᠵᠢᠯᠭᠡ ᠪᠠᠲᠤᠯᠠᠭ᠎ᠠ ᠵᠢ ᠲᠠᠰᠤᠷᠠᠯᠲᠠ ᠤᠢ᠍ᠭᠡᠢ ᠴᠢᠩᠭ᠋ᠠᠷᠠᠭᠤᠯᠬᠤ ᠬᠡᠷᠡᠭᠲᠡᠶ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 3.9 ᠲᠦᠮᠡᠨ ᠠᠵᠢᠯ ᠦᠢ᠍ᠯᠡᠰ᠎ᠤᠨ ᠨᠢᠭᠡᠴᠢ ᠵᠢᠨ ᠠᠯᠪᠠᠨ ᠦᠢ᠍ᠯᠡᠴᠢᠯᠡᠭᠡ ᠵᠢᠨ ᠤᠷ᠎ᠠ ᠮᠡᠷᠭᠡᠰᠢᠯ᠎ᠤᠨ ᠠᠵᠢᠯᠲᠠᠨ ᠠᠵᠢᠯ᠎ᠤᠨ ᠪᠠᠶ᠋ᠢᠷᠢ᠎ᠳᠤ ᠳᠡᠪᠰᠢᠪᠡ
ᠰᠦᠨ ᠱᠤᠤ ᠴᠧᠩ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ
ᠥᠪᠥᠷ ᠮᠣᠩᠭᠤᠯ 19 ᠵᠦᠢ᠍ᠯ᠎ᠤᠨ ᠠᠷᠭ᠎ᠠ ᠬᠡᠮᠵᠢᠶ᠎ᠡ ᠲᠣᠭᠲᠠᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠪᠠ
ᠱᠧᠩ ᠰᠢᠶᠣᠣ ᠶᠢᠥ ᠣᠷᠳᠣᠰ ᠬᠤᠲᠠ ᠵᠢᠨ ᠭᠤᠤᠯ᠎ᠤᠨ ᠵᠠᠮ᠎ᠢ ᠲᠦᠷᠢᠮᠡᠬᠡᠶ᠋ᠢᠯᠡᠨ ᠡᠵᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠶ ᠵᠢᠨ ᠭᠠᠵᠠᠷ᠎ᠲᠤᠨᠢ ᠬᠢᠨᠠᠨ ᠵᠢᠯᠣᠭᠤᠳᠪᠠ
 
            