ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠤᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠍ᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠢ ᠲᠦᠷᠭᠡᠳᠭᠡᠨ ᠬᠥᠭᠵᠢᠭᠦᠯᠬᠦ ᠪᠣᠳᠠᠲᠠᠢ ᠠᠷᠭ᠎ᠠ ᠬᠡᠮᠵᠢᠶ᠎ᠡ》 (ᠳᠤᠷᠤᠭᠰᠢ 《ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ 19 ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠵᠤ᠂ ᠤᠰᠤ ᠠᠷᠪᠢᠯᠠᠬᠤ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃
《ᠠᠷᠭ᠎ᠠ ᠬᠡᠮᠵᠢᠶ᠎ᠡ》᠎ᠳᠤ ᠲᠣᠳᠣᠷᠬᠠᠶ᠋ᠢᠯᠠᠭᠰᠠᠨ᠎ᠨᠢ᠂ 2025 ᠣᠨ᠎ᠳᠤ᠂ ᠥᠪᠥᠷ ᠮᠣᠩᠭᠤᠯ ᠪᠥᠬᠦ ᠣᠷᠣᠨ᠎ᠤ ᠬᠡᠪᠴᠢᠶᠡᠨ᠎ᠳᠤ 20᠎ᠠᠴᠠ ᠳᠡᠭᠡᠭᠰᠢᠬᠢ ᠭᠡᠷ᠎ᠡ᠎ᠪᠠᠷ ᠤᠰᠤ ᠠᠷᠪᠢᠯᠠᠬᠤ ᠲᠥᠷᠥᠯ ᠵᠦᠢ᠍ᠯ᠎ᠢ ᠬᠡᠷᠡᠭᠵᠢᠭᠦᠯᠦᠨ᠎ᠡ᠃ 2027 ᠣᠨ ᠪᠣᠯᠬᠤ᠎ᠳᠤ᠂ ᠣᠳᠣ ᠵᠢᠨ ᠪᠠᠶ᠋ᠢᠭ᠎ᠠ ᠰᠠᠭᠤᠷᠢᠨ ᠳᠡᠭᠡᠷ᠎ᠡ ᠤᠰᠤ ᠠᠷᠪᠢᠯᠠᠬᠤ ᠠᠵᠤ ᠦᠢ᠍ᠯᠡᠰ᠎ᠤᠨ 3 — 5 ᠠᠵᠤ ᠠᠬᠤᠶ᠋ᠢᠯᠠᠯ᠎ᠢ ᠳᠠᠬᠢᠨᠲᠠ ᠪᠣᠶ᠋ᠢᠵᠢᠭᠤᠯᠵᠤ᠂ ᠤᠰᠤ ᠠᠷᠪᠢᠯᠠᠬᠤ ᠣᠯᠠᠨ ᠡᠰᠢᠵᠢᠭᠰᠡᠨ ᠠᠵᠤ ᠦᠢ᠍ᠯᠡᠰ᠎ᠤᠨ ᠵᠠᠬ᠎ᠠ ᠳᠡᠯᠭᠡᠭᠦᠷ᠎ᠢ ᠪᠤᠶ ᠪᠣᠯᠭ᠋ᠠᠨ᠎ᠠ᠃ 2035 ᠣᠨ ᠪᠣᠯᠬᠤ᠎ᠳᠤ᠂ ᠬᠥᠲᠥᠴᠢ ᠠᠵᠤ ᠠᠬᠤᠶ᠋ᠢᠯᠠᠯ᠎ᠤᠨ ᠲᠣᠭᠤᠷᠢᠨ᠎ᠳᠤ᠂ ᠤᠰᠤ ᠠᠷᠪᠢᠯᠠᠬᠤ ᠮᠡᠷᠭᠡᠵᠢᠯ ᠤᠷ᠎ᠠ ᠮᠡᠷᠭᠡᠰᠢᠯ᠂ ᠦᠢ᠍ᠯᠡᠳᠬᠦᠨ᠎ᠤ ᠲᠣᠨᠤᠭ ᠲᠥᠬᠦᠭᠡᠷᠦᠮᠵᠢ ᠦᠢ᠍ᠯᠡᠳᠬᠦ᠂ ᠬᠠᠮᠢᠶᠠᠷᠤᠯᠲᠠ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠎ᠠ᠎ᠳᠤ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠲᠣᠭᠲᠠᠴᠠ ᠵᠢ ᠪᠠᠶ᠋ᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠲᠠᠷᠢᠶᠠᠯᠠᠩ᠂ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ᠂ ᠦᠢ᠍ᠯᠡᠴᠢᠯᠡᠭᠡᠨ᠎ᠤ ᠦᠢ᠍ᠯᠡᠰ ᠪᠠ ᠣᠯᠠᠨ ᠨᠡᠶ᠋ᠢᠲᠡ ᠵᠢᠨ ᠪᠠᠶ᠋ᠢᠭᠤᠯᠤᠮᠵᠢ᠂ ᠶᠡᠭᠡ ᠳᠡᠭᠡᠳᠦ ᠰᠤᠷᠭ᠋ᠠᠭᠤᠯᠢ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠡᠷ᠎ᠡ᠎ᠪᠠᠷ ᠤᠰᠤ ᠠᠷᠪᠢᠯᠠᠬᠤ ᠬᠠᠮᠢᠶᠠᠷᠤᠯᠲᠠ ᠵᠢ ᠶᠡᠬᠡᠪᠡᠷ ᠳᠡᠯᠭᠡᠷᠡᠭᠦᠯᠦᠨ᠎ᠡ; ᠭᠤᠷᠪᠠᠳᠠᠬᠢ ᠡᠲᠡᠭᠡᠳ᠎ᠤᠨ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠢ ᠪᠤᠶ᠋ᠢᠵᠢᠭᠤᠯᠵᠤ᠂ ᠲᠥᠷᠥᠯ ᠵᠦᠢ᠍ᠯ᠎ᠢ ᠵᠣᠯᠭ᠋ᠠᠭᠤᠯᠬᠤ ᠦᠢ᠍ᠯᠡᠴᠢᠯᠡᠭᠡᠨ᠎ᠤ ᠲᠣᠭᠲᠠᠴᠠ ᠵᠢ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠶᠡᠬᠡᠪᠡᠷ ᠠᠬᠢᠭᠤᠯᠤᠨ᠎ᠠ; ᠤᠰᠤ ᠶᠡᠭᠡ ᠬᠤᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ᠎ᠤᠨ ᠭᠡᠷ᠎ᠡ᠎ᠪᠠᠷ ᠤᠰᠤ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ ᠵᠢᠨ ᠬᠠᠮᠲᠤ᠂ ᠤᠰᠤ ᠬᠡᠷᠡᠭᠯᠡᠬᠦ ᠵᠢ ᠬᠡᠮᠵᠢᠬᠦ ᠬᠢᠨᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠷᠠᠭᠤᠯᠵᠤ᠂ ᠪᠦᠬᠦ ᠣᠷᠣᠨ᠎ᠤ ᠡᠯ᠎ᠡ ᠠᠵᠢᠯ ᠲᠥᠷᠥᠯ᠎ᠤᠨ ᠤᠰᠤ ᠠᠪᠬᠤ ᠬᠢᠨᠠᠨ ᠬᠡᠮᠵᠢᠬᠦ ᠬᠡᠮᠵᠢᠯᠲᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃
ᠤᠰᠤ ᠠᠷᠪᠢᠯᠠᠬᠤ ᠬᠥᠲᠥᠴᠢ ᠠᠵᠤ ᠠᠬᠤᠶ᠋ᠢᠯᠠᠯ᠎ᠢ ᠪᠣᠶ᠋ᠢᠵᠢᠭᠤᠯᠬᠤ ᠲᠠᠯ᠎ᠠ᠎ᠪᠠᠷ᠂ ᠥᠪᠥᠷ ᠮᠣᠩᠭᠣᠯ ᠨᠥᠬᠥᠴᠡᠯ᠎ᠳᠤ ᠨᠡᠶ᠋ᠢᠴᠡᠭᠰᠡᠨ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ 《ᠲᠤᠰᠬᠠᠶ ᠨᠠᠷᠢᠯᠢᠭ ᠣᠨᠴᠠ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ᠎ᠢ ᠭᠤᠶᠤᠴᠢᠯᠠᠨ ᠮᠡᠳᠡᠭᠦᠯᠬᠦ ᠵᠢ ᠳᠡᠮᠵᠢᠪᠡ᠃ ᠡᠭᠦᠨ᠎ᠤ ᠬᠠᠮᠲᠤ᠂ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡ ᠵᠢ ᠠᠰᠢᠭᠯᠠᠵᠤ᠂ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠲᠠᠷᠢᠶᠠᠯᠠᠩ ᠬᠥᠳᠡᠭᠡ ᠲᠣᠰᠬᠤᠨ᠎ᠤ ᠤᠰᠤ ᠠᠷᠪᠢᠯᠠᠬᠤ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ᠂ ᠬᠤᠲᠠ ᠪᠠᠯᠭ᠋ᠠᠰᠤ ᠵᠢᠨ ᠤᠰᠤ ᠠᠷᠪᠢᠯᠠᠬᠤ᠂ ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠲᠣᠭᠤᠷᠢᠨ᠎ᠳᠤ ᠲᠤᠰᠬᠠᠶ᠋ᠢᠵᠢᠭᠰᠠᠨ ᠤᠰᠤ ᠠᠷᠪᠢᠯᠠᠬᠤ ᠥᠭᠡᠷᠡᠴᠢᠯᠡᠯᠲᠡ ᠵᠢᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠬᠤ ᠵᠢᠨ ᠬᠠᠮᠲᠤ᠂ ᠡᠯ᠎ᠡ ᠠᠵᠢᠯ ᠲᠥᠷᠥᠯ ᠬᠢᠭᠡᠳ ᠤᠰᠤ ᠠᠷᠪᠢᠯᠠᠬᠤ ᠠᠵᠤ ᠦᠢ᠍ᠯᠡᠰ᠎ᠤᠨ ᠬᠤᠭᠤᠷᠣᠨᠳᠣᠬᠢ ᠠᠭᠤᠰᠤᠯᠴᠠᠯ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠤᠰᠤ ᠠᠷᠪᠢᠯᠠᠬᠤ ᠠᠵᠤ ᠦᠢ᠍ᠯᠡᠰ᠎ᠤᠨ ᠪᠦᠯᠦᠭᠵᠢᠯ᠎ᠤᠨ ᠬᠥᠭᠵᠢᠯᠲᠡ ᠵᠢ ᠵᠣᠷᠢᠭᠵᠢᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠎ᠠ ᠵᠢ ᠵᠣᠬᠢᠶᠠᠨ ᠪᠠᠶ᠋ᠢᠭᠤᠯᠵᠤ᠂ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠪᠠ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠣᠯᠠᠨ ᠵᠦᠢ᠍ᠯ᠎ᠤᠨ ᠬᠡᠯᠪᠡᠷᠢ ᠵᠢᠨ ᠤᠰᠤ ᠠᠷᠪᠢᠯᠠᠬᠤ ᠦᠢ᠍ᠯᠡᠳᠬᠦᠨ᠎ᠤ ᠲᠣᠨᠤᠭ ᠲᠥᠬᠦᠭᠡᠷᠦᠮᠵᠢ ᠵᠢᠨ ᠳᠡᠯᠭᠡᠨ ᠪᠣᠷᠣᠯᠠᠭᠤᠯᠬᠤ ᠴᠤᠭᠯᠠᠭ᠋ᠠᠨ᠂ ᠠᠷᠠᠯᠵᠢᠶᠠᠨ᠎ᠤ ᠴᠤᠭᠯᠠᠭ᠋ᠠᠨ ᠪᠠ ᠮᠡᠷᠭᠡᠵᠢᠯ᠎ᠤᠨ ᠦᠵᠡᠭᠦᠯᠭᠡ ᠵᠢᠨ ᠴᠤᠭᠯᠠᠭ᠋ᠠᠨ ᠵᠡᠷᠭᠡ ᠰᠣᠯᠢᠯᠴᠠᠭ᠎ᠠ ᠬᠠᠮᠲᠤᠷᠠᠯᠴᠠᠭ᠋ᠠᠨ᠎ᠤ ᠲᠠᠪᠴᠠᠩ᠎ᠢ ᠢᠳᠡᠪᠬᠢᠲᠡᠶ ᠪᠠᠶ᠋ᠢᠭᠤᠯᠵᠤ᠂ ᠤᠰᠤ ᠠᠷᠪᠢᠯᠠᠬᠤ ᠤᠬᠠᠭᠤᠯᠭ᠎ᠠ ᠵᠢᠯᠣᠭᠤᠳᠤᠯᠭ᠎ᠠ ᠵᠢ ᠴᠢᠩᠭ᠋ᠠᠷᠠᠭᠤᠯᠤᠨ᠂ ᠤᠰᠤ ᠠᠷᠪᠢᠯᠠᠬᠤ ᠠᠵᠤ ᠦᠢ᠍ᠯᠡᠰ᠎ᠤᠨ ᠳᠡᠮᠵᠢᠯᠭᠡ ᠪᠠᠲᠤᠯᠠᠭ᠎ᠠ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ᠃