ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠧᠩ ᠰᠢᠶᠣᠣ ᠶᠢᠥ ᠣᠷᠳᠣᠰ ᠬᠤᠲᠠ ᠵᠢᠨ ᠭᠤᠤᠯ᠎ᠤᠨ ᠵᠠᠮ᠎ᠢ ᠲᠦᠷᠢᠮᠡᠬᠡᠶ᠋ᠢᠯᠡᠨ ᠡᠵᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠶ ᠵᠢᠨ ᠭᠠᠵᠠᠷ᠎ᠲᠤᠨᠢ ᠬᠢᠨᠠᠨ ᠵᠢᠯᠣᠭᠤᠳᠪᠠ
ᠨᠡᠶ᠋ᠢᠲᠡᠯᠡᠭᠰᠡᠨ ᠴᠠᠭ᠄ 2025-05-17

  5 ᠳ᠋ᠤᠭ᠋ᠠᠷ ᠰᠠᠷ᠎ᠠ ᠵᠢᠨ 17᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠣᠷᠳᠣᠰ ᠬᠤᠲᠠ ᠵᠢᠨ ᠵᠡᠭᠦᠨᠭ᠋ᠠᠷ ᠬᠤᠰᠢᠭᠤᠨ᠎ᠳᠤ ᠭᠦᠨᠵᠡᠭᠡᠶ᠋ᠢᠷᠡᠨ ᠠᠭᠤᠷᠬᠠᠶ ᠵᠢᠨ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠢ ᠡᠵᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠬᠢᠨᠠᠨ ᠵᠢᠯᠣᠭᠤᠳᠪᠠ᠃ ᠣᠷᠳᠣᠰ ᠬᠤᠲᠠ ᠵᠢᠨ ᠾᠧ᠎ᠲᠠᠢ ᠨᠡᠭᠦᠷᠡᠰᠦᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠾᠧ᠎ᠲᠠᠢ ᠨᠡᠭᠦᠷᠡᠰᠦᠨ ᠠᠭᠤᠷᠬᠠᠶ᠂ ᠥᠪᠥᠷ ᠮᠣᠩᠭᠤᠯ᠎ᠤᠨ ᠰᠢ ᠮᠧᠩ ᠶᠤᠸᠠᠢ ᠳ᠋ᠠ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠤᠯᠠᠭ᠋ᠠᠨ ᠰᠤᠪᠠᠭ᠎ᠤᠨ ᠨᠡᠭᠦᠷᠡᠰᠦᠨ ᠠᠭᠤᠷᠬᠠᠶ ᠵᠡᠷᠭᠡ ᠠᠭᠤᠷᠬᠠᠶ ᠵᠢᠨ ᠣᠷᠣᠨ᠎ᠤ ᠭᠤᠤᠯ᠎ᠤᠨ ᠵᠠᠮ᠎ᠢ ᠡᠵᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠲᠤᠬᠠᠶ ᠵᠢᠨ ᠲᠠᠯᠠᠪᠠᠶ᠎ᠳᠤ᠎ᠨᠢ ᠪᠠᠶ᠋ᠢᠴᠠᠭ᠋ᠠᠨ ᠦᠵᠡᠭᠰᠡᠨ᠎ᠤ ᠳᠠᠷᠠᠭ᠎ᠠ᠂ ᠲᠠᠷᠠᠭ᠋ᠠᠴᠢ ᠵᠢᠨ ᠠᠯᠬᠤᠮ᠎ᠤᠨ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠪᠠ ᠵᠠᠰᠠᠵᠤ ᠬᠢᠨᠠᠨ ᠬᠠᠮᠢᠶᠠᠷᠬᠤ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠪᠠ᠃

   ᠱᠧᠩ ᠰᠢᠶᠣᠣ ᠶᠢᠤ᠂ ᠣᠷᠳᠣᠰ ᠬᠤᠲᠠ ᠢᠮᠠᠭᠲᠠ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠬᠤᠯᠠ ᠶᠡᠭᠡ ᠤᠯᠤᠰ ᠲᠥᠷᠥ ᠵᠢᠨ ᠡᠭᠦᠷᠭᠡ       ᠪᠣᠯᠭ᠋ᠠᠵᠤ᠂ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠠᠵᠢᠯ᠎ᠤᠨ ᠨᠡᠶ᠋ᠢᠯᠡᠮᠡᠯ ᠬᠦᠴᠦᠨ᠎ᠢ ᠨᠢᠭᠲᠠᠷᠠᠭᠤᠯᠬᠤ ᠬᠡᠷᠡᠭᠲᠡᠶ᠃ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠭᠡᠳᠡᠭ᠎ᠢ ᠪᠠᠷᠢᠮᠲᠠᠯᠠᠵᠤ᠂ ᠡᠩ ᠲᠡᠷᠢᠭᠦᠨ᠎ᠳᠤ ᠠᠰᠠᠭᠤᠳᠠᠯ᠎ᠢ ᠣᠯᠵᠤ ᠮᠡᠳᠡᠪᠡᠯ ᠴᠡᠭᠴᠡᠯᠡᠨ ᠰᠠᠶ᠋ᠢᠵᠢᠷᠠᠭᠤᠯᠬᠤ ᠵᠢ ᠪᠠᠷᠢᠨ ᠭᠦᠢ᠍ᠴᠡᠳᠬᠡᠬᠦ ᠪᠠᠴᠢᠮ ᠡᠭᠦᠷᠭᠡ ᠪᠣᠯᠭ᠋ᠠᠵᠤ᠂ ᠰᠠᠶ᠋ᠢᠲᠤᠷ ᠥᠭᠡᠷᠡᠴᠢᠯᠡᠵᠦ᠂ ᠲᠦᠢ᠍ᠯᠪᠤᠷᠢᠲᠠᠢ ᠥᠭᠡᠷᠡᠴᠢᠯᠡᠬᠦ ᠬᠡᠷᠡᠭᠲᠡᠢ᠃ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠬᠦᠯᠬᠦ᠎ᠪᠠᠷ ᠭᠤᠣᠯᠳᠠᠯᠭ᠎ᠠ ᠪᠣᠯᠭ᠋ᠠᠵᠤ᠂ ᠪᠤᠷᠤᠭᠤ ᠵᠢ ᠥᠭᠡᠷᠡᠴᠢᠯᠡᠬᠦ᠂ ᠲᠣᠭᠲᠠᠴᠠ ᠵᠢ ᠥᠭᠡᠷᠡᠴᠢᠯᠡᠬᠦ᠂ ᠪᠠᠶ᠋ᠢᠷᠢᠰᠢᠯ᠎ᠢ ᠰᠠᠶ᠋ᠢᠵᠢᠷᠠᠭᠤᠯᠬᠤ᠂ ᠰᠤᠷᠲᠠᠯ᠎ᠢ ᠰᠠᠶ᠋ᠢᠵᠢᠷᠠᠭᠤᠯᠬᠤ ᠵᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭᠲᠡᠢ᠃ ᠭᠤᠣᠯ᠎ᠤᠨ ᠵᠠᠮ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠮᠡᠳᠡᠮᠡᠭᠴᠡ ᠰᠠᠶ᠋ᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶ᠋ᠢᠵᠢᠷᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ᠎ᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠴᠢᠩᠭ᠎ᠠ ᠪᠠᠶ᠋ᠢᠵᠤ᠂ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠬᠤ ᠲᠠᠯ᠎ᠠ᠎ᠪᠠᠷ ᠪᠣᠳᠠᠲᠠᠢ ᠪᠠᠶ᠋ᠢᠵᠤ᠂ ᠭᠤᠣᠯ ᠮᠥᠷᠡᠨ ᠨᠠᠭᠤᠷ ᠴᠥᠭᠦᠷᠥᠮ᠎ᠢ ᠡᠵᠡᠯᠡᠭᠰᠡᠨ ᠵᠡᠷᠭᠡ ᠠᠮᠢ ᠠᠬᠤᠢ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠣᠳᠣᠬᠠᠨ᠎ᠳᠤ᠂ ᠣᠷᠳᠣᠰ ᠬᠤᠲᠠ ᠵᠢᠨ ᠭᠤᠤᠯ ᠮᠥᠷᠡᠨ ᠨᠠᠭᠤᠷ ᠴᠥᠭᠦᠷᠥᠮ᠎ᠳᠤ ᠬᠤᠯᠪᠣᠭᠳᠠᠭᠰᠠᠨ 6 ᠠᠰᠠᠭᠤᠳᠠᠯ᠎ᠢ ᠴᠥᠮ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠦᠷᠭᠦᠯᠵᠢᠯᠡᠨ ᠳᠠᠭ᠋ᠠᠵᠤ᠂ ᠲᠤᠬᠠᠶ ᠵᠢᠨ ᠭᠠᠵᠠᠷ᠎ᠤᠨ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ᠎ᠪᠠᠨ ᠪᠠᠬᠢᠵᠢᠭᠦᠯᠬᠦ ᠵᠢ ᠬᠢᠨᠠᠨ ᠵᠢᠯᠣᠭᠤᠳᠴᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠠᠰᠠᠭᠤᠳᠠᠯ ᠳᠠᠬᠢᠨ ᠡᠭᠦᠰᠬᠦ ᠵᠢ ᠰᠡᠷᠭᠡᠶ᠋ᠢᠯᠡᠨ᠎ᠡ᠃

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ᠂ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠠᠯᠪᠠᠨ ᠲᠠᠰᠤᠭ᠂ ᠣᠷᠳᠣᠰ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠤᠲᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠴᠠᠯᠢᠩ ᠥᠷᠢᠲᠦᠬᠦ ᠵᠢ ᠵᠠᠰᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
 
            