ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠴᠠᠯᠢᠩ ᠥᠷᠢᠲᠦᠬᠦ ᠵᠢ ᠵᠠᠰᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2025-05-21

  5 ᠰᠠᠷ᠎ᠠ ᠵᠢᠨ 20᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ᠂  ᠬᠡᠰᠡᠭ ᠬᠣᠰᠢᠭᠤ ᠰᠢᠶᠠᠨ (  ᠬᠤᠳᠠ᠂  ᠲᠣᠭᠣᠷᠢᠭ )᠎ᠤ  ᠴᠠᠯᠢᠩ ᠥᠷᠢᠲᠦᠬᠦ ᠵᠢ ᠵᠠᠰᠠᠭᠰᠠᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂  ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃

   ᠰᠦᠨ ᠱᠤᠤ ᠴᠧᠩ᠂  ᠡᠯ᠎ᠡ ᠱᠠᠲᠤᠨ᠎ᠤ᠎ᠬᠢᠨ ᠴᠠᠯᠢᠩ ᠥᠷᠢᠲᠦᠬᠦ ᠵᠢ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠴᠠᠯᠢᠩ ᠥᠷᠢᠲᠦᠬᠦ ᠠᠰᠠᠭᠤᠳᠠᠯ᠎ᠢ ᠰᠢᠢ᠍ᠳᠪᠦᠷᠢᠯᠡᠬᠦ ᠵᠢ ᠤᠬᠠᠮᠰᠠᠷ᠎ᠠᠴᠠ᠎ᠪᠠᠨ ᠨᠢᠭᠡᠨ ᠲᠤᠢ᠌ᠯ᠎ᠤᠨ ᠴᠢᠬᠤᠯᠠ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠭ᠋ᠠᠨ ᠠᠳᠬᠤᠵᠤ᠂  ᠴᠢᠩᠭ᠎ᠠ ᠠᠷᠭ᠎ᠠ ᠬᠡᠮᠵᠢᠶ᠎ᠡ ᠠᠪᠴᠤ᠂  ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂  ᠬᠥᠯᠥᠰᠦᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠠᠮᠠᠭ᠋ᠠᠯᠠᠬᠤ ᠬᠡᠷᠡᠭᠲᠡᠢ᠃  ᠡᠷᠡᠰ ᠰᠢᠭᠤᠷᠬᠠᠢ᠎ᠪᠠᠷ ᠬᠦᠴᠢᠷ᠎ᠢ ᠲᠤᠭᠤᠯᠤᠨ ᠪᠡᠷᠬᠡ ᠵᠢ ᠳᠠᠪᠠᠬᠤ ᠡᠷᠴᠢ ᠵᠣᠷᠢᠭ᠎ᠢ ᠡᠪᠦᠷᠯᠡᠵᠦ᠂  ᠬᠠᠲᠠᠭᠤ ᠣᠪᠣᠷ ᠵᠶ᠋ᠠᠨ ᠢᠯᠡᠷᠡᠭᠦᠯᠵᠦ᠂  ᠡᠯ᠎ᠡ ᠲᠦᠷᠦᠯ᠎ᠤᠨ ᠴᠠᠯᠢᠩ ᠥᠷᠢᠲᠦᠬᠦ ᠠᠰᠠᠭᠤᠳᠠᠯ᠎ᠢ ᠬᠠᠤᠯᠢ ᠶᠣᠰᠣᠭ᠋ᠠᠷ ᠰᠢᠢ᠍ᠳᠪᠦᠷᠢᠯᠡᠵᠦ᠂  ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂   ᠬᠠᠤᠯᠢ ᠬᠡᠷᠡᠭᠵᠢᠭᠦᠯᠦᠯᠲᠡ ᠵᠢᠨ ᠰᠦᠷᠳᠡᠭᠦᠯᠬᠦ ᠬᠦᠴᠦᠨ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠢ᠃  ᠳᠠᠷᠤᠢ᠌ᠬᠠᠨ ᠳᠠᠭᠢᠨ ᠬᠥᠳᠡᠯᠦᠯᠴᠡᠵᠦ᠂  ᠤᠳᠤ ᠵᠢᠨ ᠠᠵᠢᠯ᠎ᠤᠨ ᠰᠠᠭᠤᠷᠢᠨ ᠳᠡᠭᠡᠷ᠎ᠡ ᠪᠠᠢ᠌ᠴᠠᠭ᠋ᠠᠨ ᠣᠢ᠌ᠯᠠᠭ᠋ᠠᠬᠤ ᠵᠢᠨ ᠳᠠᠭ᠋ᠠᠤ ᠥᠷᠢ ᠰᠢᠷᠢ ᠵᠢ ᠠᠷᠢᠯᠭ᠋ᠠᠵᠤ ᠲᠣᠭᠲᠠᠴᠠ ᠵᠢ ᠲᠡᠭᠦᠯᠳᠡᠷᠵᠢᠭᠦᠯᠵᠦ᠂  ᠲᠥᠷᠥᠯ ᠬᠤᠪᠢᠶᠠᠨ ᠦᠨᠳᠦᠰᠦᠨ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ᠂  ᠤᠷᠢᠳ ᠵᠶ᠋ᠠᠷ ᠰᠢᠢ᠍ᠳᠪᠦᠷᠢᠯᠡᠬᠦ ᠳᠡᠰ ᠳᠠᠷᠠᠭ᠋ᠠᠯᠠᠯ ᠭᠠᠷᠭ᠋ᠠᠵᠤ ᠥᠷᠢ ᠰᠢᠷᠢ ᠵᠢ ᠲᠦᠷᠭᠡᠨ ᠠᠷᠢᠯᠭ᠋ᠠᠵᠤ᠂  ᠤᠷᠢᠳᠴᠢᠯᠠᠨ ᠰᠡᠷᠭᠡᠢ᠌ᠯᠡᠬᠦ᠂  ᠰᠢᠢ᠍ᠳᠪᠦᠷᠢᠯᠡᠬᠦ ᠵᠡᠷᠭᠡ ᠲᠣᠭᠲᠠᠴᠠ ᠵᠢ ᠰᠢᠯᠤᠭᠤᠳᠬᠠᠵᠤ᠂  ᠬᠠᠮᠤᠭ᠎ᠤᠨ ᠣᠬᠣᠷᠬᠠᠨ ᠬᠤᠭᠤᠴᠠᠭ᠋ᠠᠨ᠎ᠳᠤ ᠬᠥᠯᠥᠰᠦᠨ ᠲᠠᠷᠢᠶᠠᠴᠢᠨ ᠠᠬ᠎ᠠ ᠳᠡᠭᠦᠦ ᠨᠠᠷ᠎ᠲᠤ ᠠᠪᠤᠨ ᠳᠣᠣᠷ᠎ᠠ᠎ᠪᠠᠨ ᠠᠮᠵᠢᠯᠲᠠ ᠣᠯᠣᠭᠰᠠᠨ ᠦᠷ᠎ᠡ ᠪᠦᠲᠦᠮᠵᠢ ᠵᠢ ᠮᠡᠳᠡᠷᠡᠭᠦᠯᠬᠦ᠎ᠪᠠᠷ ᠴᠢᠷᠮᠠᠢ᠌ᠬᠤ ᠬᠡᠷᠡᠭᠲᠡᠢ᠃  ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂  ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂  ᠴᠠᠯᠢᠩ ᠥᠷᠢᠲᠦᠬᠦ ᠵᠢ ᠵᠠᠰᠠᠬᠤ ᠠᠵᠢᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂  ᠥᠪᠡᠷᠲᠡᠭᠡᠨ ᠵᠠᠰᠠᠬᠤ ᠣᠷᠣᠨ᠎ᠤ ᠬᠥᠯᠥᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ᠎ᠢ ᠲᠣᠭᠲᠠᠭ᠋ᠠᠭᠰᠠᠨ ᠵᠶ᠋ᠠᠷ ᠠᠵᠠ ᠲᠣᠭᠢᠶᠠᠯ ᠪᠤᠯᠭ᠋ᠠᠵᠤ᠂  ᠴᠠᠯᠢᠩ ᠥᠷᠢᠲᠦᠬᠦ ᠠᠰᠠᠭᠤᠳᠠᠯ᠎ᠢ ᠰᠢᠢ᠍ᠳᠪᠦᠷᠢᠯᠡᠬᠦ ᠵᠢ ᠬᠠᠤᠯᠢ᠎ᠪᠠᠷ ᠵᠠᠰᠠᠬᠤ ᠵᠠᠮ᠎ᠳᠤ ᠤᠯᠠᠮ ᠨᠢᠭᠡ ᠠᠯᠬᠤᠮ ᠣᠷᠣᠭᠤᠯᠵᠤ᠂  ᠬᠥᠳᠡᠯᠮᠦᠷᠢᠴᠢᠨ ᠠᠵᠤ ᠠᠬᠤᠢ᠌ᠯᠠᠯ ᠬᠣᠶᠠᠷ ᠲᠠᠯ᠎ᠠ ᠵᠢᠨ ᠬᠠᠤᠯᠢ ᠵᠢ ᠬᠦᠨᠳᠦᠳᠬᠡᠬᠦ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠤᠬᠠᠮᠰᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃

   ᠢᠦᠢ ᠯᠢ ᠰᠢᠨ᠂  ᠴᠢ᠊ ᠪᠠᠲᠤ ᠬᠤᠷᠠᠯ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
ᠥᠪᠥᠷ ᠮᠣᠩᠭᠤᠯ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠣᠷᠣᠨ ᠵᠠᠶ ᠵᠢ ᠬᠠᠮᠠᠭ᠋ᠠᠯᠠᠬᠤ ᠪᠠᠶ᠋ᠢᠷᠢᠰᠢᠯ᠎ᠢ ᠦᠨᠳᠦᠰᠦᠨ᠎ᠳᠡᠭᠡᠨ ᠪᠠᠶ᠋ᠢᠭᠤᠯᠪᠠ
ᠯᠢ ᠭᠦᠸᠧ ᠶᠢᠩ ᠤᠯᠠᠨ ᠤᠯᠤᠰ᠎ᠤᠨ ᠶᠡᠭᠡ ᠬᠠᠰᠢᠯᠭ᠎ᠠ ᠵᠢᠨ ᠵᠥᠪᠯᠡᠯ᠎ᠤᠨ 93 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ᠎ᠳᠤ ᠣᠷᠣᠯᠴᠠᠵᠤ 《ᠲᠣᠭ᠋ᠠᠴᠢᠯᠠᠭᠰᠠᠨ ᠤᠶᠤᠨᠴᠢ᠎ᠪᠠᠷ ᠡᠨᠧᠷᠭᠢ ᠣᠯᠭᠤᠬᠤ ᠤᠰᠤᠨ ᠴᠥᠭᠦᠷᠥᠮ᠎ᠤᠨ ᠶᠡᠭᠡ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭᠤᠯᠵᠤ ᠬᠠᠮᠠᠭ᠋ᠠᠯᠠᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ
 
            