ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠮᠠᠷᠠᠲᠤ ᠬᠢᠯᠢ ᠵᠢᠨ ᠨᠣᠮᠢᠨ ᠨᠣᠭᠤᠭ᠋ᠠᠨ ᠵᠢᠷᠤᠭ ᠵᠶ᠋ᠠᠷ ᠵᠢᠷᠤᠭᠯᠠᠨᠠᠮ — ᠥᠪᠥᠷ ᠮᠣᠩᠭᠤᠯ᠎ᠤᠨ ᠤᠰᠤᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠎ᠳᠤ ᠨᠢᠳᠦ ᠭᠢᠯᠠᠰᠤᠮ᠎ᠠ 《ᠬᠢᠷᠢ ᠪᠦᠲᠦᠮᠵᠢ ᠵᠢᠨ ᠬᠠᠭᠤᠳᠠᠰᠤ》 ᠲᠤᠰᠢᠶᠠᠪᠠ
ᠨᠡᠶ᠋ᠢᠲᠡᠯᠡᠭᠰᠡᠨ ᠴᠠᠭ᠄ 2025-05-22

1.jpg

2.jpg

ᠤᠯᠠᠭ᠋ᠠᠨᠰᠤᠬᠠᠢ ᠨᠠᠭᠤᠷ ᠨᠣᠮᠢᠨ ᠳᠣᠯᠭᠢᠶᠠᠨ ᠳᠠᠪᠠᠯᠭ᠋ᠠᠯᠠᠨ᠎ᠠ


3.jpg


ᠤᠰᠤ ᠠᠷᠪᠢᠯᠠᠬᠤ ᠰᠦᠷᠴᠢᠨ ᠤᠰᠤᠯᠠᠬᠤ ᠲᠥᠬᠥᠭᠡᠷᠦᠮᠵᠢ


4.jpg


ᠪᠠᠷᠠᠭᠤᠨ ᠯᠢᠶᠤᠤᠾᠸ ᠭᠣᠣᠯ᠎ᠤᠨ ᠭᠣᠣᠯ ᠤᠷᠤᠰᠬᠠᠯ ᠪᠦᠬᠦ ᠱᠤᠭᠤᠮ ᠵᠶ᠋ᠠᠷ ᠥᠩᠭᠡᠷᠡᠬᠦ ᠵᠢ ᠪᠡᠶᠡᠯᠡᠭᠦᠯᠪᠡ


5.jpg


ᠤᠰᠤ᠎ᠨᠢ ᠰᠠᠢ᠌ᠬᠠᠨ ᠴᠡᠯᠡᠭᠡᠷ ᠲᠠᠯ᠎ᠠ

 

   ᠤᠰᠤᠨ᠎ᠤ ᠬᠠᠪᠢ᠎ᠪᠠᠷ ᠣᠷᠣᠰᠢᠨ ᠰᠠᠭᠤᠵᠤ᠂  ᠤᠰᠤᠨ᠎ᠤ ᠰᠤᠩᠭᠤᠯᠲᠠ᠎ᠳᠤ ᠨᠤᠲᠤᠭᠰᠢᠳᠠᠭ᠂  ᠡᠷᠲᠡᠨ᠎ᠠᠴᠠ ᠠᠪᠤᠭ᠋ᠠᠳ ᠬᠥᠮᠦᠨ ᠲᠥᠷᠥᠯᠬᠢᠲᠡᠨ᠎ᠤ ᠪᠠᠶ᠋ᠢᠭ᠋ᠠᠯᠢ᠎ᠲᠠᠢ ᠣᠶ᠋ᠢᠷᠠᠲᠤᠭᠰᠠᠨ ᠲᠥᠷᠥᠯᠬᠢ ᠴᠢᠨᠠᠷ ᠪᠠ ᠰᠣᠩᠭᠤᠯᠲᠠ ᠪᠣᠯᠤᠨ᠎ᠠ᠃  ᠰᠠᠶ᠋ᠢᠨ ᠰᠠᠶ᠋ᠢᠬᠠᠨ ᠤᠰᠤᠨ᠎ᠤ ᠠᠮᠢ ᠠᠬᠤᠢ ᠣᠷᠴᠢᠨ ᠲᠣᠭᠤᠷᠢᠨ ᠪᠣᠯ ᠠᠷᠠᠳ ᠲᠦᠮᠡᠨ᠎ᠤ ᠠᠮᠢᠳᠤᠷᠠᠯ᠎ᠤᠨ ᠶᠠᠰᠤ ᠴᠢᠨᠠᠷ᠎ᠲᠠᠢ ᠬᠤᠯᠪᠣᠭᠳᠠᠵᠤ᠂  ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠬᠥᠳᠡᠯᠭᠡᠬᠦ ᠬᠦᠴᠦᠨ᠎ᠲᠠᠢ ᠬᠤᠯᠪᠣᠭᠳᠠᠵᠤ ᠪᠠᠶ᠋ᠢᠳᠠᠭ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠤᠰᠤᠨ᠎ᠤ ᠠᠮᠢ ᠠᠬᠤᠶ᠂  ᠤᠰᠤᠨ᠎ᠤ ᠣᠷᠴᠢᠨ ᠲᠣᠭᠤᠷᠢᠨ᠎ᠢ ᠬᠠᠮᠠᠭ᠋ᠠᠯᠠᠨ ᠵᠠᠰᠠᠬᠤ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠴᠢᠩᠭ᠎ᠠ ᠨᠠᠶ᠋ᠢᠳᠠᠪᠤᠷᠢᠵᠢᠭᠤᠯᠵᠤ᠂  ᠤᠰᠤᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢ ᠳᠡᠭᠡᠭᠰᠢᠯᠡᠭᠦᠯᠬᠦ ᠵᠢ ᠵᠡᠷᠭᠡ᠎ᠪᠠᠷ ᠴᠢᠬᠤᠯᠠᠴᠢᠯᠠᠬᠤ ᠵᠢ ᠳᠣᠪᠤᠶ᠋ᠢᠯᠭ᠋ᠠᠨ᠂ 《ᠭᠤᠤᠯ᠎ᠨᠢ ᠰᠢᠯᠤᠭᠤᠬᠠᠨ ᠤᠰᠤ᠎ᠨᠢ ᠲᠤᠩᠭ᠋ᠠᠯᠠᠭ ᠡᠷᠭᠢ᠎ᠨᠢ ᠨᠣᠭᠤᠭ᠋ᠠᠨ ᠦᠵᠡᠮᠵᠢ᠎ᠨᠢ ᠰᠠᠶ᠋ᠢᠬᠠᠨ》 ᠤᠰᠤᠨ᠎ᠤ ᠣᠷᠴᠢᠨ ᠲᠣᠭᠤᠷᠢᠨ᠎ᠢ ᠪᠥᠬᠦ ᠬᠦᠴᠦᠨ ᠵᠶ᠋ᠠᠷ ᠵᠶ᠋ᠠᠨ ᠪᠣᠶ ᠪᠣᠯᠭ᠋ᠠᠵᠤ᠂  ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠦᠴᠦᠯᠡᠨ ᠬᠠᠩᠭ᠋ᠠᠨ᠎ᠠ᠃  ᠤᠰᠤᠨ᠎ᠤ ᠣᠷᠴᠢᠨ ᠲᠣᠭᠤᠷᠢᠨ᠎ᠤ ᠶᠠᠰᠤ ᠴᠢᠨᠠᠷ ᠪᠠ ᠤᠰᠤᠨ᠎ᠤ ᠠᠮᠢ ᠠᠬᠤᠶ ᠵᠢᠨ ᠣᠷᠴᠢᠨ ᠲᠣᠭᠤᠷᠢᠨ ᠲᠠᠰᠤᠷᠠᠯᠲᠠ ᠥᠬᠡᠶ ᠰᠠᠶ᠋ᠢᠵᠢᠷᠠᠵᠤ᠂  ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠬᠦᠴᠦᠲᠡᠶ ᠲᠤᠯᠭ᠋ᠠᠭᠤᠷᠢᠯᠠᠵᠤ᠂  ᠨᠣᠮᠢᠨ ᠤᠰᠤᠨ᠎ᠤ ᠠᠮᠤᠷ ᠲᠦᠪᠰᠢᠨ ᠵᠶ᠋ᠠᠷ ᠪᠣᠬᠢᠷᠲᠤᠯ ᠥᠬᠡᠶ ᠤᠮᠠᠷᠠᠲᠤ ᠬᠢᠯᠢ᠂  ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠪᠡ᠃

   ᠨᠢᠭᠡ ᠭᠣᠣᠯ ᠮᠦᠷᠡᠨ᠎ᠤ ᠰᠡᠷᠭᠦᠭᠡᠯᠲᠡ

  32᠂ 86᠂ 92᠂ 135.15᠂ 150.9 ᠁ ᠡᠨᠡ ᠬᠦ᠌ ᠬᠡᠯᠬᠢᠶ᠎ᠡ ᠠᠭ᠋ᠠᠵᠢᠮ ᠵᠶ᠋ᠠᠷ ᠨᠡᠮᠡᠭᠳᠡᠭᠰᠡᠨ ᠺᠢᠯᠤᠮᠸᠲᠷ᠎ᠤᠨ ᠲᠤᠭ᠎ᠠ᠎ᠨᠢ 2020 ᠣᠨ᠎ᠠᠴᠠ ᠡᠬᠢᠯᠡᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠤᠭᠰᠠᠨ᠎ᠠᠴᠠ ᠨᠠᠭ᠋ᠠᠰᠢ᠂  ᠪᠠᠷᠠᠭᠤᠨ ᠯᠢᠶᠣᠤᠾᠧ ᠭᠤᠤᠯ᠎ᠤᠨ ᠭᠤᠤᠯ ᠤᠷᠤᠰᠬᠠᠯ ᠲᠠᠰᠤᠷᠠᠯᠲᠠ ᠥᠬᠡᠶ ᠤᠰᠤ ᠦᠩᠭᠡᠷᠡᠵᠦ ᠪᠠᠶ᠋ᠢᠨ᠎ᠠ᠃

  2025 ᠣᠨ᠎ᠤ 4 ᠳ᠋ᠦ᠍ᠭᠡᠷ ᠰᠠᠷ᠎ᠠ ᠵᠢᠨ 10᠎ᠤ ᠡᠳᠦᠷ᠎ᠤᠨ 10 ᠴᠠᠭ᠎ᠲᠤ᠂  ᠤᠰᠤ ᠲᠠᠰᠤᠷᠠᠭᠰᠠᠨ 27 ᠵᠢᠯ ᠰᠢᠬᠠᠮ ᠪᠠᠷᠠᠭᠤᠨ ᠯᠢᠶᠤᠤᠾᠸ ᠭᠤᠤᠯ᠎ᠨᠢ ᠲᠤᠭ᠎ᠠ ᠪᠠᠷᠢᠮᠲᠠ᠎ᠪᠠᠷ ᠤᠰᠤᠨ᠎ᠤ ᠤᠷᠲᠤ ᠵᠢᠨ ᠬᠡᠮᠵᠢᠶ᠎ᠡ ᠵᠢ ᠬᠡᠮᠵᠢᠬᠦ ᠴᠢᠬᠤᠯᠠ ᠥᠬᠡᠶ ᠪᠣᠯᠵᠣ᠂  ᠤᠰᠤᠨ᠎ᠤ ᠦᠵᠦᠬᠦᠷ ᠪᠣᠯᠤᠨ ᠳᠣᠤᠷᠠᠳᠤ ᠤᠷᠤᠰᠬᠠᠯ᠎ᠤᠨ ᠤᠰᠤ᠎ᠲᠠᠢ ᠭᠤᠤᠯ᠎ᠤᠨ ᠵᠠᠮ᠎ᠢ ᠤᠷᠤᠭᠰᠢᠲᠠᠶ 《ᠠᠭᠤᠯᠵᠠᠭᠤᠯᠵᠤ》᠂  ᠪᠥᠬᠦ ᠱᠤᠭᠤᠮ ᠵᠶ᠋ᠠᠷ ᠤᠰᠤ ᠥᠩᠭᠡᠷᠡᠭᠦᠯᠬᠦ ᠵᠢ ᠪᠡᠶᠡᠯᠡᠭᠦᠯᠪᠡ᠂  ᠡᠨᠡ ᠬᠦ᠌ ᠵᠤᠷᠪᠤᠰ᠎ᠨᠢ ᠮᠢᠩᠭ᠋ᠠᠨ ᠵᠢᠯ᠎ᠤᠨ ᠪᠣᠯᠪᠠᠰᠤᠨ᠎ᠢ ᠠᠴᠢᠶᠠᠯᠠᠭᠰᠠᠨ ᠭᠤᠤᠯ ᠮᠥᠷᠡᠨ᠎ᠤ ᠠᠮᠢ ᠨᠠᠰᠤ ᠵᠢ ᠤᠭᠲᠤᠨ ᠠᠪᠴᠢᠷᠠᠪᠠ᠃

  《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠤᠰᠤᠨ᠎ᠤ ᠡᠬᠢ ᠪᠠᠶᠠᠯᠢᠭ᠎ᠤᠨ ᠠᠰᠠᠭᠤᠳᠠᠯ᠎ᠢ ᠪᠣᠳᠣᠯᠬᠢᠯᠠᠬᠤ ᠬᠡᠷᠡᠭᠲᠡᠢ》᠃  ᠪᠠᠷᠠᠭᠤᠨ ᠯᠢᠶᠤᠤᠾᠸ ᠭᠤᠣᠯ᠎ᠤᠨ ᠤᠰᠤ ᠲᠤᠬᠢᠷᠠᠭᠤᠯᠬᠤ ᠠᠵᠢᠯ ᠪᠣᠯ ᠳᠠᠷᠤᠢ ᠬᠠᠮᠤᠭ᠎ᠤᠨ ᠠᠮᠢᠳᠤᠯᠢᠭ ᠦᠢ᠍ᠯᠡᠳᠦᠯᠭᠡ ᠮᠥᠨ᠃  ᠡᠨᠡ ᠬᠦ᠌ ᠪᠠᠶ᠋ᠢᠭ᠋ᠠᠯᠢ ᠵᠢᠨ ᠪᠤᠰᠤ ᠠᠮᠢ ᠨᠠᠰᠤᠨ᠎ᠤ ᠤᠰᠤ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2020 ᠣᠨ᠎ᠠᠴᠠ ᠡᠬᠢᠯᠡᠨ ᠠᠮᠢ ᠠᠬᠤᠶ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠥᠷᠨᠢᠭᠦᠯᠵᠦ᠂  ᠰᠢᠰᠲ᠋ᠧᠮ᠎ᠲᠠᠢ ᠵᠠᠰᠠᠬᠤ᠂  ᠲᠣᠭᠲᠠᠴᠠ ᠵᠢ ᠲᠡᠭᠦᠯᠳᠡᠷᠵᠢᠭᠦᠯᠬᠦ᠂  ᠠᠷᠭ᠎ᠠ ᠬᠡᠯᠪᠡᠷᠢ ᠵᠢ ᠰᠢᠨᠡᠴᠢᠯᠡᠬᠦ᠂  ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠠᠷᠢᠭᠤᠯᠲᠠ ᠵᠢᠨ ᠬᠠᠭᠤᠳᠠᠰᠤ ᠪᠣᠯᠤᠨ᠎ᠠ᠃

  3 ᠳ᠋ᠤᠭ᠋ᠠᠷ ᠰᠠᠷ᠎ᠠ ᠵᠢᠨ 4᠎ᠤ ᠡᠳᠦᠷ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠪᠠᠭᠤᠯᠭ᠋ᠠᠭᠰᠠᠨ 2025 ᠣᠨ᠎ᠤ ᠨᠢᠭᠡᠳᠦᠭᠡᠷ ᠤᠳᠠᠭ᠋ᠠᠨ᠎ᠤ ᠪᠠᠷᠠᠭᠤᠨ ᠯᠢᠶᠤᠤᠾᠸ ᠭᠤᠤᠯ᠎ᠤᠨ ᠤᠰᠤᠨ᠎ᠤ ᠬᠡᠮᠵᠢᠶ᠎ᠡ ᠵᠢ ᠳᠣᠭᠢᠷᠠᠭᠤᠯᠬᠤ ᠵᠠᠷᠯᠢᠭ᠎ᠢ ᠦᠨᠳᠦᠰᠦᠯᠡᠨ᠂ 2025 ᠣᠨ᠎ᠤ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠎ᠢ ᠳᠣᠭᠢᠷᠠᠭᠤᠯᠬᠤ ᠠᠵᠢᠯ᠎ᠢ ᠵᠢᠩᠬᠢᠨᠢ᠎ᠪᠠᠷ ᠡᠬᠢᠯᠡᠭᠦᠯᠪᠡ᠃  ᠵᠠᠷᠯᠢᠭ᠎ᠢ ᠦᠨᠳᠦᠰᠦᠯᠡᠪᠡᠯ᠂  ᠳ᠋ᠠ ᠱ᠌ᠢ ᠮᠧᠨ ᠤᠰᠤᠨ ᠴᠥᠭᠦᠷᠥᠮ᠂  ᠵᠡᠭᠦᠨ ᠲᠠᠢ᠌ᠰᠠ ᠤᠰᠤᠨ ᠴᠥᠭᠦᠷᠥᠮ᠎ᠨᠢ ᠰᠧᠺᠦ᠋ᠨ᠋ᠳ᠋ ᠪᠦᠷᠢ 13 ᠪᠣᠰᠤᠭ᠎ᠠ ᠳᠥᠷᠪᠡᠯᠵᠢᠨ ᠮᠸᠲᠷ᠎ᠤᠨ ᠤᠷᠤᠰᠬᠠᠯ᠎ᠤᠨ ᠬᠡᠮᠵᠢᠶ᠎ᠡ᠎ᠪᠠᠷ ᠳᠣᠣᠷᠠᠳᠤ ᠤᠷᠤᠰᠬᠠᠯ ᠵᠦᠭ ᠤᠰᠤ ᠤᠷᠤᠰᠬᠠᠵᠤ᠂  ᠥᠯᠵᠡᠢ᠌ᠮᠦ᠋ᠷᠡᠨ ᠭᠣᠣᠯ᠎ᠤᠨ ᠤᠰᠤ ᠵᠢ ᠲᠠᠲᠠᠵᠤ ᠲᠦᠩᠯᠢᠶᠤᠤ᠎ᠳᠤ ᠨᠡᠮᠡᠷᠢᠯᠡᠬᠦ ᠢᠨᠵᠸᠨ᠋ᠸᠷᠢᠩ᠎ᠲᠤ 1 ᠪᠣᠰᠤᠭ᠎ᠠ ᠳᠥᠷᠪᠡᠯᠵᠢᠨ ᠮᠸᠲᠷ᠎ᠤᠨ ᠤᠷᠤᠰᠬᠠᠯ᠎ᠤᠨ ᠬᠡᠮᠵᠢᠶ᠎ᠡ᠎ᠪᠠᠷ ᠲᠦᠩᠯᠢᠶᠣᠤ ᠵᠢᠨ ᠬᠤᠲᠠ ᠵᠢᠨ ᠲᠣᠭᠤᠷᠢᠭ᠎ᠲᠤ ᠤᠰᠤ ᠨᠥᠬᠦᠪᠥᠷᠢᠯᠡᠨ᠎ᠡ᠃

   ᠲᠣᠰ ᠤᠳᠠᠭ᠋ᠠᠨ᠎ᠤ ᠤᠰᠤ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ 《ᠠᠮᠢ ᠠᠬᠤᠶ ᠵᠢᠨ ᠶᠡᠭᠡ ᠳᠠᠶ᠋ᠢᠯᠠᠯᠳᠤᠭ᠋ᠠᠨ》 ᠭᠡᠵᠦ ᠬᠡᠯᠡᠵᠦ ᠪᠣᠯᠤᠨ᠎ᠠ᠃  ᠡᠯ᠎ᠡ ᠱᠠᠲᠤᠨ᠎ᠤ ᠵᠠᠰᠠᠭ᠎ᠤᠨ ᠣᠷᠳᠣᠨ᠂  ᠨᠢᠭᠡᠴᠢ᠎ᠨᠦᠭᠦᠳ ᠬᠠᠪᠤᠷ᠎ᠤᠨ ᠤᠯᠠᠷᠢᠯ᠎ᠤᠨ ᠮᠥᠰᠥ ᠴᠠᠰᠤᠨ᠎ᠤ ᠠᠭᠤᠰᠤᠯᠴᠠᠯ᠎ᠤᠨ ᠰᠢᠵᠢᠷ ᠠᠯᠲᠠᠨ ᠴᠣᠩᠬᠤᠪᠴᠢ ᠵᠢᠨ ᠬᠤᠭᠤᠴᠠᠭ᠎ᠠ ᠵᠢ ᠴᠠᠭ᠎ᠲᠤᠨᠢ ᠲᠣᠬᠢᠷᠠᠭᠤᠯᠤᠨ ᠠᠳᠬᠤᠵᠤ᠂  ᠴᠠᠭ ᠴᠣᠩᠬᠤᠪᠴᠢ ᠵᠢ ᠵᠠᠪᠳᠤᠨ ᠠᠳᠬᠤᠵᠤ᠂  ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠮᠢ ᠠᠬᠤᠶ ᠵᠢᠨ ᠤᠰᠤ ᠨᠥᠬᠦᠪᠥᠷᠢᠯᠡᠬᠦ ᠬᠠᠲᠠᠭᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠶ᠃  ᠡᠨᠡ ᠵᠢᠯ᠎ᠠᠴᠠ ᠨᠠᠭ᠋ᠠᠰᠢ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤ ᠲᠠᠲᠠᠬᠤ ᠲᠣᠭᠲᠠᠴᠠ ᠵᠢᠨ ᠰᠢᠨ᠎ᠡ ᠵᠢ ᠡᠭᠦᠳᠴᠦ᠂  ᠯᠤᠤᠬ᠎ᠠ ᠵᠢᠨ ᠭᠤᠣᠯ ᠵᠢᠴᠢ ᠬᠤᠩᠱ᠌ᠠᠨ ᠤᠰᠤᠨ ᠴᠥᠭᠦᠷᠥᠮ᠎ᠢ ᠨᠢᠭᠡᠳᠦᠯᠲᠡᠢ ᠲᠣᠬᠢᠷᠠᠭᠤᠯᠬᠤ ᠰᠢᠰᠲ᠋ᠧᠮ᠎ᠳᠤ ᠠᠩᠬ᠎ᠠ ᠤᠳᠠᠭ᠎ᠠ ᠣᠷᠣᠭᠤᠯᠵᠤ᠂  ᠪᠠᠷᠠᠭᠤᠨ ᠯᠢᠶᠣᠤᠾᠧ ᠭᠤᠣᠯ᠎ᠤᠨ ᠭᠤᠣᠯ ᠤᠷᠤᠰᠬᠠᠯ᠂  ᠰᠢᠷᠠᠮᠥ᠋ᠷᠡᠨ ᠭᠤᠣᠯ ᠵᠡᠷᠭᠡ ᠭᠤᠣᠯ ᠪᠣᠯᠬᠤ ᠰᠠᠯᠪᠤᠷᠢ ᠤᠷᠤᠰᠬᠠᠯ᠎ᠲᠠᠢ ᠬᠤᠯᠪᠣᠭ᠋ᠠᠯᠠᠵᠤ᠂ 4 ᠤᠰᠤᠨ ᠴᠥᠭᠦᠷᠥᠮ᠂ 8 ᠰᠠᠥᠷᠢ ᠬᠦᠢ᠍ᠰᠦ᠂  ᠥᠯᠵᠡᠢ᠌ᠮᠦ᠋ᠷᠡᠨ ᠭᠣᠣᠯ᠎ᠤᠨ ᠤᠰᠤ ᠵᠢ ᠲᠠᠲᠠᠵᠤ ᠲᠦᠩᠯᠢᠶᠤᠤ᠎ᠳᠤ ᠨᠡᠮᠡᠷᠢᠯᠡᠬᠦ ᠢᠨᠵᠧᠨᠧᠷᠢᠩ ᠵᠢᠴᠢ 3 ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢ ᠨᠢᠭᠡᠳᠦᠯᠲᠡᠢ ᠲᠥᠯᠥᠪᠵᠢᠭᠦᠯᠵᠦ᠂  ᠠᠮᠢ ᠠᠬᠤᠢ ᠵᠢᠨ ᠤᠰᠤᠨ᠎ᠤ ᠬᠡᠮᠵᠢᠶ᠎ᠡ ᠵᠢ ᠨᠡᠶ᠋ᠢᠳᠡ 2.59 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠠᠭᠤᠯᠭ᠋ᠠᠵᠤ᠂  ᠪᠠᠷᠠᠭᠤᠨ ᠯᠢᠶᠣᠤᠾᠧ ᠭᠤᠣᠯ᠎ᠤᠨ ᠭᠤᠣᠯ ᠤᠷᠤᠰᠬᠠᠯ᠎ᠤᠨ ᠪᠦᠬᠦ ᠱᠤᠭᠤᠮ ᠵᠶ᠋ᠠᠷ ᠤᠷᠤᠰᠬᠤ ᠬᠠᠷᠠᠯᠲᠠ ᠵᠢ ᠠᠮᠵᠢᠯᠲᠠ᠎ᠲᠠᠢ ᠪᠡᠶᠡᠯᠡᠭᠦᠯᠪᠡ᠃  ᠲᠣᠰ ᠤᠳᠠᠭ᠋ᠠᠨ᠎ᠤ ᠲᠣᠬᠢᠷᠠᠭᠤᠯᠤᠯᠲᠠ᠎ᠨᠢ ᠤᠰᠤᠨ ᠴᠥᠭᠦᠷᠥᠮ᠎ᠳᠤ ᠤᠰᠤ ᠬᠠᠳᠠᠭ᠋ᠠᠯᠠᠬᠤ᠎ᠪᠠᠷ ᠭᠤᠤᠯ ᠪᠣᠯᠭ᠋ᠠᠵᠤ᠂  ᠬᠠᠪᠤᠷ᠎ᠤᠨ ᠤᠯᠠᠷᠢᠯ᠎ᠤᠨ ᠮᠥᠰᠥ ᠴᠠᠰᠤ ᠬᠠᠢ᠌ᠯᠬᠤ᠂  ᠲᠠᠷᠢᠶᠠᠯᠠᠩ᠎ᠤᠨ ᠤᠰᠤᠯᠠᠯᠲᠠ ᠵᠢᠨ ᠬᠤᠭᠤᠴᠠᠭ᠎ᠠ ᠵᠢᠴᠢ ᠭᠤᠤᠯ᠎ᠤᠨ ᠵᠠᠮ᠎ᠤᠨ ᠬᠦᠯᠳᠡᠭᠰᠡᠨ ᠬᠥᠷᠥᠰᠥ ᠰᠢᠷᠣᠶ᠎ᠨᠢ ᠬᠤᠪᠢᠷᠠᠭᠰᠠᠨ ᠥᠬᠡᠶ ᠠᠰᠢᠭᠲᠠᠶ ᠴᠠᠭ ᠲᠣᠬᠢᠶᠠᠯ᠎ᠢ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠵᠦ᠂ 《ᠪᠥᠬᠦ ᠱᠤᠭᠤᠮ ᠵᠶ᠋ᠠᠷ ᠠᠮᠠ᠎ᠪᠠᠨ ᠬᠠᠭ᠋ᠠᠵᠤ᠂  ᠲᠥᠪᠯᠡᠷᠡᠭᠦᠯᠦᠨ ᠭᠠᠳᠠᠭᠰᠢᠯᠠᠭᠤᠯᠬᠤ》 ᠠᠷᠭ᠎ᠠ ᠪᠣᠳᠣᠯᠭ᠎ᠠ ᠵᠢ ᠠᠪᠴᠤ᠂  ᠤᠰᠤᠨ ᠦᠵᠦᠭᠦᠷ᠎ᠢ 38 ᠡᠳᠦᠷ ᠵᠠᠷᠤᠴᠠᠭᠤᠯᠵᠤ ᠳᠣᠣᠷᠠᠳᠤ ᠤᠷᠤᠰᠬᠠᠯ᠎ᠤᠨ ᠤᠰᠤᠨ ᠴᠣᠭᠴᠠ᠎ᠲᠠᠢ ᠨᠡᠶ᠋ᠢᠯᠡᠭᠦᠯᠪᠡ᠃  ᠲᠣᠬᠢᠷᠠᠭᠤᠯᠬᠤ ᠶᠠᠪᠤᠴᠠ᠎ᠳᠤ᠂  ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠲᠥᠪ᠎ᠠᠴᠠ ᠲᠡᠷᠢᠭᠦᠨ᠎ᠤ ᠤᠰᠤᠨ᠎ᠤ ᠵᠠᠭᠪᠤᠷ ᠪᠠ ᠬᠤᠶᠠᠷ ᠬᠡᠮᠵᠢᠯᠳᠦ ᠤᠰᠤᠨ᠎ᠤ ᠬᠥᠳᠡᠯᠭᠡᠬᠦ ᠬᠦᠴᠦᠨ᠎ᠢ ᠳᠠᠭᠤᠷᠢᠶᠠᠬᠤ ᠮᠡᠷᠭᠡᠵᠢᠯ᠎ᠢ ᠬᠡᠷᠡᠭᠯᠡᠵᠦ᠂  ᠡᠯ᠎ᠡ ᠵᠦᠢ᠍ᠯ᠎ᠤᠨ ᠤᠰᠤᠨ᠎ᠤ ᠲᠤᠭ᠎ᠠ ᠪᠠᠷᠢᠮᠲᠠ ᠵᠢ ᠣᠨᠣᠪᠴᠢᠲᠠᠶ ᠲᠥᠰᠦᠭᠡᠯᠡᠨ ᠪᠤᠳᠤᠵᠤ᠂  ᠤᠰᠤᠨ᠎ᠤ ᠬᠡᠮᠵᠢᠶ᠎ᠡ ᠵᠢ ᠨᠡᠶ᠋ᠢᠲᠡ 800 ᠬᠤᠭᠤᠴᠠᠭ᠎ᠠ᠂  ᠭᠠᠷᠠᠭ᠎ᠤᠨ ᠮᠡᠳᠡᠭᠦᠯᠦᠯᠲᠡ ᠵᠢ 70 ᠭᠠᠷᠤᠶ ᠬᠤᠭᠤᠴᠠᠭ᠎ᠠ ᠨᠠᠶ᠋ᠢᠷᠠᠭᠤᠯᠤᠨ ᠵᠣᠬᠢᠶᠠᠵᠤ᠂  ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃  ᠡᠭᠦᠨ᠎ᠤ ᠬᠠᠮᠲᠤ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠴᠢ ᠲᠦᠩᠯᠢᠶᠣᠤ ᠬᠤᠲᠠ᠂  ᠤᠯᠠᠭ᠋ᠠᠨᠬᠠᠳᠠ ᠬᠤᠲᠠ ᠤᠰᠤ ᠠᠷᠪᠢᠯᠠᠬᠤ ᠵᠢ ᠰᠠᠪᠠ ᠭᠠᠵᠠᠷ᠎ᠤᠨ ᠦᠷᠭᠦᠯᠵᠢᠯᠡᠬᠦ ᠬᠥᠭᠵᠢᠯᠲᠡ ᠵᠢᠨ ᠭᠤᠤᠯ ᠠᠷᠭ᠎ᠠ ᠬᠡᠮᠵᠢᠶ᠎ᠡ ᠪᠣᠯᠭ᠋ᠠᠵᠤ᠂  ᠲᠥᠷᠥ ᠵᠢᠨ ᠪᠣᠳᠣᠯᠭ᠎ᠠ᠎ᠪᠠᠷ ᠬᠥᠲᠥᠯᠦᠨ ᠵᠢᠯᠣᠭᠤᠳᠬᠤ᠎ᠪᠠᠷ ᠳᠠᠮᠵᠢᠭᠤᠯᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠪᠦᠲᠦᠮᠵᠢᠲᠡᠶ ᠬᠢᠵᠠᠭ᠋ᠠᠷᠯᠠᠵᠤ᠂  ᠤᠰᠤᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠪᠡ᠃  ᠲᠣᠬᠢᠷᠠᠭᠤᠯᠤᠯᠲᠠ ᠵᠢ ᠤᠷᠤᠭᠰᠢᠲᠠᠢ ᠬᠡᠷᠡᠭᠵᠢᠭᠦᠯᠬᠦ ᠵᠢ ᠪᠠᠲᠤᠯᠠᠬᠤ ᠵᠢᠨ ᠲᠥᠯᠥᠭᠡ᠂  ᠥᠪᠡᠷᠲᠡᠭᠡᠨ ᠵᠠᠰᠠᠬᠤ ᠣᠷᠣᠨ᠎ᠤ ᠭᠤᠣᠯ᠎ᠤᠨ ᠳᠠᠷᠤᠭ᠎ᠠ ᠵᠢᠨ ᠠᠯᠪᠠᠨ ᠭᠡᠷ 《ᠴᠡᠪᠡᠷᠯᠡᠨ ᠠᠷᠢᠯᠭ᠋ᠠᠬᠤ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂  ᠯᠤᠤᠬ᠎ᠠ ᠵᠢᠨ ᠭᠤᠣᠯ᠎ᠤᠨ ᠬᠤᠩᠱ᠌ᠠᠨ ᠤᠰᠤᠨ ᠴᠥᠭᠦᠷᠥᠮ᠎ᠠᠴᠠ ᠬᠠᠯᠢᠭᠤᠲᠤ ᠬᠡᠰᠡᠭ᠎ᠲᠤ 152 ᠺᠢᠯᠤᠮᠸᠲᠷ᠂  ᠰᠤ᠌ ᠵᠢᠶᠠ ᠪᠦᠦ ᠬᠦᠢ᠍ᠰᠦ᠎ᠠᠴᠠ ᠳᠣᠷᠣᠭᠰᠢ 245 ᠺᠢᠯᠤᠮᠸᠲᠷ᠎ᠤᠨ ᠭᠤᠣᠯ᠎ᠤᠨ ᠵᠠᠮ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠨᠠᠪᠲᠠᠷᠡᠭᠦᠯᠵᠦ᠂ 367 ᠭᠠᠵᠠᠷ᠎ᠢ ᠬᠠᠰᠢᠨ ᠬᠤᠷᠢᠭᠯᠠᠪᠠ᠃  ᠡᠨᠡ ᠬᠦ᠌ ᠠᠯᠢ ᠣᠯᠠᠨ ᠠᠷᠭ᠎ᠠ ᠬᠡᠮᠵᠢᠶ᠎ᠡ᠎ᠨᠢ ᠥᠪᠥᠷ ᠮᠣᠩᠭᠤᠯ᠎ᠤᠨ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠪᠠ ᠠᠮᠢ ᠠᠬᠤᠶ ᠵᠢ ᠰᠡᠷᠭᠦᠭᠡᠬᠦ ᠲᠠᠯ᠎ᠠ᠎ᠪᠠᠷ᠎ᠬᠢ ᠰᠢᠨ᠎ᠡ ᠵᠢ ᠡᠭᠦᠳᠬᠦ ᠦᠢ᠍ᠯᠡᠳᠦᠯᠭᠡ ᠵᠢ ᠭᠦᠢ᠍ᠴᠡᠳ ᠢᠯᠡᠷᠡᠭᠦᠯᠵᠦ᠂  ᠣᠷᠣᠨ ᠪᠦᠰᠡ ᠠᠯᠤᠰᠯᠠᠭᠰᠠᠨ᠂  ᠣᠯᠠᠨ ᠰᠠᠯᠠᠭ᠎ᠠ ᠮᠥᠴᠢᠷ ᠬᠠᠮᠵᠢᠯᠴᠠᠨ ᠵᠠᠰᠠᠬᠤ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠬᠢᠭᠡᠳ ᠳᠦᠷᠢᠮ᠎ᠤᠨ ᠬᠤᠤᠰ ᠬᠦᠷᠳᠦ᠎ᠪᠠᠷ ᠬᠥᠳᠡᠯᠭᠡᠭᠦᠷ ᠪᠣᠯᠭ᠋ᠠᠵᠤ᠂  ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠰᠡᠷᠭᠦᠯᠲᠡ ᠪᠠ ᠴᠢᠨᠠᠷ ᠰᠠᠶ᠋ᠢᠲᠠᠶ ᠬᠥᠭᠵᠢᠯᠲᠡ᠎ᠳᠤ ᠥᠨᠢᠳᠡ ᠵᠢᠨ ᠬᠥᠳᠡᠯᠭᠡᠬᠦ ᠬᠦᠴᠦᠨ ᠨᠡᠮᠡᠷᠢᠯᠡᠭᠰᠡᠨ ᠪᠠᠶ᠋ᠢᠨ᠎ᠠ᠃

   ᠤᠰᠤᠨ᠎ᠤ ᠤᠷᠤᠰᠬᠠᠯ᠎ᠤᠨ ᠠᠭ᠋ᠠᠵᠢᠮ ᠵᠶ᠋ᠠᠷ ᠠᠬᠢᠬᠤ ᠵᠢ ᠳᠠᠭ᠋ᠠᠯᠳᠤᠨ᠂  ᠣᠯᠠᠨ ᠵᠢᠯ ᠬᠠᠳᠠᠭᠰᠠᠨ ᠭᠤᠯᠳᠤᠷᠢᠯ᠎ᠨᠢ ᠥᠩᠭᠡᠷᠡᠭᠰᠡᠨ᠎ᠤ ᠤᠯᠠᠷᠢᠯ ᠬᠤᠪᠢᠰᠤᠯᠲᠠ᠎ᠨᠢ ᠠᠷᠢᠯᠵᠤ᠂  ᠠᠮᠢᠵᠢᠷᠠᠯ᠎ᠤᠨ ᠬᠦᠴᠦᠨ ᠵᠶ᠋ᠠᠷ ᠡᠨᠡ ᠬᠦ᠌ ᠡᠬᠡ ᠭᠠᠵᠠᠷ᠎ᠲᠤ ᠳᠠᠬᠢᠨᠲᠠ ᠢᠯᠡᠷᠡᠪᠡ᠃  ᠤᠰᠤ ᠥᠩᠭᠡᠷᠡᠭᠰᠡᠨ ᠭᠠᠵᠠᠷ᠎ᠲᠤ ᠤᠷᠭᠤᠮᠠᠯ᠎ᠤᠨ ᠬᠤᠴᠢᠯᠭ᠎ᠠ᠎ᠨᠢ ᠪᠡᠶ᠎ᠡ᠎ᠪᠠᠨ ᠠᠭᠤᠵᠢᠷᠠᠭᠤᠯᠵᠤ᠂  ᠠᠭ᠋ᠠᠷ ᠳᠣᠲᠣᠷ᠎ᠠ ᠤᠰᠤᠨ ᠠᠭᠤᠷ᠎ᠤᠨ ᠥᠪᠡᠷᠮᠢᠴᠡ ᠦᠨᠦᠷ ᠬᠠᠩᠬᠤᠯᠵᠤ ᠪᠠᠢ᠌ᠳᠠᠭ᠂  ᠬᠤᠨ ᠭᠠᠯᠠᠭᠤ᠂  ᠭᠠᠯᠠᠭᠤ᠂  ᠤᠯᠠᠭ᠋ᠠᠨ ᠣᠯᠣᠰᠤ ᠨᠤᠭᠤᠰᠤ ᠵᠡᠷᠭᠡ ᠠᠮᠢ ᠠᠬᠤᠢ ᠵᠢᠨ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢᠨ ᠱᠠᠭ᠋ᠠᠷᠳᠠᠯᠭ᠎ᠠ ᠎ᠪᠠᠷ ᠨᠡᠯᠢᠶᠡᠳ ᠥᠨᠳᠥᠷ ᠨᠡᠭᠦᠳᠡᠯ᠎ᠤᠨ ᠰᠢᠪᠠᠭᠤᠳ ᠬᠣᠢ᠌ᠨ᠎ᠠ ᠬᠣᠢ᠌ᠨ᠎ᠠ᠎ᠠᠴᠠ᠎ᠪᠠᠨ ᠪᠤᠴᠠᠨ ᠢᠷᠡᠵᠦ᠂  ᠤᠰᠤ᠎ᠨᠢ ᠲᠤᠩᠭ᠋ᠠᠯᠠᠭ᠂  ᠡᠷᠭᠢ᠎ᠨᠢ ᠨᠤᠭᠤᠭ᠋ᠠᠨ᠂  ᠵᠢᠭ᠋ᠠᠰᠤ᠎ᠨᠢ ᠤᠮᠪᠠᠵᠤ᠂  ᠦᠵᠡᠮᠵᠢ᠎ᠨᠢ ᠭᠣᠶᠣ᠂  ᠬᠥᠮᠦᠨ᠎ᠨᠢ ᠡᠶ᠎ᠡ ᠨᠠᠢ᠌ᠷ᠎ᠲᠠᠢ ᠦᠷᠭᠦᠯᠵᠢᠯᠡᠬᠦ ᠬᠥᠭᠵᠢᠯᠲᠡ ᠵᠢᠨ ᠪᠠᠢ᠌ᠷᠢᠰᠢᠯ ᠶᠠᠭ ᠪᠦᠷᠢᠯᠳᠦᠵᠦ ᠪᠠᠢ᠌ᠨ᠎ᠠ᠃

   ᠲᠤᠰ ᠤᠳᠠᠭ᠎ᠠ ᠪᠠᠷᠠᠭᠤᠨ ᠯᠢᠶᠤᠤᠾᠸ ᠭᠤᠣᠯ᠎ᠤᠨ ᠭᠤᠣᠯ ᠤᠷᠤᠰᠬᠠᠯ ᠪᠦᠬᠦ ᠱᠤᠭᠤᠮ ᠵᠶ᠋ᠠᠷ ᠤᠷᠤᠰᠬᠠᠯ ᠨᠡᠪᠲᠡᠷᠡᠵᠦ᠂  ᠤᠰᠤᠨ ᠤᠷᠤᠰᠬᠠᠯ᠎ᠤᠨ ᠳᠠᠪᠠᠯᠭ᠋ᠠᠨ ᠵᠶ᠋ᠠᠷ ᠵᠣᠭᠰᠣᠬᠤ ᠦᠭᠡᠢ᠂  ᠨᠡᠩ ᠴᠤ᠌ ᠠᠮᠢ ᠠᠬᠤᠢ ᠵᠢᠨ ᠰᠡᠷᠭᠦᠯᠲᠡ ᠵᠢᠨ ᠪᠦᠷᠢᠶ᠎ᠡ ᠪᠤᠯᠤᠨ᠎ᠠ》᠃  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂  ᠲᠢᠩᠬᠢᠮ᠎ᠤᠨ ᠳᠠᠷᠤᠭ᠎ᠠ ᠱᠧᠩ ᠰᠢᠶᠣᠣ ᠶᠢᠦ ᠬᠡᠯᠡᠪᠡ᠃

   ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ

   ᠥᠪᠥᠷ ᠮᠣᠩᠭᠤᠯ ᠵᠶ᠋ᠠᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠥᠲᠥᠭᠡᠨ ᠪᠠᠶ᠋ᠢᠭᠤᠯᠬᠤ ᠪᠣᠯ ᠪᠥᠬᠦ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠰᠠᠭᠤᠷᠢᠯᠠᠨ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠮᠥᠨ᠂  ᠪᠠᠰᠠ ᠴᠤ᠌ ᠥᠪᠥᠷ ᠮᠣᠩᠭᠤᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃

   ᠤᠰᠤ ᠪᠣᠯ ᠰᠠᠭᠤᠷᠢ ᠴᠢᠨᠠᠷᠲᠠᠢ ᠪᠠᠶ᠋ᠢᠭ᠋ᠠᠯᠢ ᠵᠢᠨ ᠡᠬᠢ ᠪᠠᠶᠠᠯᠢᠭ ᠮᠥᠨ᠂  ᠠᠮᠢ ᠠᠬᠤᠢ ᠵᠢᠨ ᠣᠷᠴᠢᠨ ᠲᠣᠭᠤᠷᠢᠨ᠎ᠤ ᠬᠢᠵᠠᠭ᠋ᠠᠷᠯᠠᠬᠤ ᠡᠯᠧᠮᠧᠨ᠋ᠲ ᠮᠥᠨ᠂  ᠬᠥᠮᠦᠨ ᠲᠥᠷᠥᠯᠬᠢᠲᠡᠨ᠎ᠤ ᠪᠣᠯᠪᠠᠰᠤᠨ᠎ᠤ ᠦᠷᠭᠦᠯᠵᠢᠯᠡᠬᠦ ᠪᠠ ᠬᠥᠭᠵᠢᠬᠦ ᠵᠢᠨ ᠦᠨᠳᠦᠰᠦᠨ ᠪᠠᠲᠤᠯᠠᠭ᠎ᠠ ᠮᠥᠨ᠂  ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ᠎ᠨᠢ ᠤᠰᠤᠨ᠎ᠤ ᠲᠤᠯᠭ᠋ᠠᠭᠤᠷᠢᠯᠠᠯ᠎ᠠᠴᠠ ᠰᠠᠯᠵᠤ ᠴᠢᠳᠠᠬᠤ ᠦᠭᠡᠢ ᠶᠤᠮ᠃  ᠭᠡᠪᠡᠴᠦ ᠥᠪᠥᠷ ᠮᠣᠩᠭᠤᠯ ᠪᠣᠯ ᠲᠤᠶ᠋ᠢᠯ᠎ᠤᠨ ᠤᠰᠤ ᠳᠤᠲᠠᠭᠳᠠᠵᠤ ᠪᠠᠶ᠋ᠢᠭ᠎ᠠ ᠭᠠᠵᠠᠷ ᠣᠷᠣᠨ ᠮᠥᠨ᠂  ᠤᠰᠤᠨ᠎ᠤ ᠡᠬᠢ ᠪᠠᠶᠠᠯᠢᠭ ᠳᠤᠲᠠᠮᠠᠭ᠂  ᠴᠠᠭ ᠬᠤᠭᠤᠴᠠᠭ᠎ᠠ ᠣᠷᠣᠨ ᠵᠠᠶ ᠵᠢᠨ ᠲᠠᠷᠬᠠᠯᠲᠠ ᠲᠡᠭᠰᠢ ᠪᠤᠰᠤ᠂  ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠲᠣᠪᠤᠶ᠋ᠢᠮ᠎ᠠ ᠪᠠᠶ᠋ᠢᠵᠤ᠂  ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠲᠠᠯᠠᠪᠠᠶ ᠪᠥᠬᠦ ᠤᠯᠤᠰ᠎ᠤᠨ ᠭᠤᠷᠪᠠᠳᠤᠭ᠋ᠠᠷ᠎ᠲᠤ ᠣᠷᠣᠪᠠ᠂  ᠭᠡᠪᠡᠴᠦ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠵᠥᠪᠬᠡᠨ ᠪᠥᠬᠦ ᠤᠯᠤᠰ᠎ᠤᠨ 1.9% ᠵᠢ ᠡᠵᠡᠯᠡᠵᠦ᠂  ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠵᠥᠪᠬᠡᠨ ᠪᠥᠬᠦ ᠤᠯᠤᠰ᠎ᠤᠨ ᠬᠥᠮᠦᠨ ᠳᠤᠮᠳᠠᠴᠢ ᠵᠢᠨ ᠬᠢᠷᠢ ᠲᠦᠪᠰᠢᠨ᠎ᠤ 40% ᠪᠣᠯᠤᠨ᠎ᠠ᠃

   ᠣᠶ᠋ᠢᠷ᠎ᠠ ᠵᠢᠨ ᠵᠢᠯ᠎ᠤᠳ᠎ᠲᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢ ᠴᠢᠩᠭ᠋ᠠᠳᠬᠠᠬᠤ᠎ᠪᠠᠷ ᠬᠦᠴᠦᠯᠡᠨ ᠴᠢᠷᠮᠠᠶ᠋ᠢᠵᠤ᠂  ᠤᠰᠤ ᠵᠢ ᠬᠡᠮᠵᠢᠶ᠎ᠡ᠎ᠪᠠᠷ ᠬᠡᠮᠵᠢᠬᠦ ᠵᠠᠷᠴᠢᠮ᠎ᠢ ᠢᠮᠠᠭᠲᠠ ᠪᠠᠷᠢᠮᠲᠠᠯᠠᠵᠤ᠂  ᠪᠥᠬᠦ ᠬᠡᠯᠬᠢᠶ᠎ᠡ ᠵᠢᠨ ᠤᠰᠤ ᠠᠷᠪᠢᠯᠠᠬᠤ ᠰᠢᠰᠲ᠋ᠧᠮ᠎ᠢ ᠪᠠᠶ᠋ᠢᠭᠤᠯᠪᠠ᠃

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂  ᠵᠠᠰᠠᠭ᠎ᠤᠨ ᠣᠷᠳᠣᠨ ᠤᠰᠤ ᠠᠷᠪᠢᠯᠠᠬᠤ ᠠᠵᠢᠯ᠎ᠢ ᠤᠰᠤᠨ᠎ᠤ ᠡᠬᠢ ᠪᠠᠶᠠᠯᠢᠭ ᠳᠤᠲᠠᠭᠳᠠᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠭ᠋ᠠᠵᠤ᠂  ᠰᠢᠰᠲᠸᠮ᠎ᠤᠨ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ 2025 ᠣᠨ᠎ᠳᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠤᠰᠤ ᠠᠷᠪᠢᠯᠠᠬᠤ ᠠᠵᠢᠯᠯᠠᠭ᠎ᠠ ᠵᠢ ᠪᠥᠬᠦ ᠣᠷᠣᠨ᠎ᠤ ᠬᠡᠷᠡᠭᠵᠢᠭᠦᠯᠦᠭᠰᠡᠨ 《ᠵᠢᠷᠭᠤᠭ᠋ᠠᠨ ᠠᠵᠢᠯᠯᠠᠭ᠎ᠠ》 ᠵᠢᠨ ᠴᠢᠬᠤᠯᠠ ᠶᠡᠭᠡ ᠪᠠᠶ᠋ᠢᠷᠢᠯᠠᠭᠤᠯᠤᠯᠲᠠ᠎ᠳᠤ ᠣᠷᠣᠭᠤᠯᠵᠤ᠂  ᠤᠰᠤ ᠠᠷᠪᠢᠯᠠᠬᠤ ᠵᠢ ᠬᠥᠭᠵᠢᠯᠲᠡ ᠵᠢᠨ ᠪᠥᠬᠦ ᠲᠠᠯ᠎ᠠ᠎ᠳᠤ ᠬᠤᠯᠪᠣᠭᠳᠠᠬᠤ ᠴᠢᠬᠤᠯᠠ ᠠᠵᠢᠯ ᠪᠣᠯᠭ᠋ᠠᠵᠤ᠂  ᠤᠰᠤ ᠵᠠᠰᠠᠬᠤ ᠵᠢ ᠤᠷᠢᠳ ᠡᠮᠦᠨ᠎ᠡ ᠪᠠᠶ᠋ᠢᠭ᠎ᠠ ᠦᠭᠡᠢ ᠴᠢᠬᠤᠯᠠ ᠪᠠᠶ᠋ᠢᠷᠢᠨ᠎ᠳᠤ ᠲᠠᠯᠪᠢᠪᠠ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂  ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠥᠨᠳᠥᠷ ᠲᠦᠪᠰᠢᠨ ᠵᠶ᠋ᠠᠷ ᠠᠬᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠲᠡᠷᠢᠭᠦᠯᠡᠭᠴᠢ ᠵᠢᠨ ᠳᠤᠭᠤᠶ᠋ᠢᠯᠠᠩ᠎ᠤᠨ ᠳᠠᠷᠤᠭ᠎ᠠ ᠪᠣᠯᠤᠭᠰᠠᠨ ᠲᠤᠰᠬᠠᠶ ᠳᠤᠭᠤᠶ᠋ᠢᠯᠠᠩ᠎ᠨᠢ ᠪᠥᠬᠦ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤᠨ᠎ᠤ ᠡᠬᠢ ᠪᠠᠶᠠᠯᠢᠭ᠎ᠢ ᠳᠣᠭᠢᠷᠠᠭᠤᠯᠤᠨ ᠠᠰᠢᠭᠯᠠᠬᠤ ᠲᠥᠯᠥᠪᠵᠢᠭᠦᠯᠭᠡ》᠂ 《ᠲᠠᠷᠢᠶᠠᠯᠠᠩ᠎ᠤᠨ ᠤᠰᠤ ᠠᠷᠪᠢᠯᠠᠬᠤ ᠵᠢ ᠬᠡᠷᠡᠭᠵᠢᠭᠦᠯᠬᠦ ᠲᠥᠰᠦᠯ》 ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂  ᠰᠢᠨᠵᠢᠯᠡᠬᠦ ᠤᠬᠠᠭ᠋ᠠᠨᠴᠢ ᠪᠥᠭᠡᠳ ᠲᠡᠭᠦᠯᠳᠡᠷᠵᠢᠭᠰᠡᠨ ᠤᠰᠤ ᠠᠷᠪᠢᠯᠠᠬᠤ ᠠᠵᠢᠯ᠎ᠤᠨ ᠰᠢᠰᠲ᠋ᠧᠮᠵᠢ ᠵᠢᠨ 《ᠨᠢᠷᠤᠭᠤ ᠲᠤᠯᠭ᠋ᠠᠭᠤᠷᠢ》 ᠵᠢ ᠪᠠᠶ᠋ᠢᠭᠤᠯᠪᠠ᠃

   ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠦᠴᠢᠷ᠎ᠤᠳ ᠦᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠦᠳᠡᠯᠭᠡᠬᠦ ᠬᠦᠴᠦᠨ ᠪᠣᠯᠭ᠋ᠠᠵᠤ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠠᠮᠢ ᠨᠠᠰᠤᠨ᠎ᠤ ᠡᠬᠢ ᠰᠤᠷᠪᠤᠯᠵᠢ ᠵᠢ ᠬᠠᠮᠠᠭ᠋ᠠᠯᠠᠵᠤ᠂  ᠪᠦᠯᠬᠦᠮᠳᠡᠨ ᠲᠡᠮᠡᠴᠡᠵᠦ ᠪᠠᠶ᠋ᠢᠭ᠋ᠠᠳ ᠤᠰᠤ ᠠᠷᠪᠢᠯᠠᠬᠤ ᠠᠵᠢᠯᠯᠠᠭ᠎ᠠ ᠵᠢ ᠦᠷᠨᠢᠭᠦᠯᠬᠦ ᠬᠡᠷᠡᠭᠲᠡᠢ᠃  ᠳᠦᠷᠢᠮ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠂  ᠥᠪᠡᠷᠲᠡᠭᠡᠨ ᠵᠠᠰᠠᠬᠤ ᠣᠷᠣᠨ᠎ᠠᠴᠠ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠠᠮᠢᠶᠠᠷᠤᠨ ᠡᠵᠡᠮᠳᠡᠬᠦ ᠲᠣᠭᠲᠠᠴᠠ ᠵᠢᠨ ᠰᠢᠨ᠎ᠡ ᠵᠢ ᠡᠭᠦᠳᠦᠨ ᠬᠡᠷᠡᠭᠵᠢᠭᠦᠯᠵᠦ᠂ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢᠨ ᠭᠦᠢ᠍ᠴᠡᠳᠬᠡᠯ ᠲᠤᠭ᠎ᠠ ᠵᠢ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠪᠠ ᠦᠨᠳᠦᠰᠦᠨ ᠤᠰᠤ ᠬᠡᠷᠡᠭᠯᠡᠬᠦ ᠨᠢᠭᠡᠴᠢ᠎ᠳᠤ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂  ᠥᠪᠡᠷᠲᠡᠭᠡᠨ ᠵᠠᠰᠠᠬᠤ ᠣᠷᠣᠨ᠂  ᠠᠶ᠋ᠢᠮᠠᠭ ᠬᠤᠲᠠ᠂  ᠬᠤᠰᠢᠭᠤ ᠰᠢᠶᠠᠨ ᠭᠤᠷᠪᠠᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ᠎ᠠ᠃  ᠪᠦᠬᠦ ᠤᠯᠤᠰ᠎ᠲᠤ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠤᠳᠤᠬᠤ》 ᠤᠰᠤ ᠠᠪᠬᠤ ᠬᠡᠮᠵᠢᠯᠲᠡ ᠵᠢ ᠤᠷᠢᠳᠠᠪᠠᠷ ᠬᠡᠷᠡᠭᠵᠢᠭᠦᠯᠬᠦ᠎ᠪᠠᠷ ᠳᠠᠮᠵᠢᠭᠤᠯᠤᠨ᠂ 65 ᠲᠦᠮᠡᠨ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠢ ᠪᠦᠬᠦᠨ᠎ᠢ ᠬᠠᠮᠤᠷᠬᠤ ᠵᠢ ᠪᠡᠶᠡᠯᠡᠭᠦᠯᠦᠭᠰᠡᠨ ᠪᠥᠭᠡᠳ ᠤᠰᠤ ᠠᠪᠴᠤ ᠬᠡᠷᠡᠭᠯᠡᠬᠦ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠴᠠ ᠵᠢ ᠢᠵᠢ ᠪᠦᠷᠢᠳᠦᠭᠦᠯᠦᠨ ᠪᠠᠶ᠋ᠢᠭᠤᠯᠵᠤ᠂  ᠤᠰᠤᠨ᠎ᠤ ᠡᠬᠢ ᠪᠠᠶᠠᠯᠢᠭ᠎ᠤᠨ ᠬᠡᠷᠡᠭᠯᠡᠯᠲᠡ ᠵᠢᠨ ᠨᠠᠷᠢᠯᠢᠭ ᠣᠨᠣᠴᠠᠲᠠᠶ᠎ᠪᠠᠷ ᠬᠡᠮᠵᠢᠬᠦ ᠪᠠ ᠪᠦᠲᠦᠮᠵᠢᠲᠡᠶ ᠬᠢᠨᠠᠨ ᠬᠠᠮᠢᠶᠠᠷᠬᠤ ᠵᠢ ᠪᠡᠶᠡᠯᠡᠭᠦᠯᠪᠡ᠃

   ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ᠂  ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠎ᠳᠤ 《ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂  ᠲᠠᠷᠢᠶᠠᠯᠠᠩ᠎ᠤᠨ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ ᠵᠢ ᠲᠦᠯᠬᠢᠨ ᠠᠬᠢᠭᠤᠯᠵᠤ᠂  ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠨᠠᠮᠤᠷ ᠤᠰᠤ ᠠᠷᠪᠢᠯᠠᠵᠤ ᠬᠤᠣᠰ ᠬᠠᠷᠠᠯᠲᠠ ᠵᠢ ᠪᠡᠶᠡᠯᠡᠭᠦᠯᠪᠡ; ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂  ᠤᠯᠤᠰ᠎ᠠᠴᠠ ᠲᠣᠭᠲᠠᠭ᠋ᠠᠭᠰᠠᠨ ᠬᠠᠷᠠᠯᠲᠠ ᠡᠭᠦᠷᠭᠡ ᠵᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂  ᠪᠥᠬᠦ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠢᠯᠡᠳᠬᠡᠮᠵᠢ ᠵᠢ 0.583 ᠬᠦᠷᠦᠭᠦᠯᠵᠦ᠂  ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠭ᠋ᠠᠨ᠎ᠠ; ᠤᠰᠤᠨ᠎ᠤ ᠡᠷᠬᠡ ᠵᠢ ᠰᠢᠯᠵᠢᠭᠦᠯᠦᠨ ᠥᠭᠬᠦ ᠵᠠᠭᠪᠤᠷ᠎ᠤᠨ ᠰᠢᠨ᠎ᠡ ᠵᠢ ᠡᠭᠦᠳᠴᠦ᠂  ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠬᠤᠶᠠᠳᠤᠭ᠋ᠠᠷ ᠬᠤᠭᠤᠴᠠᠭ᠋ᠠᠨ᠎ᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂  ᠠᠩᠬᠠᠳᠠᠭᠴᠢ ᠪᠦᠯᠦᠭ ᠤᠰᠤ ᠠᠷᠪᠢᠯᠠᠬᠤ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ ᠵᠢ ᠪᠡᠶᠡᠯᠡᠭᠦᠯᠵᠦ᠂  ᠵᠢᠱ᠌ᠢᠯᠲᠡ᠎ᠪᠠᠷ ᠰᠢᠯᠵᠢᠭᠦᠯᠦᠨ ᠥᠭᠴᠦ ᠪᠣᠯᠬᠤ ᠤᠰᠤᠨ᠎ᠤ ᠬᠡᠮᠵᠢᠶ᠎ᠡ ᠵᠢ ᠪᠠᠷᠤᠭ 5000 ᠲᠦᠮᠡᠨ ᠪᠣᠰᠤᠭ᠎ᠠ ᠳᠥᠷᠪᠡᠯᠵᠢᠨ ᠮᠸᠲᠷ ᠰᠢᠬᠠᠮ ᠪᠠᠶ᠋ᠢᠯᠭ᠋ᠠᠨ᠎ᠠ᠃

   ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠠᠯ᠎ᠠ᠎ᠪᠠᠷ᠂  ᠪᠦᠬᠦ ᠤᠯᠤᠰ᠎ᠲᠤ 《ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠢᠯ ᠲᠥᠷᠥᠯ ᠵᠢᠴᠢ ᠦᠢ᠍ᠯᠡᠳᠪᠦᠷᠢᠯᠡᠬᠦ ᠤᠷ᠎ᠠ ᠮᠡᠷᠭᠡᠰᠢᠯ (ᠦᠢ᠍ᠯᠡᠳᠬᠦᠨ)᠎ᠤᠨ ᠭᠠᠷᠴᠠᠭ (ᠲᠤᠷᠰᠢᠨ ᠬᠡᠷᠡᠭᠵᠢᠭᠦᠯᠬᠦ)》᠂ 《ᠴᠠᠭ᠋ᠠᠵᠠᠯᠠᠵᠤ ᠪᠠ ᠬᠥᠭᠵᠢᠭᠦᠯᠬᠦ ᠵᠢ ᠴᠠᠭ᠋ᠠᠵᠠᠯᠠᠬᠤ ᠪᠠ ᠬᠢᠵᠠᠭ᠋ᠠᠷᠯᠠᠵᠤ ᠪᠠᠶ᠋ᠢᠭ᠎ᠠ ᠤᠰᠤ ᠶᠡᠬᠡ ᠬᠣᠷᠣᠭᠳᠠᠭᠤᠯᠬᠤ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ (ᠦᠢ᠍ᠯᠡᠳᠬᠦᠨ)᠎ᠤᠨ ᠭᠠᠷᠴᠠᠭ (ᠲᠤᠷᠰᠢᠨ ᠬᠡᠷᠡᠭᠵᠢᠭᠦᠯᠬᠦ)》᠎ᠢ ᠤᠷᠢᠳᠠᠪᠠᠷ ᠳᠠᠷᠤᠮᠠᠯᠯᠠᠨ ᠲᠠᠷᠬᠠᠭ᠋ᠠᠵᠤ᠂  ᠤᠰᠤ ᠶᠡᠬᠡ ᠬᠣᠷᠣᠭᠳᠠᠭᠤᠯᠬᠤ ᠲᠥᠷᠥᠯ ᠵᠦᠢ᠍ᠯ᠎ᠤᠨ ᠤᠰᠤ ᠲᠠᠲᠠᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠵᠢ ᠴᠢᠩᠳᠠᠯᠠᠨ᠎ᠠ᠃  ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠂  ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠬᠤ ᠠᠵᠢᠯ᠎ᠢ ᠶᠡᠬᠡᠪᠡᠷ ᠠᠬᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ 105᠂  ᠤᠰᠤ ᠠᠷᠪᠢᠯᠠᠬᠤ ᠬᠡᠯᠪᠡᠷᠢ ᠵᠢᠨ ᠬᠦᠷᠢᠶᠡᠯᠡᠩ ᠲᠣᠭᠤᠷᠢᠭ᠎ᠢ ᠨᠡᠶ᠋ᠢᠲᠡ 10 ᠵᠢ ᠪᠠᠶ᠋ᠢᠭᠤᠯᠪᠠ᠃

   ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠲᠠᠯ᠎ᠠ᠎ᠪᠠᠷ᠂  ᠣᠯᠠᠨ ᠨᠡᠶ᠋ᠢᠲᠡ ᠵᠢᠨ ᠪᠠᠶ᠋ᠢᠭᠤᠯᠤᠮᠵᠢ᠂  ᠶᠡᠭᠡ ᠳᠡᠭᠡᠳᠦ ᠰᠤᠷᠭ᠋ᠠᠭᠤᠯᠢ ᠵᠡᠷᠭᠡ ᠤᠰᠤ ᠠᠷᠪᠢᠯᠠᠬᠤ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂  ᠪᠥᠬᠦ ᠥᠪᠡᠷᠲᠡᠭᠡᠨ ᠵᠠᠰᠠᠬᠤ ᠣᠷᠣᠨ᠎ᠤ 6 ᠨᠢᠭᠡᠴᠢ ᠤᠯᠤᠰ᠎ᠤᠨ ᠤᠰᠤᠨ᠎ᠤ ᠠᠰᠢᠭᠯᠠᠮᠵᠢ ᠵᠢᠨ ᠳᠠᠭ᠋ᠠᠭᠤᠯᠤᠭᠴᠢ ᠵᠢᠨ ᠨᠡᠷᠡᠰ᠎ᠲᠤ ᠰᠣᠩᠭᠤᠭᠳᠠᠵᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠪᠥᠬᠦ ᠤᠯᠤᠰ᠎ᠤᠨ ᠠᠩᠬᠠᠳᠠᠭᠴᠢ ᠪᠦᠯᠦᠭ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶ᠋ᠢᠲᠡ ᠵᠢᠨ ᠪᠠᠶ᠋ᠢᠭᠤᠯᠤᠮᠵᠢ᠎ᠳᠤ ᠰᠣᠩᠭᠤᠭᠳᠠᠪᠠ᠃  ᠬᠡᠪ᠎ᠤᠨ ᠪᠤᠰᠤ ᠤᠰᠤ ᠵᠢ ᠲᠣᠬᠢᠷᠠᠭᠤᠯᠤᠨ ᠠᠰᠢᠭᠯᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠳᠠᠬᠢᠯᠲᠠ ᠤᠰᠤ ᠵᠢ ᠲᠣᠬᠢᠷᠠᠭᠤᠯᠤᠨ ᠬᠡᠷᠡᠭᠯᠡᠬᠦ ᠬᠡᠮᠵᠢᠶ᠎ᠡ ᠵᠢ ᠪᠠᠷᠢᠮᠵᠢᠶ᠎ᠠ᠎ᠳᠤ ᠬᠦᠷᠦᠭᠦᠯᠦᠭᠰᠡᠨ ᠪᠠᠶ᠋ᠢᠳᠠᠯ᠎ᠢ ᠣᠨ᠎ᠤ ᠰᠢᠯᠭ᠋ᠠᠨ ᠬᠢᠨᠠᠬᠤ᠎ᠳᠤ ᠣᠷᠣᠭᠤᠯᠤᠨ᠂  ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠲᠤᠷᠰᠢᠯᠲᠠ ᠵᠢᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂  ᠬᠥᠬᠡᠬᠤᠲᠠ ᠵᠡᠷᠭᠡ 6 ᠬᠤᠲᠠ᠎ᠨᠢ ᠤᠯᠤᠰ᠎ᠤᠨ 50 ᠳᠠᠬᠢᠯᠲᠠ ᠤᠰᠤ ᠵᠢ ᠠᠰᠢᠭᠯᠠᠬᠤ ᠭᠤᠤᠯᠳᠠᠯᠭ᠎ᠠ᠎ᠲᠠᠢ ᠬᠤᠲᠠ ᠵᠢᠨ ᠨᠡᠷᠡᠰ᠎ᠲᠤ ᠰᠣᠩᠭᠤᠭᠳᠠᠵᠤ᠂  ᠪᠥᠬᠦ ᠲᠠᠯ᠎ᠠ ᠵᠢᠨ᠂  ᠣᠯᠠᠨ ᠲᠠᠰ ᠳᠠᠪᠬᠤᠷᠭ᠎ᠠ ᠵᠢᠨ ᠤᠰᠤ ᠠᠷᠪᠢᠯᠠᠬᠤ ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠪᠠ᠃

  4 ᠳ᠋ᠦ᠍ᠭᠡᠷ ᠰᠠᠷ᠎ᠠ ᠵᠢᠨ 23᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ 《ᠤᠰᠤ ᠠᠷᠪᠢᠯᠠᠬᠤ ᠠᠵᠢᠯᠯᠠᠭ᠎ᠠ》 ᠵᠢᠨ ᠲᠤᠰᠬᠠᠶ ᠲᠠᠯᠠᠪᠤᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂  ᠱᠧᠩ ᠰᠢᠶᠣᠣ ᠶᠢᠥ ᠲᠢᠩᠬᠢᠮ᠎ᠤᠨ ᠳᠠᠷᠤᠭ᠎ᠠ ᠤᠰᠤ ᠠᠷᠪᠢᠯᠠᠬᠤ ᠠᠵᠢᠯᠯᠠᠭ᠎ᠠ ᠵᠢᠨ ᠭᠤᠤᠯᠳᠠᠯᠭ᠎ᠠ᠎ᠲᠠᠢ ᠡᠭᠦᠷᠭᠡ ᠵᠢ ᠲᠠᠨᠢᠯᠴᠠᠭᠤᠯᠬᠤ᠎ᠳᠤ ᠲᠠᠪᠤᠨ ᠦᠰᠦᠭ ᠵᠶ᠋ᠠᠷ ᠬᠤᠷᠢᠶᠠᠩᠭᠤᠶ᠋ᠢᠯᠠᠵᠤ ᠪᠣᠯᠤᠨ᠎ᠠ᠄ ᠨᠢᠭᠡ᠎ᠳᠤ᠂ 《ᠬᠠᠮᠢᠶᠠᠷᠬᠤ》᠂  ᠲᠤᠬᠠᠶ᠋ᠢᠯᠠᠪᠠᠯ ᠤᠰᠤ ᠵᠢ ᠬᠠᠮᠢᠶᠠᠷᠤᠨ᠎ᠠ; ᠬᠤᠶᠠᠷ᠎ᠲᠤ᠂ 《ᠠᠷᠪᠢᠯᠠᠬᠤ》᠂  ᠲᠤᠬᠠᠶ᠋ᠢᠯᠠᠪᠠᠯ ᠤᠰᠤ ᠵᠢ ᠠᠷᠪᠢᠯᠠᠨ᠎ᠠ;   ᠭᠤᠷᠪᠠ᠎ᠳᠤ᠂ 《ᠵᠠᠰᠠᠬᠤ》᠂  ᠲᠤᠬᠠᠶ᠋ᠢᠯᠠᠪᠠᠯ ᠤᠰᠤ ᠲᠣᠪᠤᠶ᠋ᠢᠮ᠎ᠠ ᠪᠠᠶ᠋ᠢᠬᠤ ᠠᠰᠠᠭᠤᠳᠠᠯ᠎ᠢ ᠴᠡᠭᠴᠡᠯᠡᠨ ᠵᠠᠰᠠᠨ᠎ᠠ; ᠳᠥᠷᠪᠡ᠎ᠳᠤ 《ᠨᠡᠮᠡᠭᠳᠡᠭᠦᠯᠬᠦ》᠂  ᠲᠤᠬᠠᠶ᠋ᠢᠯᠠᠪᠠᠯ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠵᠢ ᠨᠡᠮᠡᠭᠳᠡᠭᠦᠯᠬᠦ ᠶᠠᠪᠤᠳᠠᠯ ᠪᠣᠯᠤᠨ᠎ᠠ; ᠲᠠᠪᠤ᠎ᠳᠤ᠂ 《ᠠᠮᠢᠳᠤᠯᠢᠭ》᠂  ᠲᠤᠬᠠᠶ᠋ᠢᠯᠠᠪᠠᠯ ᠣᠲᠣ ᠵᠢᠨ ᠪᠠᠶ᠋ᠢᠭ᠎ᠠ ᠤᠰᠤᠨ᠎ᠤ ᠡᠬᠢ ᠪᠠᠶᠠᠯᠢᠭ᠎ᠢ ᠠᠮᠢᠳᠤᠯᠢᠭ ᠪᠣᠯᠭ᠋ᠠᠨ᠎ᠠ᠃  ᠡᠨᠡ ᠵᠢᠯ᠎ᠠᠴᠠ ᠨᠠᠭ᠋ᠠᠰᠢ᠂  ᠪᠥᠬᠦ ᠣᠷᠣᠨ᠎ᠤ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠴᠢᠩᠭ᠎ᠠ ᠠᠩᠬᠠᠷᠴᠤ᠂  ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ 12 ᠠᠶ᠋ᠢᠮᠠᠭ ᠬᠤᠲᠠ ᠴᠥᠮ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂  ᠡᠨᠧᠷᠭᠢ᠂  ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ ᠠᠵᠢᠯᠯᠠᠭ᠎ᠠ ᠵᠢᠨ ᠲᠤᠰᠬᠠᠶ ᠲᠥᠰᠦᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂  ᠤᠰᠤ ᠠᠷᠪᠢᠯᠠᠬᠤ ᠬᠠᠮᠢᠶᠠᠷᠤᠯᠲᠠ ᠵᠢᠨ ᠲᠦᠷᠢᠮ ᠲᠥᠷᠥ ᠵᠢᠨ ᠪᠣᠳᠣᠯᠭ᠎ᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂  ᠡᠯ᠎ᠡ ᠬᠦᠷᠢᠶᠡᠨ᠎ᠤ ᠤᠰᠤ ᠠᠷᠪᠢᠯᠠᠬᠤ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠳᠡᠭᠡᠭᠰᠢᠯᠡᠭᠦᠯᠵᠦ᠂  ᠤᠰᠤ ᠠᠷᠪᠢᠯᠠᠬᠤ ᠠᠵᠢᠯᠯᠠᠭ᠎ᠠ ᠵᠢᠨ ᠭᠦᠨᠵᠡᠭᠡᠶ ᠥᠷᠨᠢᠬᠦ ᠵᠢ ᠯᠠᠪᠳᠠᠭᠤᠨ ᠪᠠᠲᠤᠲᠠᠶ ᠠᠬᠢᠭᠤᠯᠪᠠ᠃

   ᠲᠣᠰ ᠤᠳᠠᠭ᠋ᠠᠨ᠎ᠤ ᠤᠰᠤ ᠠᠷᠪᠢᠯᠠᠬᠤ ᠠᠵᠢᠯᠯᠠᠭ᠎ᠠ ᠵᠢᠨ ᠭᠤᠤᠯ ᠬᠠᠷᠠᠯᠲᠠ ᠪᠣᠯ ᠪᠥᠬᠦ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠬᠢᠵᠠᠭ᠋ᠠᠷᠯᠠᠵᠤ᠂  ᠲᠦᠮᠡᠨ ᠲᠥᠭᠦᠷᠢᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 12%᠎ᠠᠴᠠ ᠳᠡᠭᠡᠭᠰᠢ ᠪᠠᠭᠤᠷᠠᠭᠤᠯᠤᠨ᠎ᠠ; ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠂  ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠬᠡᠮᠵᠢᠶ᠎ᠡ ᠵᠢ 0.59%᠎ᠠᠴᠠ ᠳᠡᠭᠡᠭᠰᠢ᠎ᠳᠤ ᠬᠦᠷᠦᠭᠦᠯᠦᠨ᠎ᠡ; ᠠᠵᠤ ᠦᠢ᠍ᠯᠡᠳᠪᠦᠷᠢ ᠵᠢᠨ ᠲᠦᠮᠡᠨ ᠲᠥᠭᠦᠷᠢᠭ᠎ᠤᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 13%᠎ᠠᠴᠠ ᠳᠡᠭᠡᠭᠰᠢ ᠪᠠᠭᠤᠷᠠᠭᠤᠯᠤᠨ᠎ᠠ; ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠤᠰᠤ ᠭᠤᠭᠤᠵᠢᠬᠤ ᠨᠣᠷᠮ᠎ᠠ ᠵᠢ 9% ᠵᠢᠨ ᠳᠣᠲᠣᠷ᠎ᠠ ᠬᠢᠵᠠᠭ᠋ᠠᠷᠯᠠᠨ᠂  ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 48%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ; ᠡᠩ᠎ᠤᠨ ᠪᠤᠰᠤ ᠤᠰᠤᠨ ᠠᠰᠢᠭᠯᠠᠯᠲᠠ ᠵᠢᠨ ᠬᠡᠷᠡᠭᠯᠡᠬᠦ ᠬᠡᠮᠵᠢᠶ᠎ᠡ 7.68 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ᠎ᠳᠤ ᠬᠦᠷᠭᠡᠨ᠎ᠡ᠃

   ᠤᠰᠤᠨ᠎ᠤ ᠠᠮᠢ ᠠᠬᠤᠢ ᠵᠢᠨ ᠤᠷᠴᠢᠨ ᠲᠤᠭᠤᠷᠢᠨ᠎ᠢ ᠦᠷᠭᠦᠯᠵᠢᠯᠡᠨ ᠰᠠᠢ᠌ᠵᠢᠷᠠᠭᠤᠯᠤᠨ᠎ᠠ

   ᠦᠷᠭᠦᠯᠵᠢᠯᠡᠨ ᠬᠦᠴᠦᠯᠡᠵᠦ᠂  ᠤᠳᠠᠭ᠋ᠠᠨ ᠳᠠᠭ᠋ᠠᠭ᠋ᠠᠮᠠᠭ᠋ᠠᠢ ᠴᠢᠷᠮᠠᠶ᠋ᠢᠵᠤ᠂  ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠪᠣᠯ ᠨᠢᠭᠡᠨ ᠤᠷᠳᠤ ᠤᠳᠠᠭ᠋ᠠᠨ ᠮᠥᠷᠲᠡᠭᠡᠨ ᠰᠢᠰᠲ᠋ᠧᠮ᠎ᠲᠠᠢ ᠶᠠᠪᠤᠴᠠ ᠮᠥᠨ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠰᠢᠰᠲ᠋ᠧᠮ᠎ᠲᠠᠢ᠎ᠪᠠᠷ ᠵᠠᠰᠠᠬᠤ ᠵᠢ ᠢᠮᠠᠭᠲᠠ ᠪᠠᠷᠢᠮᠲᠠᠯᠠᠵᠤ᠂  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  ᠢᠯᠡᠳᠲᠡ ᠦᠷ᠎ᠡ ᠪᠦᠲᠦᠮᠵᠢ ᠤᠯᠪᠠ᠃  ᠪᠥᠬᠦ ᠥᠪᠡᠷᠲᠡᠭᠡᠨ ᠵᠠᠰᠠᠬᠤ ᠣᠷᠣᠨ᠎ᠳᠤ ᠨᠢᠭᠡᠨᠲᠡ ᠲᠠᠪᠤᠨ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠵᠤ᠂  ᠨᠡᠶ᠋ᠢᠲᠡ 1.66 ᠲᠦᠮᠡᠨ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢ ᠲᠣᠬᠢᠷᠠᠭᠤᠯᠪᠠ᠃  ᠮᠤᠵᠢ ᠵᠢᠨ ᠱᠠᠲᠤᠨ᠎ᠤ ᠭᠤᠤᠯ ᠮᠥᠷᠡᠨ᠎ᠤ ᠳᠠᠷᠤᠭ᠎ᠠ ᠲᠦᠷᠦᠭᠦᠯᠡᠨ ᠭᠤᠤᠯ ᠮᠥᠷᠡᠨ ᠨᠠᠭᠤᠷ ᠴᠥᠭᠦᠷᠥᠮ᠎ᠢ ᠴᠠᠭᠳᠠᠵᠤ᠂  ᠡᠯ᠎ᠡ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢ ᠳᠠᠶ᠋ᠢᠴᠢᠯᠠᠨ 25.3 ᠲᠦᠮᠡᠨ ᠬᠥᠮᠦᠨ ᠤᠳᠠᠭ᠎ᠠ ᠵᠢ ᠴᠠᠭᠳᠠᠨ ᠪᠠᠶ᠋ᠢᠴᠠᠭ᠋ᠠᠵᠤ᠂  ᠭᠤᠤᠯ ᠮᠥᠷᠡᠨ ᠨᠠᠭᠤᠷ ᠴᠥᠭᠦᠷᠥᠮ᠎ᠳᠤ ᠬᠤᠯᠪᠣᠭᠳᠠᠭᠰᠠᠨ 1017 ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ᠃

   ᠴᠢᠬᠤᠯᠠ ᠶᠡᠭᠡ ᠤᠰᠤ ᠲᠤᠬᠢᠷᠠᠭᠤᠯᠬᠤ ᠢᠨᠵᠧᠨᠧᠷᠢᠩ᠎ᠤᠨ ᠤᠰᠤ ᠳᠠᠮᠵᠢᠭᠤᠯᠬᠤ ᠭᠤᠤᠯ ᠱᠤᠭᠤᠮ᠎ᠳᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠲᠠᠭ᠎ᠠ ᠵᠢᠨ ᠨᠠᠭᠤᠷ᠎ᠤᠨ ᠠᠮᠢ ᠠᠬᠤᠶ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠦ ᠤᠰᠤ ᠨᠥᠬᠦᠪᠥᠷᠢᠯᠡᠬᠦ ᠢᠨᠵᠧᠨᠧᠷᠢᠩ ᠪᠠ ᠴᠤᠤᠯ ᠭᠤᠤᠯ᠎ᠤᠨ ᠤᠰᠤ ᠵᠢ ᠲᠠᠲᠠᠵᠤ ᠯᠢᠶᠤᠤᠾᠸ ᠭᠤᠤᠯ᠎ᠳᠤ ᠨᠡᠮᠡᠷᠢᠯᠡᠬᠦ ᠢᠨᠵᠧᠨᠧᠷᠢᠩ᠎ᠢ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠴᠢᠬᠤᠯᠠ ᠶᠡᠭᠡ ᠤᠰᠤᠨ᠎ᠤ ᠢᠨᠵᠧᠨᠧᠷᠢᠩ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂  ᠢᠨᠵᠧᠨᠧᠷᠢᠩ᠎ᠤᠨ ᠤᠰᠤ ᠳᠠᠮᠵᠢᠭᠤᠯᠬᠤ ᠭᠤᠤᠯ ᠱᠤᠭᠤᠮ᠎ᠳᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠵᠦ᠂  ᠬᠠᠷᠢᠭᠤᠴᠠᠯᠭ᠎ᠠ᠎ᠨᠢ ᠲᠣᠳᠣᠷᠬᠠᠶ᠂  ᠵᠣᠬᠢᠴᠠᠭᠤᠯᠭ᠎ᠠ᠎ᠨᠢ ᠡᠮᠬᠢ ᠵᠢᠷᠤᠮ᠎ᠲᠠᠢ᠂  ᠬᠢᠨᠠᠯᠲᠠ ᠬᠠᠮᠢᠶᠠᠷᠤᠯᠲᠠ᠎ᠨᠢ ᠴᠢᠩᠭ᠎ᠠ᠂  ᠬᠠᠮᠠᠭ᠋ᠠᠯᠠᠯᠲᠠ᠎ᠨᠢ ᠬᠦᠴᠦᠲᠡᠶ ᠪᠥᠬᠦ ᠬᠡᠯᠬᠢᠶᠡᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠲᠣᠭᠲᠠᠴᠠ ᠵᠢ ᠲᠦᠷᠭᠡᠳᠬᠡᠨ ᠪᠣᠶ ᠪᠣᠯᠭ᠋ᠠᠵᠤ᠂  ᠣᠷᠣᠨ᠎ᠤ ᠳᠣᠲᠣᠷᠠᠬᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ᠎ᠤᠨ ᠠᠵᠢᠯᠯᠠᠭ᠋ᠠᠨ᠎ᠤ ᠠᠮᠤᠷ ᠲᠦᠪᠰᠢᠨ ᠪᠠ ᠤᠰᠤ ᠬᠠᠩᠭ᠋ᠠᠬᠤ ᠠᠮᠤᠷ ᠲᠦᠪᠰᠢᠨ᠎ᠢ ᠤᠯᠠᠮ ᠨᠢᠭᠡ ᠠᠯᠬᠤᠮ ᠪᠠᠲᠤᠯᠠᠨ᠎ᠠ᠃

  《ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》᠂  ᠮᠤᠵᠢ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ᠎ᠢ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠵᠦ ᠬᠤᠯᠪᠣᠭ᠋ᠠᠯᠠᠨ ᠵᠠᠰᠠᠬᠤ ᠵᠡᠷᠭᠡ ᠬᠠᠮᠵᠢᠯᠴᠠᠬᠤ ᠲᠣᠭᠲᠠᠴᠠ ᠵᠢ ᠭᠦᠨᠵᠡᠭᠡᠶ ᠬᠠᠶ᠋ᠢᠨ ᠰᠦᠪᠡᠭᠴᠢᠯᠡᠵᠦ᠂  ᠭᠤᠣᠯ ᠮᠥᠷᠡᠨ ᠨᠠᠭᠤᠷ ᠴᠥᠭᠦᠷᠥᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 (ᠳᠤᠷ᠎ᠠ᠎ᠪᠠᠷ ᠵᠶ᠋ᠠᠨ ᠡᠵᠡᠯᠡᠬᠦ᠂  ᠳᠤᠷ᠎ᠠ᠎ᠪᠠᠷ ᠵᠶ᠋ᠠᠨ ᠮᠠᠯᠲᠠᠬᠤ᠂  ᠳᠤᠷ᠎ᠠ᠎ᠪᠠᠷ ᠵᠶ᠋ᠠᠨ ᠣᠪᠣᠭ᠋ᠠᠯᠠᠬᠤ᠂  ᠳᠤᠷ᠎ᠠ᠎ᠪᠠᠷ ᠵᠶ᠋ᠠᠨ ᠪᠠᠶ᠋ᠢᠭᠤᠯᠬᠤ)᠎ᠢ ᠴᠡᠪᠡᠷᠯᠡᠬᠦ᠂  ᠭᠤᠣᠯ ᠮᠥᠷᠡᠨ᠎ᠤ ᠦᠶᠡᠷ ᠵᠠᠯᠠᠬᠤ ᠠᠮᠤᠷ ᠲᠦᠪᠰᠢᠨ᠂  ᠭᠤᠣᠯ᠎ᠤᠨ ᠵᠠᠮ᠎ᠠᠴᠠ ᠬᠠᠤᠯᠢ ᠪᠤᠰᠤ᠎ᠪᠠᠷ ᠡᠯᠡᠰᠦ ᠮᠠᠯᠲᠠᠬᠤ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂  ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ᠎ᠪᠠᠷ᠂  ᠣᠷᠣᠨ ᠪᠦᠰᠡ ᠵᠢᠨ ᠰᠠᠪᠠ ᠭᠠᠵᠠᠷ᠎ᠢ ᠬᠠᠮᠵᠢᠯᠴᠠᠨ ᠵᠠᠰᠠᠬᠤ ᠵᠢ ᠴᠢᠩᠭ᠋ᠠᠳᠬᠠᠵᠤ᠂  ᠬᠠᠮᠲᠤᠪᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ᠎ᠤᠨ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠨ᠎ᠠ᠃

   ᠭᠤᠣᠯᠳᠠᠯᠭ᠎ᠠ᠎ᠲᠠᠢ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ᠎ᠤᠨ ᠠᠮᠢ ᠠᠬᠤᠢ ᠵᠢᠨ ᠤᠰᠤ ᠨᠥᠬᠦᠪᠥᠷᠢᠯᠡᠬᠦ ᠵᠢ ᠬᠡᠷᠡᠭᠵᠢᠭᠦᠯᠵᠦ᠂  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠰᠡᠷᠭᠦᠯᠲᠡ ᠵᠢ ᠠᠬᠢᠭᠤᠯᠤᠨ᠎ᠠ᠃  ᠬᠥᠯᠥᠨ ᠨᠠᠭᠤᠷ᠎ᠤᠨ ᠤᠰᠤᠨ ᠭᠠᠳᠠᠷᠭᠤ ᠵᠣᠬᠢᠰᠲᠠᠢ ᠪᠠᠶ᠋ᠢᠬᠤ ᠵᠢ ᠪᠠᠲᠤᠯᠠᠵᠤ᠂  ᠤᠯᠠᠭ᠋ᠠᠨᠰᠤᠬᠠᠢ ᠵᠢᠨ ᠤᠰᠤ ᠨᠥᠬᠦᠪᠥᠷᠢᠯᠡᠬᠦ ᠬᠡᠮᠵᠢᠶ᠎ᠡ᠎ᠨᠢ 3.76 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠂  ᠳᠠᠭ᠎ᠠ ᠵᠢᠨ ᠨᠠᠭᠤᠷ᠎ᠤᠨ ᠤᠰᠤ ᠨᠥᠬᠦᠪᠥᠷᠢᠯᠡᠬᠦ ᠤᠰᠤ᠎ᠨᠢ 2288 ᠲᠦᠮᠡᠨ ᠪᠣᠰᠤᠭ᠎ᠠ ᠳᠥᠷᠪᠡᠯᠵᠢᠨ ᠮᠸᠲᠷ᠂  ᠤᠰᠤᠨ᠎ᠤ ᠭᠠᠳᠠᠷᠭᠤ ᠵᠢᠨ ᠲᠠᠯᠠᠪᠠᠢ᠎ᠨᠢ 47.3 ᠲᠡᠭᠰᠢ ᠳᠥᠷᠪᠡᠯᠵᠢᠨ ᠺᠢᠯᠤᠮᠸᠲᠷ᠎ᠲᠤ ᠬᠦᠷᠴᠦ᠂  ᠴᠠᠭ᠋ᠠᠨᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ ᠮᠠᠭᠤᠵᠢᠷᠠᠭᠰᠠᠨ ᠠᠰᠠᠭᠤᠳᠠᠯ᠎ᠢ ᠪᠦᠲᠦᠮᠵᠢᠲᠡᠢ ᠬᠤᠷᠢᠭᠯᠠᠵᠤ᠂  ᠰᠤᠪᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ ᠮᠠᠭᠤᠵᠢᠷᠠᠭᠰᠠᠨ ᠠᠰᠠᠭᠤᠳᠠᠯ᠎ᠢ ᠦᠷᠭᠦᠯᠵᠢᠯᠡᠨ 21 ᠵᠢᠯ ᠬᠠᠲᠠᠭ᠋ᠠᠭᠰᠠᠨ ᠦᠭᠡᠢ᠃ 1354 ᠵᠤᠷᠪᠤᠰ ᠭᠤᠣᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ ᠵᠢᠨ ᠦᠨᠡᠯᠡᠯᠲᠡ ᠵᠢᠨ ᠠᠵᠢᠯ᠎ᠢ ᠪᠡᠶᠡᠯᠡᠭᠦᠯᠵᠦ᠂  ᠥᠪᠥᠷ ᠮᠣᠩᠭᠤᠯ᠎ᠤᠨ ᠬᠤᠶᠠᠳᠤᠭ᠋ᠠᠷ ᠬᠠᠲᠤᠨ ᠭᠤᠣᠯ ᠪᠦᠬᠦ ᠤᠯᠤᠰ᠎ᠤᠨ ᠬᠤᠶᠠᠳᠤᠭ᠋ᠠᠷ ᠬᠤᠭᠤᠴᠠᠭ᠋ᠠᠨ᠎ᠤ ᠬᠠᠮᠤᠭ᠎ᠤᠨ ᠭᠤᠶᠤ ᠨᠤᠲᠤᠭ ᠤᠰᠤᠨ᠎ᠤ᠎ᠪᠠᠨ ᠭᠤᠣᠯ ᠮᠥᠷᠡᠨ᠎ᠤ ᠨᠡᠷᠡᠰ᠎ᠲᠤ ᠰᠣᠩᠭᠤᠭᠳᠠᠪᠠ᠃  ᠤᠰᠤ ᠬᠦᠷᠦᠰᠦ ᠵᠢ ᠬᠠᠮᠠᠭ᠋ᠠᠯᠠᠬᠤ ᠣᠷᠣᠨ ᠵᠠᠶ ᠵᠢ ᠬᠠᠮᠢᠶᠠᠷᠤᠨ ᠡᠵᠡᠮᠳᠡᠬᠦ ᠲᠦᠷᠢᠮ᠎ᠢ ᠪᠠᠶ᠋ᠢᠭᠤᠯᠵᠤ᠂ 《ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠠᠷᠪᠠᠨ ᠶᠡᠭᠡ ᠬᠦᠨᠳᠡᠢ ᠵᠢ ᠶᠡᠷᠦᠩᠬᠡᠶ᠋ᠢᠯᠡᠨ ᠵᠠᠰᠠᠬᠤ ᠲᠥᠯᠥᠪᠵᠢᠭᠦᠯᠭᠡ (2023 — 2035 ᠣᠨ)》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ 《ᠡᠯᠡᠰᠦ ᠵᠢ ᠬᠠᠰᠢᠵᠤ ᠤᠰᠤ ᠰᠣᠯᠢᠬᠤ》 ᠠᠮᠢ ᠠᠬᠤᠶ ᠵᠢᠨ ᠵᠠᠰᠠᠯᠲᠠ ᠵᠢᠨ ᠰᠢᠨ᠎ᠡ ᠵᠠᠭᠪᠤᠷ᠎ᠢ ᠰᠦᠪᠡᠭᠴᠢᠯᠡᠨ ᠥᠷᠨᠢᠭᠦᠯᠵᠦ᠂  ᠤᠰᠤ ᠬᠦᠷᠦᠰᠦ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠲᠠᠯᠠᠪᠠᠶ ᠵᠢ 1252 ᠲᠦᠮᠡᠨ ᠮᠥ᠍ ᠪᠡᠶᠡᠯᠡᠭᠦᠯᠵᠦ᠂  ᠤᠰᠤ ᠬᠦᠷᠦᠰᠦ ᠵᠢᠨ ᠢᠳᠡᠭᠳᠡᠯ᠎ᠤᠨ ᠪᠠᠶ᠋ᠢᠳᠠᠯ᠎ᠢ ᠢᠯᠡᠳᠲᠡ ᠰᠠᠶ᠋ᠢᠵᠢᠷᠠᠭᠤᠯᠪᠠ᠃

   ᠭᠤᠤᠯᠳᠠᠯᠭ᠎ᠠ᠎ᠲᠠᠢ ᠰᠠᠪᠠ ᠭᠠᠵᠠᠷ᠎ᠢ ᠵᠠᠰᠠᠬᠤ᠎ᠳᠤ ᠴᠢᠭᠯᠡᠭᠦᠯᠦᠨ᠂  ᠭᠤᠤᠯ ᠮᠥᠷᠡᠨ ᠨᠠᠭᠤᠷ ᠴᠥᠭᠦᠷᠥᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 ᠲᠤᠰᠬᠠᠶ ᠠᠵᠢᠯᠯᠠᠭ᠎ᠠ ᠵᠢ ᠥᠷᠨᠢᠭᠦᠯᠵᠦ᠂  ᠪᠠᠷᠠᠭᠤᠨ ᠯᠢᠶᠤᠤᠾᠸ ᠭᠤᠤᠯ᠂  ᠯᠤᠤᠬ᠎ᠠ ᠵᠢᠨ ᠭᠤᠤᠯ ᠵᠡᠷᠭᠡ 21 ᠭᠤᠤᠯ ᠮᠥᠷᠡᠨ᠎ᠳᠤ 《ᠬᠤᠩᠭᠢᠯ᠎ᠢ ᠴᠡᠪᠡᠷᠯᠡᠬᠦ ᠠᠵᠢᠯᠯᠠᠭ᠎ᠠ》 ᠵᠢ ᠬᠡᠷᠡᠭᠵᠢᠭᠦᠯᠬᠦ ᠵᠢᠨ ᠬᠠᠮᠲᠤ ᠬᠠᠲᠤᠨ ᠭᠤᠤᠯ᠎ᠤᠨ ᠲᠠᠩ ᠭᠠᠵᠠᠷ᠎ᠤᠨ 4213 ᠬᠥᠮᠦᠨ᠎ᠢ ᠨᠡᠭᠦᠯᠭᠡᠨ ᠪᠠᠶ᠋ᠢᠭᠤᠯᠬᠤ ᠡᠭᠦᠷᠭᠡ ᠵᠢ ᠪᠥᠬᠦ ᠲᠠᠯ᠎ᠠ᠎ᠪᠠᠷ ᠪᠡᠶᠡᠯᠡᠭᠦᠯᠵᠦ᠂ 29.41 ᠲᠦᠮᠡᠨ ᠮᠥ᠍ ᠥᠨᠳᠥᠷ ᠡᠰᠢᠲᠦ ᠲᠠᠷᠢᠮᠠᠯ ᠳᠠᠷᠢᠬᠤ ᠵᠢ ᠴᠠᠭ᠋ᠠᠵᠠᠯᠠᠪᠠ᠃  ᠶᠡᠷᠦᠩᠬᠡᠶ᠋ᠢᠯᠡᠨ ᠵᠠᠰᠠᠬᠤ ᠪᠠ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠢᠶᠠᠷᠤᠨ ᠬᠠᠮᠠᠭ᠋ᠠᠯᠠᠬᠤ᠎ᠪᠠᠷ ᠲᠠᠮᠵᠢᠨ᠂  ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠶᠠᠭ ᠠᠬᠢᠭᠤᠯᠵᠤ᠂  ᠬᠥᠮᠦᠨ᠎ᠤ ᠤᠰᠤᠨ᠎ᠤ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠠᠬᠢᠭᠤᠯᠵᠤ ᠪᠠᠶ᠋ᠢᠨ᠎ᠠ᠃

   ᠣᠶ᠋ᠢᠷ᠎ᠠ ᠵᠢᠨ ᠵᠢᠯ᠎ᠤᠳ᠎ᠲᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠥᠭᠡᠷᠡᠴᠢᠯᠡᠯᠲᠡ᠎ᠳᠤ ᠴᠢᠳᠠᠪᠤᠷᠢ ᠣᠯᠭᠤᠬᠤ ᠵᠢ ᠪᠠᠷᠢᠮᠲᠠᠯᠠᠨ᠂  ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂  ᠤᠰᠤᠨ᠎ᠤ ᠦᠨ᠎ᠡ ᠵᠢᠨ ᠲᠣᠭᠲᠠᠴᠠ᠂  ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠪᠠ ᠤᠰᠤᠨ᠎ᠤ ᠠᠮᠢ ᠠᠬᠤᠶ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂  ᠣᠯᠠᠨ ᠡᠰᠢᠵᠢᠭᠰᠡᠨ ᠤᠰᠤᠨ ᠠᠰᠢᠭᠯᠠᠯᠲᠠ ᠵᠢᠨ ᠪᠠᠯᠠ ᠣᠷᠣᠭᠤᠯᠵᠤ ᠪᠠᠯᠠ ᠳᠣᠭᠢᠷᠠᠭᠤᠯᠬᠤ ᠰᠢᠰᠲ᠋ᠧᠮᠵᠢ ᠵᠢ ᠪᠠᠶ᠋ᠢᠭᠤᠯᠵᠤ᠂  ᠤᠰᠤᠨ᠎ᠤ ᠠᠮᠢ ᠠᠬᠤᠶ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠠᠰᠤᠷᠠᠯᠲᠠ ᠥᠬᠡᠶ ᠴᠢᠩᠭ᠋ᠠᠷᠠᠭᠤᠯᠪᠠ᠃  ᠥᠪᠡᠷᠲᠡᠭᠡᠨ ᠵᠠᠰᠠᠬᠤ ᠣᠷᠣᠨ ᠨᠢᠩᠰᠢᠶᠠ᠎ᠯᠤᠭ᠎ᠠ 《ᠬᠠᠲᠤᠨ ᠭᠤᠤᠯ᠎ᠤᠨ ᠰᠠᠪᠠ ᠭᠠᠵᠠᠷ (ᠨᠢᠩᠰᠢᠶᠠ — ᠥᠪᠥᠷ ᠮᠣᠩᠭᠤᠯ᠎ᠤᠨ ᠬᠡᠰᠡᠭ)᠎ᠤᠨ ᠬᠥᠨᠳᠡᠯᠡᠨ ᠠᠮᠢ ᠠᠬᠤᠶ ᠵᠢᠨ ᠨᠥᠬᠦᠪᠥᠷᠢ ᠵᠢᠨ ᠵᠥᠪᠯᠡᠯᠴᠡᠭᠡᠷ》᠎ᠲᠤ ᠭᠠᠷ᠎ᠤᠨ ᠥᠰᠥᠭ ᠵᠢᠷᠤᠭᠰᠠᠨ ᠪᠥᠭᠡᠳ ᠲᠥᠰᠦᠪ᠎ᠤᠨ ᠪᠡᠯᠡ ᠮᠥᠩᠭᠦ᠎ᠨᠢ 5000 ᠲᠦᠮᠡᠨ ᠲᠥᠭᠦᠷᠢᠭ᠎ᠤᠨ ᠡᠳ᠋᠎ᠤᠨ ᠵᠠᠰᠠᠭ᠎ᠤᠨ ᠪᠠᠯᠠ ᠮᠥᠩᠭᠦ ᠵᠢ ᠲᠣᠬᠢᠷᠠᠭᠤᠯᠤᠨ ᠨᠥᠬᠦᠪᠥᠷᠢ ᠥᠭᠬᠦ ᠲᠣᠭᠲᠠᠴᠠ ᠵᠢ ᠨᠠᠶ᠋ᠢᠳᠠᠪᠤᠷᠢᠵᠢᠭᠤᠯᠬᠤ ᠵᠢᠨ ᠬᠠᠮᠲᠤ ᠱᠠᠨ ᠰᠢ ᠱᠠᠨᠰᠢ ᠥᠪᠥᠷ ᠮᠣᠩᠭᠤᠯ᠎ᠤᠨ ᠬᠡᠰᠡᠭ᠎ᠤᠨ ᠨᠥᠬᠦᠪᠥᠷᠢ ᠵᠢᠨ ᠵᠥᠪᠯᠡᠯᠴᠡᠭᠡᠷ᠎ᠢ ᠵᠥᠪᠳᠡᠯᠴᠡᠨ ᠵᠥᠪᠳᠡᠯᠴᠡᠬᠦ ᠵᠢ ᠠᠬᠢᠭᠤᠯᠪᠠ᠃

   ᠡᠭᠦᠨ᠎ᠠᠴᠠ ᠭᠠᠳᠠᠨ᠎ᠠ᠂  ᠪᠠᠷᠠᠭᠤᠨ ᠯᠢᠶᠤᠤᠾᠸ ᠭᠤᠤᠯ᠂  ᠨᠤᠨ ᠮᠥᠷᠡᠨ᠎ᠤ ᠭᠤᠤᠯ ᠤᠷᠤᠰᠬᠠᠯ᠎ᠤᠨ ᠠᠶ᠋ᠢᠮᠠᠭ ᠬᠤᠲᠠ ᠠᠯᠤᠰᠯᠠᠭᠰᠠᠨ ᠤᠰᠤᠨ᠎ᠤ ᠡᠬᠢ ᠪᠠᠶᠠᠯᠢᠭ᠎ᠤᠨ ᠠᠮᠢ ᠠᠬᠤᠶ ᠵᠢᠨ ᠨᠥᠬᠦᠪᠥᠷᠢ ᠵᠢᠨ ᠰᠤᠳᠤᠯᠭ᠋ᠠᠨ᠎ᠢ ᠡᠬᠢᠯᠡᠭᠦᠯᠵᠦ᠂  ᠰᠠᠪᠠ ᠭᠠᠵᠠᠷ᠎ᠢ ᠬᠠᠮᠵᠢᠯᠴᠠᠨ ᠵᠠᠰᠠᠬᠤ᠎ᠳᠤ ᠰᠢᠨ᠎ᠡ ᠠᠷᠭ᠎ᠠ ᠵᠠᠮ ᠬᠠᠩᠭ᠋ᠠᠨ᠎ᠠ᠃  ᠤᠰᠤ ᠬᠦᠷᠦᠰᠦ ᠵᠢ ᠬᠠᠮᠠᠭ᠋ᠠᠯᠠᠬᠤ ᠠᠮᠢ ᠠᠬᠤᠶ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢᠨ ᠰᠢᠨ᠎ᠡ ᠵᠢ ᠡᠭᠦᠳᠴᠦ᠂  ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠪᠠᠷ ᠳᠠᠮᠵᠢᠭᠤᠯᠤᠨ᠂  ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠪᠠ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂  ᠦᠦᠰᠢᠨ ᠬᠤᠰᠢᠭᠤᠨ᠎ᠤ ᠱᠸᠨ ᠱᠦᠢ᠎ᠲᠠᠢ ᠵᠢᠨ ᠲᠥᠷᠥᠯ ᠵᠦᠢ᠍ᠯ ᠵᠶ᠋ᠠᠷ ᠰᠠᠭᠤᠭ᠋ᠠᠯᠢ ᠠᠷᠠᠳ᠎ᠤᠨ ᠣᠷᠣᠯᠭ᠎ᠠ ᠵᠢ ᠵᠠᠭᠤ ᠰᠢᠬᠠᠮ ᠲᠦᠮᠡᠨ ᠲᠥᠭᠦᠷᠢᠭ ᠨᠡᠮᠡᠭᠳᠡᠭᠦᠯᠪᠡ᠃  ᠳᠠᠯᠠᠳ ᠬᠤᠰᠢᠭᠤᠨ᠎ᠤ ᠭᠤᠤᠯᠲᠤ ᠪᠠᠭ᠎ᠠ ᠰᠠᠪᠠ ᠭᠠᠵᠠᠷ᠎ᠤᠨ ᠲᠤᠷᠰᠢᠯᠲᠠ ᠵᠢᠨ ᠴᠡᠭ᠎ᠤᠨ ᠤᠰᠤ ᠬᠦᠷᠦᠰᠦ ᠵᠢ ᠬᠠᠮᠠᠭ᠋ᠠᠯᠠᠵᠤ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠲᠥᠷᠥᠯ ᠵᠦᠢ᠍ᠯ᠎ᠢ ᠰᠦᠪᠡᠭᠴᠢᠯᠡᠵᠦ᠂  ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠲᠣᠭ᠋ᠠᠴᠠᠭ᠎ᠠ ᠬᠢᠬᠦ ᠪᠠ ᠠᠷᠠᠯᠵᠢᠶᠠᠯᠠᠬᠤ ᠲᠣᠭᠲᠠᠴᠠ ᠵᠢ ᠰᠦᠪᠡᠭᠴᠢᠯᠡᠪᠡ᠃  ᠬᠠᠩᠭᠢᠨ ᠬᠤᠰᠢᠭᠤᠨ᠎ᠤ ᠨᠦᠯᠦᠮᠡᠯ ᠭᠠᠵᠠᠷ᠎ᠤᠨ ᠬᠠᠰᠢᠯᠭ᠎ᠠ ᠵᠢᠨ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠤᠷᠰᠢᠯᠲᠠ᠎ᠳᠤ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠨᠥᠬᠦᠪᠥᠷᠢᠯᠡᠨ ᠬᠠᠭ᠋ᠠᠯᠪᠤᠷᠢᠯᠠᠬᠤ ᠬᠥᠮᠥᠷᠭᠡ᠎ᠳᠤ ᠣᠷᠣᠭᠤᠯᠵᠤ᠂  ᠠᠮᠢ ᠠᠬᠤᠶ ᠵᠢᠨ ᠵᠠᠰᠠᠯᠲᠠ ᠬᠢᠭᠡᠳ ᠠᠵᠤ ᠠᠬᠤᠶ ᠵᠢᠨ ᠦᠷ᠎ᠡ ᠠᠰᠢᠭ᠎ᠤᠨ ᠬᠤᠤᠰ ᠠᠮᠵᠢᠯᠲᠠ ᠵᠢ ᠪᠡᠶᠡᠯᠡᠭᠦᠯᠦᠨ᠎ᠡ᠃  ᠡᠭᠦᠨ᠎ᠤ ᠬᠠᠮᠲᠤ᠂  ᠥᠪᠥᠷ ᠮᠣᠩᠭᠤᠯ ᠤᠰᠤᠨ᠎ᠤ ᠡᠷᠬᠡ ᠵᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂  ᠭᠡᠷ᠎ᠡ ᠵᠢᠨ ᠤᠰᠤ ᠠᠷᠪᠢᠯᠠᠬᠤ ᠪᠠ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡ ᠵᠢ 11 ᠠᠵᠤ ᠠᠬᠤᠶ᠋ᠢᠯᠠᠯ 7.14 ᠳ᠋ᠦᠩᠰᠢᠭᠤᠷ ᠲᠥᠭᠦᠷᠢᠭ᠎ᠤᠨ ᠪᠠᠯᠠ ᠲᠣᠬᠢᠷᠠᠭᠤᠯᠭ᠎ᠠ ᠬᠢᠪᠠ᠃  ᠦᠬᠠᠶ ᠬᠤᠲᠠ ᠵᠢᠨ ᠠᠵᠤ ᠠᠬᠤᠶ᠋ᠢᠯᠠᠯ᠎ᠤᠳ ᠬᠠᠲᠤᠨ ᠭᠤᠤᠯ᠎ᠤᠨ ᠤᠰᠤᠨ᠎ᠤ ᠡᠷᠬᠡ᠎ᠪᠠᠨ ᠳᠠᠨᠵᠢᠯᠠᠬᠤ᠎ᠪᠠᠷ ᠳᠠᠮᠵᠢᠭᠤᠯᠤᠨ 500 ᠲᠦᠮᠡᠨ ᠲᠥᠭᠦᠷᠢᠭ᠎ᠤᠨ ᠵᠢᠭᠡᠯᠡᠯᠭᠡ᠎ᠪᠠᠨ ᠠᠮᠵᠢᠯᠲᠠ᠎ᠲᠠᠢ᠎ᠪᠠᠷ ᠵᠢᠭᠡᠯᠡᠵᠦ᠂ 《ᠨᠣᠢ᠌ᠷᠮᠣᠭᠯᠠᠭᠰᠠᠨ》 ᠤᠰᠤᠨ᠎ᠤ ᠡᠬᠢ ᠪᠠᠶᠠᠯᠢᠭ᠎ᠢ ᠠᠮᠢᠯᠠᠭᠤᠯᠪᠠ᠃

   ᠰᠢᠷᠭ᠋ᠠᠯ ᠡᠯᠡᠰᠦ ᠮᠠᠩᠬ᠎ᠠ᠎ᠠᠴᠠ ᠨᠣᠮᠢᠨ ᠳᠣᠯᠭᠢᠶᠠᠨ ᠳᠣᠯᠭᠢᠶᠠᠯᠠᠬᠤ ᠬᠦᠷᠲᠡᠯ᠎ᠡ᠂  ᠭᠤᠣᠯ ᠮᠥᠷᠡᠨ᠎ᠠᠴᠠ ᠤᠷᠤᠰᠬᠠᠯ ᠲᠠᠰᠤᠷᠠᠬᠤ᠎ᠠᠴᠠ ᠤᠰᠤ ᠴᠡᠯᠮᠡᠭᠵᠢᠵᠦ᠂  ᠥᠪᠥᠷ ᠮᠣᠩᠭᠤᠯ᠎ᠤᠨ ᠤᠰᠤᠨ᠎ᠤ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠶᠠᠭ ᠰᠡᠳᠬᠢᠯ ᠬᠥᠳᠡᠯᠭᠡᠮ᠎ᠡ ᠨᠣᠭᠤᠭ᠋ᠠᠨ ᠦᠯᠢᠭᠡᠷ᠎ᠢ ᠪᠢᠴᠢᠭᠯᠡᠵᠦ ᠪᠠᠶ᠋ᠢᠨ᠎ᠠ᠃ 《ᠠᠮᠢ ᠠᠬᠤᠶ ᠵᠢ ᠲᠡᠷᠢᠭᠦᠨ᠎ᠳᠤ ᠲᠠᠯᠪᠢᠵᠤ᠂  ᠪᠣᠬᠢᠷᠲᠤᠯ ᠥᠬᠡᠶ ᠬᠥᠭᠵᠢᠭᠦᠯᠬᠦ》 ᠣᠶ᠋ᠢᠯᠠᠭ᠋ᠠᠭᠳᠠᠬᠤᠨ᠎ᠤ ᠭᠦᠨᠵᠡᠭᠡᠶ ᠦᠢ᠍ᠯᠡᠳᠦᠯᠭᠡ ᠵᠢ ᠳᠠᠭ᠋ᠠᠯᠳᠤᠨ᠂  ᠡᠨᠡ ᠬᠦ᠌ ᠥᠷᠭᠡᠨ ᠠᠭᠤᠳᠠᠮ ᠤᠮᠠᠷᠠᠲᠤ ᠬᠢᠯᠢ ᠵᠢᠨ ᠡᠬᠡ ᠭᠠᠵᠠᠷ᠎ᠲᠤ ᠤᠷᠢᠳ ᠡᠮᠦᠨ᠎ᠡ ᠪᠠᠶ᠋ᠢᠭ᠎ᠠ ᠥᠬᠡᠶ ᠠᠮᠢᠵᠢᠷᠠᠯ᠎ᠤᠨ ᠬᠦᠴᠦᠨ ᠪᠠ ᠠᠮᠢᠵᠢᠷᠠᠯ᠎ᠤᠨ ᠬᠦᠴᠦᠨ᠎ᠲᠠᠢ ᠪᠣᠯᠪᠠ᠃  ᠡᠳᠦᠭᠡ᠂  ᠥᠪᠥᠷ ᠮᠣᠩᠭᠤᠯ᠎ᠤᠨ ᠲᠠᠯ᠎ᠠ ᠨᠤᠲᠤᠭ᠎ᠲᠤ ᠮᠠᠰᠢ ᠣᠯᠠᠨ ᠨᠠᠭᠤᠷ ᠴᠥᠭᠦᠷᠥᠮ ᠪᠠ ᠨᠤᠭᠤ ᠭᠠᠵᠠᠷ ᠲᠠᠷᠬᠠᠵᠤ᠂  ᠨᠢᠭᠡᠨ ᠭᠡᠷᠡᠯ ᠰᠠᠴᠤᠷᠠᠭᠰᠠᠨ ᠰᠤᠪᠤᠳ ᠰᠢᠭ᠋ ᠤᠰᠤᠨ᠎ᠤ ᠠᠮᠢ ᠠᠬᠤᠶ ᠤᠰᠤᠨ᠎ᠤ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠭᠰᠠᠨ ᠠᠮᠢᠳᠤᠯᠢᠭ ᠵᠢᠱ᠌ᠢᠶ᠎ᠡ ᠪᠣᠯᠵᠤ ᠪᠠᠶ᠋ᠢᠨ᠎ᠠ᠃  ᠥᠩᠭᠡᠷᠡᠭᠰᠡᠨ᠎ᠳᠤ ᠤᠰᠤ ᠳᠤᠲᠠᠭᠳᠠᠵᠤ ᠪᠠᠶ᠋ᠢᠭᠰᠠᠨ ᠭᠠᠩ ᠬᠠᠭᠤᠷᠠᠢ ᠭᠠᠵᠠᠷ ᠣᠷᠣᠨ᠎ᠳᠤ ᠤᠳᠤ ᠪᠠᠰᠠ ᠬᠥᠨᠳᠡᠯᠡᠨ ᠭᠤᠯᠳᠤ ᠰᠦᠯᠵᠢᠯᠳᠦᠭᠰᠡᠨ ᠤᠰᠤᠨ ᠰᠢᠰᠲ᠋ᠧᠮ᠎ᠲᠠᠢ ᠪᠣᠯᠪᠠ; ᠤᠤᠯ᠎ᠨᠢ ᠬᠡᠪᠡᠷᠡᠭ ᠠᠮᠢ ᠠᠬᠤᠢ ᠵᠢᠨ ᠣᠷᠴᠢᠨ ᠲᠣᠭᠤᠷᠢᠨ᠎ᠨᠢ ᠲᠠᠷᠢᠶᠠᠯᠠᠬᠤ ᠵᠢ ᠵᠣᠭᠰᠣᠭ᠋ᠠᠵᠤ ᠨᠤᠭᠤ ᠭᠠᠵᠠᠷ᠎ᠢ ᠰᠡᠷᠭᠦᠭᠡᠬᠦ᠂  ᠤᠰᠤ ᠬᠦᠷᠦᠰᠦ ᠵᠢ ᠬᠠᠮᠠᠭ᠋ᠠᠯᠠᠬᠤ ᠵᠡᠷᠭᠡ᠎ᠪᠠᠷ ᠳᠠᠮᠵᠢᠭᠤᠯᠤᠨ ᠢᠯᠡᠳᠲᠡ ᠰᠠᠶ᠋ᠢᠵᠢᠷᠠᠪᠠ᠃

   ᠪᠣᠬᠢᠷᠲᠤᠯ ᠦᠭᠡᠢ ᠬᠥᠭᠵᠢᠯᠲᠡ᠎ᠪᠠᠷ ᠭᠤᠣᠯ ᠬᠦᠭ ᠠᠶᠠᠰ ᠪᠣᠯᠭ᠋ᠠᠵᠤ᠂  ᠠᠷᠠᠳ ᠤᠯᠠᠨ᠎ᠤ ᠬᠦᠰᠡᠨ ᠮᠥᠷᠥᠭᠡᠳᠴᠦ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠵᠤᠭ᠋ᠠᠴᠠᠬᠤ᠎ᠳᠤ ᠲᠣᠬᠢᠷᠠᠮᠵᠢᠲᠠᠢ ᠠᠮᠢ ᠠᠬᠤᠢ ᠵᠢᠨ ᠣᠷᠴᠢᠨ ᠲᠣᠭᠤᠷᠢᠨ ᠤᠯᠠᠮ᠎ᠠᠴᠠ ᠤᠯᠠᠮ ᠰᠠᠶ᠋ᠢᠨ ᠰᠠᠶ᠋ᠢᠬᠠᠨ ᠪᠣᠯᠬᠤ ᠦᠶ᠎ᠡ᠎ᠳᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠᠰᠠ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠵᠦ᠂  ᠰᠠᠶ᠋ᠢᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠤᠷᠢᠨ᠎ᠢ ᠣᠷᠣᠨ ᠪᠦᠰᠡ ᠵᠢᠨ ᠬᠥᠭᠵᠢᠯᠲᠡ ᠵᠢᠨ ᠳᠠᠪᠠᠭᠤᠯᠢᠭ ᠪᠣᠯᠭ᠋ᠠᠵᠤ᠂  ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ᠎ᠳᠤ ᠪᠠᠲᠤ ᠪᠠᠬᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠬᠤ ᠪᠣᠯᠤᠨ᠎ᠠ᠃

 

ᠢᠷᠡᠯᠲᠡ᠄ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠢ ᠪᠠᠢ᠌ᠴᠠᠭ᠋ᠠᠨ ᠰᠤᠳᠤᠯᠪᠠ
ᠰᠦᠨ ᠱᠤᠤ ᠴᠧᠩ ᠪᠠᠶᠠᠨᠨᠠᠭᠤᠷ ᠬᠣᠲᠠ᠎ᠳᠤ ᠪᠠᠢ᠌ᠴᠠᠭ᠋ᠠᠨ ᠰᠤᠳᠤᠯᠪᠠ
ᠪᠠᠶᠠᠷ᠎ᠤᠨ ᠮᠡᠳᠡᠭᠡ! ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ 《ᠪᠦᠬᠦ ᠤᠯᠤᠰ᠎ᠤᠨ ᠪᠣᠯᠪᠠᠰᠤᠨ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ
 
            