ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-23

  5 ᠰᠠᠷ᠎ᠠ ᠵᠢᠨ 21᠎ᠠᠴᠠ 22᠎ᠤᠨ ᠡᠳᠦᠷ ᠪᠤᠯᠲᠠᠯ᠎ᠠ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠬᠦᠷᠴᠦ᠂  ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠤᠨ ᠲᠣᠭᠣᠷᠢᠨ᠎ᠳᠤ ᠪᠠᠢ᠌ᠴᠠᠭ᠋ᠠᠨ ᠰᠤᠳᠤᠯᠪᠠ᠃


微信图片_20250523104332.jpg


  5 ᠰᠠᠷ᠎ᠠ ᠵᠢᠨ 21᠎ᠤ ᠡᠳᠦᠷ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠳᠠᠭᠢᠨ ᠶᠠᠳᠠᠭᠤᠷᠠᠬᠤ ᠵᠢ ᠰᠡᠷᠭᠡᠢ᠌ᠯᠡᠵᠦ ᠬᠢᠨᠠᠨ ᠬᠡᠮᠵᠢᠬᠦ ᠡᠷᠦᠭᠡ᠎ᠳᠤ ᠬᠦᠷᠴᠦ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠡᠭᠦᠷᠭᠡᠯᠡᠯ᠎ᠤᠨ ᠺᠠᠷᠲ᠎ᠢ ᠬᠢᠨᠠᠮᠠᠭ᠋ᠠᠢ ᠪᠠᠢ᠌ᠴᠠᠭ᠋ᠠᠨ ᠦᠵᠡᠵᠦ᠂  ᠨᠥᠬᠥᠪᠦᠷᠢ ᠠᠪᠴᠤ ᠪᠠᠢ᠌ᠭ᠎ᠠ  ᠪᠠᠢ᠌ᠳᠠᠯ᠎ᠢ᠎ᠨᠢ ᠨᠠᠷᠢᠨ ᠣᠢ᠌ᠯᠠᠭ᠋ᠠᠪᠠ᠃ (ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ )

   ᠰᠦᠨ ᠱᠤᠤ ᠴᠧᠩ ᠤᠷᠢᠳ ᠬᠣᠵᠢᠳ ᠳᠠᠭᠢᠨ ᠶᠠᠳᠠᠭᠤᠷᠠᠬᠤ ᠵᠢ ᠰᠡᠷᠭᠡᠢ᠌ᠯᠡᠵᠦ ᠬᠢᠨᠠᠨ ᠬᠡᠮᠵᠢᠬᠦ 3 ᠡᠷᠦᠭᠡ ᠪᠠ ᠪᠠᠢ᠌ᠴᠠᠭ᠋ᠠᠨ ᠳᠠᠩᠰᠠᠯᠠᠬᠤ 2 ᠡᠷᠦᠭᠡ᠎ᠳᠤ ᠬᠦᠷᠴᠦ ᠂  ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠡᠭᠦᠷᠭᠡᠯᠡᠯ᠎ᠤᠨ ᠺᠠᠷᠲ ᠪᠠ ᠲᠠᠷᠢᠶᠠᠴᠢᠨ ᠡᠷᠦᠭᠡ ᠵᠢᠨ ᠣᠷᠣᠯᠭ᠎ᠠ ᠵᠠᠷᠤᠯᠭ᠎ᠠ ᠵᠢᠨ ᠲᠠᠩᠰᠠᠠ ᠳᠡᠪᠲᠡᠷ᠎ᠢ ᠨᠠᠷᠢᠨ ᠪᠠᠢ᠌ᠴᠠᠭ᠋ᠠᠨ ᠦᠵᠡᠵᠦ ᠂  ᠳᠠᠷᠢᠵᠤ ᠲᠡᠵᠢᠭᠡᠬᠦ ᠂  ᠬᠥᠯᠥᠰᠦᠨ ᠠᠵᠢᠯ ᠬᠢᠬᠦ ᠵᠡᠷᠭᠡ ᠣᠷᠣᠯᠭ᠎ᠠ ᠪᠠ ᠨᠥᠬᠥᠪᠦᠷᠢ ᠠᠪᠴᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠵᠤ᠂  ᠲᠤᠬᠠᠢ ᠵᠢᠨ ᠭᠠᠵᠠᠷ᠎ᠤᠨ ᠺᠠᠳ᠋ᠷ ᠣᠯᠠᠨ ᠲᠦᠮᠡᠨ᠎ᠲᠠᠢ ᠬᠠᠮᠲᠤ᠎ᠪᠠᠷ ᠣᠷᠣᠯᠭ᠎ᠠ ᠵᠢ ᠨᠡᠮᠡᠭᠳᠡᠭᠦᠯᠬᠦ ᠰᠠᠢ᠌ᠨ ᠠᠷᠭ᠎ᠠ ᠵᠢ ᠰᠤᠳᠤᠯᠤᠨ ᠶᠠᠷᠢᠯᠴᠠᠵᠤ᠂  ᠲᠠᠷᠢᠶᠠᠴᠢᠨ ᠡᠷᠦᠭᠡ ᠵᠢ ᠦᠵᠡᠯᠲᠡ᠎ᠪᠠᠨ ᠬᠤᠪᠢᠷᠠᠭᠤᠯᠵᠤ ᠂  ᠣᠲᠣ ᠵᠢᠨ ᠪᠠᠢ᠌ᠭ᠎ᠠ ᠬᠦᠷᠢᠶ᠎ᠡ ᠬᠠᠰᠢᠶᠠᠨ᠎ᠤ ᠨᠥᠬᠥᠴᠡᠯ᠎ᠳᠡᠭᠡᠨ ᠲᠦᠰᠢᠭᠯᠡᠨ ᠦᠢ᠍ᠯᠡᠳᠪᠦᠷᠢᠯᠡᠯ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠥᠷᠭᠡᠳᠬᠡᠵᠦ᠂  ᠦᠬᠡᠷ ᠬᠣᠨᠢ ᠢᠯᠡᠭᠦᠬᠡᠨ ᠲᠡᠵᠢᠭᠡᠵᠦ ᠂  ᠪᠣᠷᠳᠣᠨ ᠲᠠᠷᠭᠤᠯᠠᠭᠤᠯᠵᠤ᠂  ᠰᠢᠷᠭ᠋ᠠᠭᠤ ᠭᠦᠳᠡᠯᠮᠦᠷᠢ᠎ᠳᠡᠭᠡᠨ ᠲᠦᠰᠢᠭᠯᠡᠨ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ ᠵᠢ ᠵᠣᠷᠢᠭᠵᠢᠭᠤᠯᠪᠠ᠃

  22᠎ᠤᠨ ᠦᠳᠡ ᠵᠢᠨ ᠡᠮᠦᠨ᠎ᠡ ᠂  ᠰᠦᠨ ᠱᠤᠤ ᠴᠧᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂  ᠤᠯᠠᠭ᠋ᠠᠨᠴᠠᠪ ᠬᠤᠳᠠ᠂  ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠯᠪᠣᠭᠳᠠᠯ ᠪᠦᠬᠦᠢ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃  ᠲᠡᠷᠡ᠂  ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠪᠣᠯ 《  ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠰᠠᠢ᠌ᠲᠤᠷ ᠬᠢᠬᠦ ᠵᠢᠨ ᠵᠠᠩᠭᠢᠯᠠᠭ᠎ᠠ ᠪᠣᠯᠣᠨ᠎ᠠ᠃  ᠨᠠᠮ᠎ᠤᠨ ᠲᠥᠪ ᠬᠣᠷᠢᠶ᠎ᠠ᠎ᠠᠴᠠ ᠪᠢᠳᠡᠨ᠎ᠢ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠬᠤ ᠬᠡᠷᠡᠭᠲᠡᠢ ᠭᠡᠵᠦ ᠱᠠᠭ᠋ᠠᠷᠳᠠᠵᠤ ᠪᠠᠢ᠌ᠨ᠎ᠠ᠂  ᠬᠡᠷᠪᠡ ᠮᠠᠯᠴᠢᠨ ᠲᠠᠷᠢᠶᠠᠴᠢᠨ᠎ᠤ ᠣᠷᠣᠯᠭ᠎ᠠ ᠳᠡᠭᠡᠭᠰᠢᠯᠡᠵᠦ ᠳᠡᠢ᠌ᠯᠭᠦ ᠦᠭᠡᠢ ᠪᠣᠯ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠶᠡᠬᠡ᠎ᠪᠠᠷ ᠪᠠᠭᠤᠷᠠᠬᠤ ᠪᠣᠯᠣᠨ᠎ᠠ᠃  ᠡᠯ᠎ᠡ ᠱᠠᠲᠤᠨ᠎ᠤ᠎ᠬᠢᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂  ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠮᠠᠯᠴᠢᠨ ᠲᠠᠷᠢᠶᠠᠴᠢᠨ᠎ᠢ ᠦᠨᠡᠨ ᠪᠣᠳᠠᠲᠠᠢ ᠬᠠᠪᠰᠤᠷᠤᠨ ᠣᠷᠣᠯᠭ᠎ᠠ ᠵᠢ᠎ᠨᠢ ᠳᠡᠭᠡᠭᠰᠢᠯᠡᠭᠦᠯᠭᠦ ᠬᠡᠷᠡᠭᠲᠡᠢ᠃  ᠵᠣᠬᠢᠶᠠᠨ ᠪᠠᠢ᠌ᠭᠤᠯᠵᠤ ᠳᠠᠢ᠌ᠴᠢᠯᠠᠬᠤ᠎ᠪᠠᠨ ᠴᠢᠩᠭ᠋ᠠᠳᠬᠠᠨ᠂  ᠮᠠᠯᠴᠢᠨ ᠲᠠᠷᠢᠶᠠᠴᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠥᠬᠥᠭᠡᠷᠦᠮᠵᠢᠲᠦ ᠲᠠᠷᠢᠶᠠᠯᠠᠩ᠂  ᠬᠠᠰᠢᠶᠠᠯᠠᠨ ᠲᠡᠵᠢᠭᠡᠬᠦ᠂  ᠬᠦᠷᠢᠶ᠎ᠡ ᠬᠠᠰᠢᠶᠠᠨ᠎ᠤ ᠠᠵᠤ ᠠᠬᠤᠢ ᠵᠢ ᠶᠡᠬᠡ᠎ᠪᠠᠷ ᠬᠥᠭᠵᠢᠭᠦᠯᠦᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ᠎ᠨᠢ ᠳᠡᠭᠡᠭᠰᠢᠯᠡᠭᠦᠯᠵᠦ᠂  ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠵᠢ ᠳᠡᠯᠭᠡᠷᠡᠭᠦᠯᠵᠦ᠂  ᠮᠠᠯᠴᠢᠨ ᠲᠠᠷᠢᠶᠠᠴᠢᠳ᠎ᠢ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠭᠦᠨᠵᠡᠭᠡᠢ ᠣᠷᠣᠯᠴᠠᠭᠤᠯᠤᠨ ᠴᠠᠯᠢᠩ᠎ᠤᠨ ᠴᠢᠨᠠᠷᠲᠠᠢ ᠣᠷᠣᠯᠭ᠎ᠠ ᠵᠢ᠎ᠨᠢ ᠳᠡᠭᠡᠭᠰᠢᠯᠡᠭᠦᠯᠭᠦ ᠬᠡᠷᠡᠭᠲᠡᠢ᠃  ᠭᠠᠵᠠᠷ ᠰᠢᠷᠣᠢ ᠵᠢᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂  ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠦ᠂  ᠬᠠᠮᠲᠤ ᠵᠢᠨ ᠠᠵᠤ ᠠᠬᠤᠢ ᠵᠢ ᠲᠦᠷᠭᠡᠳᠬᠡᠨ ᠬᠥᠭᠵᠢᠭᠦᠯᠵᠦ᠂  ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠬᠡᠷᠡᠭᠲᠡᠢ᠃  ᠶᠠᠳᠠᠭᠤ᠎ᠠᠴᠠ ᠠᠩᠭᠢᠵᠢᠷᠠᠭᠰᠠᠨ ᠡᠷᠦᠭᠡ᠂  ᠶᠠᠳᠠᠭᠤ ᠬᠦᠴᠢᠷᠳᠡᠯᠲᠡᠢ ᠡᠷᠦᠭᠡ ᠵᠢ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂  ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠵᠢ ᠴᠢᠩᠭ᠋ᠠᠳᠬᠠᠨ᠂  ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠤᠨᠢᠨ ᠳᠡᠭᠡᠷ᠎ᠡ᠎ᠨᠢ ᠬᠠᠪᠰᠤᠷᠤᠨ ᠲᠡᠳᠬᠦᠵᠦ᠂  ᠬᠡᠪᠴᠢᠶᠡᠲᠦ ᠴᠢᠨᠠᠷᠲᠠᠢ᠎ᠪᠠᠷ ᠳᠠᠭᠢᠨ ᠶᠠᠳᠠᠭᠤᠷᠠᠬᠤ ᠦᠭᠡᠢ ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃  ᠡᠨᠡ ᠵᠢᠯ᠎ᠠᠴᠠ ᠰᠡᠭᠦᠯᠡᠷᠬᠢ ᠬᠠᠪᠰᠤᠷᠤᠨ ᠲᠡᠳᠬᠦᠬᠦ ᠠᠵᠢᠯ᠎ᠢ ᠡᠷᠲᠡᠬᠡᠨ ᠰᠤᠳᠤᠯᠵᠤ᠂  ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠤ ᠳᠠᠷᠠᠭ᠋ᠠᠬᠢ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠵᠦ ᠳᠡᠢ᠌ᠯᠭᠦ ᠵᠢ ᠪᠠᠲᠤᠯᠠᠬᠤ ᠬᠡᠷᠡᠭᠲᠡᠢ᠃  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠯ᠎ᠡ ᠲᠥᠷᠥᠯ᠎ᠤᠨ ᠨᠥᠬᠥᠪᠦᠷᠢ ᠵᠢ ᠡᠮᠬᠢᠯᠡᠬᠦ ᠪᠠ ᠵᠢᠷᠤᠮᠵᠢᠭᠤᠯᠵᠤ᠂  ᠨᠥᠬᠥᠪᠦᠷᠢ ᠪᠠᠭᠤᠯᠭ᠋ᠠᠬᠤ᠎ᠳᠤ ᠡᠷᠬᠡ ᠲᠡᠭᠰᠢ ᠲᠥᠪ ᠭᠣᠣᠯᠴᠢ ᠪᠠᠢ᠌ᠬᠤ᠂  ᠲᠥᠷᠥ ᠵᠢᠨ ᠪᠣᠳᠣᠯᠭ᠎ᠠ ᠲᠣᠭᠲᠠᠭ᠋ᠠᠭᠰᠠᠨ ᠤᠭ ᠰᠠᠨᠠᠭ᠎ᠠ᠎ᠠᠴᠠ ᠵᠥᠷᠢᠴᠡᠬᠦ ᠦᠭᠡᠢ᠂  ᠬᠡᠷᠡᠭᠵᠢᠭᠦᠯᠬᠦ᠎ᠳᠤ ᠳᠥᠭᠦᠮ ᠭᠢᠯᠪᠠᠷ ᠪᠠᠢ᠌ᠯᠭ᠋ᠠᠵᠤ᠂  ᠵᠣᠭᠣᠰ᠎ᠢ ᠦᠨᠡᠨ ᠬᠦ᠌ ᠴᠢᠬᠤᠯᠠ ᠭᠠᠵᠠᠷ᠎ᠲᠤᠨᠢ ᠬᠡᠷᠡᠭᠯᠡᠨ᠂  ᠰᠠᠢ᠌ᠨ ᠦᠷ᠎ᠡ ᠪᠦᠲᠦᠮᠵᠢ ᠭᠠᠷᠭ᠋ᠠᠬᠤ ᠬᠡᠷᠡᠭᠲᠡᠢ ᠭᠡᠪᠡ᠃

   ᠰᠦᠨ ᠱᠤᠤ ᠴᠧᠩ᠂  ᠡᠯ᠎ᠡ ᠱᠠᠲᠤᠨ᠎ᠤ᠎ᠬᠢᠨ ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠵᠤ᠂  ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠣᠪᠣᠢ᠌ᠮ᠎ᠠ ᠰᠠᠢ᠌ᠲᠤᠷ ᠠᠳᠬᠤᠬᠤ ᠵᠢᠨ ᠵᠡᠷᠭᠡ᠎ᠪᠠᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂  ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠂  ᠠᠶᠤᠯᠭᠦᠢ ᠦᠢ᠍ᠯᠡᠳᠪᠦᠷᠢᠯᠡᠯ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃  ᠬᠣᠰᠢᠭᠤ ᠰᠢᠶᠠᠨ᠎ᠤ ᠱᠠᠲᠤᠨ᠎ᠤ᠎ᠬᠢᠨ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂  ᠤᠷᠢᠳᠤᠬᠢ ᠵᠢ ᠵᠠᠯᠭ᠋ᠠᠮᠵᠢᠯᠠᠨ ᠬᠣᠢ᠌ᠲᠤᠬᠢ᠎ᠳᠤ ᠵᠠᠮ ᠨᠡᠭᠡᠭᠡᠬᠦ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂  ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠦᠨ ᠰᠢᠢ᠍ᠳᠪᠦᠷᠢᠯᠡᠵᠦ᠂  ᠰᠢᠢ᠍ᠳᠪᠦᠷᠢᠯᠡᠵᠦ ᠳᠡᠢ᠌ᠯᠭᠦ ᠦᠭᠡᠢ ᠠᠰᠠᠭᠤᠳᠠᠯ᠎ᠢ ᠴᠠᠭ ᠲᠤᠬᠠᠢ᠎ᠳᠤᠨᠢ ᠳᠡᠭᠡᠭᠰᠢ ᠲᠤᠰᠬᠠᠬᠤ ᠵᠢᠨ ᠬᠠᠮᠲᠤ ᠢᠳᠡᠪᠬᠢᠲᠡᠢ᠎ᠪᠠᠷ ᠰᠠᠨᠠᠭᠤᠯᠭ᠎ᠠ ᠪᠠ ᠠᠷᠭ᠎ᠠ ᠳᠤᠷᠠᠳᠬᠤ ᠬᠡᠷᠡᠭᠲᠡᠢ ᠭᠡᠪᠡ᠃

   ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠪᠠᠶᠠᠨᠨᠠᠭᠤᠷ ᠬᠣᠲᠠ᠎ᠳᠤ ᠪᠠᠢ᠌ᠴᠠᠭ᠋ᠠᠨ ᠰᠤᠳᠤᠯᠪᠠ
ᠪᠠᠶᠠᠷ᠎ᠤᠨ ᠮᠡᠳᠡᠭᠡ! ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ 《ᠪᠦᠬᠦ ᠤᠯᠤᠰ᠎ᠤᠨ ᠪᠣᠯᠪᠠᠰᠤᠨ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ
ᠥᠪᠥᠷ ᠮᠣᠩᠭᠣᠯ᠎ᠤᠨ ᠬᠡᠪᠯᠡᠯ᠎ᠤᠨ ᠪᠦᠯᠦᠭᠯᠡᠯ ᠪᠥᠬᠥ ᠤᠯᠤᠰ᠎ᠤᠨ ᠪᠣᠶ᠋ᠢᠵᠢᠯᠲᠠ ᠵᠢᠨ ᠴᠢᠨᠠᠷᠲᠠᠢ ᠰᠣᠶᠣᠯ᠎ᠤᠨ ᠠᠵᠤ ᠠᠬᠤᠢ᠌ᠯᠠᠯ᠎ᠤᠨ 30 ᠬᠦᠴᠦᠷᠬᠡᠭ᠎ᠲᠤ ᠰᠣᠩᠭᠤᠭᠳᠠᠪᠠ
 
            