ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠯᠢ ᠭᠦᠸᠧ ᠶᠢᠩ ᠤᠯᠠᠨ ᠤᠯᠤᠰ᠎ᠤᠨ ᠶᠡᠭᠡ ᠬᠠᠰᠢᠯᠭ᠎ᠠ ᠵᠢᠨ ᠵᠥᠪᠯᠡᠯ᠎ᠤᠨ 93 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ᠎ᠳᠤ ᠣᠷᠣᠯᠴᠠᠵᠤ 《ᠲᠣᠭ᠋ᠠᠴᠢᠯᠠᠭᠰᠠᠨ ᠤᠶᠤᠨᠴᠢ᠎ᠪᠠᠷ ᠡᠨᠧᠷᠭᠢ ᠣᠯᠭᠤᠬᠤ ᠤᠰᠤᠨ ᠴᠥᠭᠦᠷᠥᠮ᠎ᠤᠨ ᠶᠡᠭᠡ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭᠤᠯᠵᠤ ᠬᠠᠮᠠᠭ᠋ᠠᠯᠠᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2025-05-22

  5 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂  ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠤᠯᠠᠨ ᠤᠯᠤᠰ᠎ᠤᠨ ᠶᠡᠭᠡ ᠬᠠᠰᠢᠯᠭ᠎ᠠ ᠵᠢᠨ ᠵᠥᠪᠯᠡᠯ᠎ᠤᠨ 93 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ᠎ᠳᠤ ᠣᠷᠣᠯᠴᠠᠵᠤ 《ᠲᠣᠭ᠋ᠠᠴᠢᠯᠠᠭᠰᠠᠨ ᠤᠶᠤᠨᠴᠢ᠎ᠪᠠᠷ ᠡᠨᠧᠷᠭᠢ ᠣᠯᠭᠤᠬᠤ ᠤᠰᠤᠨ ᠴᠥᠭᠦᠷᠥᠮ᠎ᠤᠨ ᠶᠡᠭᠡ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭᠤᠯᠵᠤ ᠬᠠᠮᠠᠭ᠋ᠠᠯᠠᠶ᠎ᠠ》 ᠭᠡᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠦ᠂  ᠤᠯᠠᠨ ᠤᠯᠤᠰ᠎ᠤᠨ ᠶᠡᠭᠡ ᠬᠠᠰᠢᠯᠭ᠎ᠠ ᠵᠢᠨ ᠵᠥᠪᠯᠡᠯ᠎ᠤᠨ ᠢᠷᠠᠭᠤ ᠠᠯᠳᠠᠷ᠎ᠤᠨ ᠲᠡᠷᠢᠭᠦᠯᠡᠭᠴᠢ ᠺᠠᠰᠢᠤ᠋ · ᠸᠸᠢ ᠣᠣ ᠳ᠋ᠢ᠎ᠲᠠᠢ ᠬᠠᠮᠲᠤ᠎ᠪᠠᠷ ᠳᠤᠮᠳᠠᠳᠤ ᠤᠯᠤᠰ᠎ᠲᠤ ᠨᠠᠶ᠋ᠢᠷᠠᠭᠤᠯᠤᠨ ᠵᠣᠬᠢᠶᠠᠭᠰᠠᠨ 《ᠤᠶᠤᠨᠲᠤ ᠶᠡᠭᠡ ᠬᠠᠰᠢᠯᠭ᠎ᠠ ᠵᠢᠨ ᠣᠶ᠋ᠢᠯᠠᠭ᠋ᠠᠭᠳᠠᠬᠤᠨ ᠪᠠ ᠦᠢ᠍ᠯᠡᠳᠦᠯᠭᠡ》 ᠵᠢᠨ ᠰᠢᠨ᠎ᠡ ᠨᠣᠮ᠎ᠢ ᠨᠡᠶ᠋ᠢᠲᠡᠯᠡᠪᠡ᠃  ᠳᠡᠯᠡᠬᠡᠢ ᠵᠢᠨ ᠶᠡᠬᠡ ᠬᠠᠰᠢᠯᠭ᠎ᠠ ᠵᠢᠨ ᠵᠥᠪᠯᠡᠯ᠎ᠤᠨ ᠲᠡᠷᠢᠭᠦᠯᠡᠭᠴᠢ ᠮᠢᠱ᠌ᠧᠯ · ᠯᠢ ᠨᠦᠸᠸ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃  ᠣᠯᠠᠨ ᠤᠯᠤᠰ᠎ᠤᠨ ᠤᠰᠤᠨ ᠠᠰᠢᠭᠯᠠᠯᠲᠠ ᠪᠣᠯᠤᠨ ᠣᠷᠴᠢᠨ ᠲᠣᠭᠣᠷᠢᠨ᠎ᠤ ᠢᠨᠵᠧᠨᠧᠷ᠎ᠤᠨ ᠨᠡᠶ᠋ᠢᠭᠡᠮᠯᠢᠭ᠎ᠤᠨ ᠲᠡᠷᠢᠭᠦᠯᠡᠭᠴᠢ ᠹᠢᠯᠢᠫᠫᠣ · ᠭᠦ᠋ ᠪᠦᠸᠸ ᠸᠸᠢ ᠡᠯ᠂  ᠣᠯᠠᠨ ᠤᠯᠤᠰ᠎ᠤᠨ ᠤᠰᠤ ᠤᠰᠤᠯᠠᠬᠤ ᠤᠰᠤ ᠵᠠᠯᠠᠬᠤ ᠵᠥᠪᠯᠡᠯ᠎ᠤᠨ ᠲᠡᠷᠢᠭᠦᠯᠡᠭᠴᠢ ᠮᠠᠷᠺ · ᠠᠰᠢᠯᠢ᠂  ᠣᠯᠠᠨ ᠤᠯᠤᠰ᠎ᠤᠨ ᠤᠰᠤ ᠴᠠᠬᠢᠯᠭ᠋ᠠᠨ᠎ᠤ ᠨᠡᠶ᠋ᠢᠭᠡᠮᠯᠢᠭ᠎ᠤᠨ ᠬᠡᠷᠡᠭ ᠮᠡᠳᠡᠭᠴᠢᠳ᠎ᠤᠨ ᠵᠥᠪᠯᠡᠯ᠎ᠤᠨ ᠲᠡᠷᠢᠭᠦᠯᠡᠭᠴᠢ ᠠᠨᠳᠦ᠋ᠩ — ᠯᠦᠶᠢᠰ · ᠣᠣ ᠯᠢ ᠸᠸᠢ ᠡᠯ ᠬᠤᠷᠠᠯ᠎ᠳᠤ ᠤᠷᠤᠯᠴᠠᠪᠠ᠃

   ᠯᠢ ᠭᠦᠸᠧ ᠶᠢᠩ ᠵᠢᠭ᠋ᠠᠵᠤ ᠭᠠᠷᠭ᠋ᠠᠭᠰᠠᠨ᠎ᠨᠢ᠂  ᠣᠳᠣᠬᠠᠨ᠎ᠳᠤ ᠪᠠ ᠢᠷᠡᠭᠡᠳᠦᠢ ᠵᠢᠨ ᠨᠢᠭᠡ ᠬᠤᠭᠤᠴᠠᠭ᠋ᠠᠨ᠎ᠳᠤ᠂  ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠨᠥᠯᠥᠭᠡ᠎ᠨᠢ ᠲᠣᠭᠲᠠᠪᠤᠷᠢ ᠦᠭᠡᠢ᠂  ᠲᠣᠭᠲᠠᠭᠤᠨ ᠪᠤᠰᠤ ᠬᠦᠴᠦᠨ ᠵᠦᠢ᠍ᠯ ᠡᠳᠦᠷ ᠢᠷᠡᠬᠦᠶ᠎ᠡ ᠨᠡᠮᠡᠭᠳᠡᠵᠦ᠂  ᠶᠡᠭᠡ ᠬᠠᠰᠢᠯᠭ᠎ᠠ᠎ᠳᠤ ᠲᠤᠯᠭ᠋ᠠᠷᠠᠵᠤ ᠪᠠᠶ᠋ᠢᠭ᠎ᠠ ᠣᠷᠴᠢᠨ ᠲᠣᠭᠤᠷᠢᠨ᠎ᠤ ᠨᠥᠬᠦᠴᠡᠯ ᠨᠡᠩ ᠪᠤᠳᠤᠯᠢᠶᠠᠨᠲᠠᠢ᠂  ᠨᠡᠩ ᠬᠡᠲᠦᠷᠡᠮᠡᠬᠡᠢ ᠪᠤᠯᠵᠤ᠂  ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠡᠵᠡᠮᠳᠡᠵᠦ᠂  ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠱᠠᠭ᠋ᠠᠷᠳᠠᠯᠭ᠎ᠠ ᠨᠡᠩ ᠲᠤᠯᠭ᠋ᠠᠮ᠎ᠠ᠂  ᠨᠡᠩ ᠲᠤᠪᠤᠶ᠋ᠢᠮ᠎ᠠ ᠪᠤᠯᠵᠤ᠂  ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠵᠢᠨ ᠭᠦᠨᠵᠡᠭᠡᠶ᠋ᠢᠷᠡᠨ ᠬᠥᠭᠵᠢᠬᠦ ᠵᠢ ᠳᠠᠭ᠋ᠠᠯᠳᠤᠨ᠂  ᠶᠡᠭᠡ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭᠤᠯᠵᠤ ᠬᠠᠮᠠᠭ᠋ᠠᠯᠠᠬᠤ ᠲᠠᠯ᠎ᠠ᠎ᠪᠠᠷ ᠤᠢ᠍ᠢ᠍ᠯᠠᠭ᠋ᠠᠭᠳᠠᠬᠤᠨ᠎ᠢ ᠲᠠᠬᠢᠨ ᠴᠣᠭᠴᠠᠯᠠᠬᠤ᠂  ᠮᠡᠷᠭᠡᠵᠢᠯ᠎ᠤᠨ ᠬᠤᠪᠢᠰᠤᠯᠲᠠ᠂  ᠵᠠᠭᠪᠤᠷ᠎ᠢ ᠲᠠᠬᠢᠨ ᠴᠣᠭᠴᠠᠯᠠᠬᠤ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠰᠢᠨ᠎ᠡ ᠡᠭᠦᠷᠭᠡ ᠲᠤᠯᠭ᠋ᠠᠷᠠᠵᠤ ᠪᠠᠶ᠋ᠢᠨ᠎ᠠ᠃

   ᠯᠢ ᠭᠦᠸᠧ ᠶᠢᠩ ᠵᠢᠭ᠋ᠠᠵᠤ ᠭᠠᠷᠭ᠋ᠠᠭᠰᠠᠨ᠎ᠨᠢ᠂  ᠤᠶᠤᠨᠲᠤ ᠶᠡᠭᠡ ᠬᠠᠰᠢᠯᠭ᠎ᠠ ᠵᠢ ᠪᠠᠶ᠋ᠢᠭᠤᠯᠬᠤ ᠪᠣᠯ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭ᠋ᠠᠴᠠᠭ᠋ᠠᠬᠤ᠂  ᠴᠠᠭ ᠦᠶ᠎ᠡ ᠵᠢᠨ ᠬᠤᠪᠢᠷᠠᠯᠲᠠ ᠵᠢ ᠡᠵᠡᠮᠳᠡᠬᠦ᠂  ᠬᠥᠭᠵᠢᠯᠲᠡ ᠵᠢᠨ ᠬᠥᠳᠡᠯᠭᠡᠬᠦ ᠬᠦᠴᠦᠨ᠎ᠢ ᠪᠤᠢ ᠪᠣᠯᠭ᠋ᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠂  ᠤᠶᠤᠨᠲᠤ ᠶᠡᠭᠡ ᠬᠠᠰᠢᠯᠭ᠎ᠠ᠎ᠪᠠᠷ ᠬᠦᠳᠦᠯᠥᠨ ᠳᠠᠭ᠋ᠠᠭᠤᠯᠵᠤ᠂  ᠶᠡᠭᠡ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠣᠯᠤᠨ ᠠᠵᠢᠯᠯᠠᠭᠤᠯᠵᠤ ᠪᠠᠲᠤᠯᠠᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃  ᠣᠶᠤᠨᠴᠢ ᠶᠡᠭᠡ ᠬᠠᠰᠢᠯᠭ᠎ᠠ ᠵᠢᠨ ᠭᠤᠣᠯ ᠬᠠᠷᠠᠯᠲᠠ ᠪᠣᠯ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠶ᠋ᠢᠨ ᠨᠥᠬᠦᠴᠡᠯᠳᠦᠯ᠎ᠢ ᠪᠡᠶᠡᠯᠡᠭᠦᠯᠵᠦ᠂  ᠪᠦᠬᠦᠨ᠎ᠢ ᠬᠠᠮᠤᠷᠬᠤ᠂  ᠪᠦᠬᠦ ᠬᠦᠴᠦᠨ ᠵᠦᠢ᠍ᠯ᠂  ᠪᠦᠬᠦᠯᠢ ᠡᠳᠦᠷ᠂  ᠪᠦᠬᠦ ᠦᠶᠡᠯᠡᠯ᠎ᠤᠨ ᠬᠤᠭᠤᠴᠠᠭ᠋ᠠᠨ᠎ᠳᠤ ᠮᠡᠳᠡᠷᠡᠬᠦ ᠶᠡᠭᠡ ᠬᠠᠰᠢᠯᠭ᠎ᠠ ᠪᠣᠯᠤᠨ ᠣᠷᠴᠢᠨ ᠲᠣᠭᠤᠷᠢᠨ᠎ᠤ ᠮᠡᠳᠡᠭᠡ ᠵᠠᠩᠭᠢ ᠵᠢ ᠤᠨᠢᠨ ᠳᠡᠭᠡᠷ᠎ᠡ᠎ᠨᠢ ᠢᠯᠭ᠋ᠠᠨ ᠲᠠᠨᠢᠵᠤ᠂  ᠤᠷᠢᠳᠴᠢᠯᠠᠨ ᠰᠡᠷᠡᠮᠵᠢᠯᠡᠭᠦᠯᠵᠦ᠂  ᠰᠢᠢ᠍ᠳᠪᠦᠷᠢᠯᠡᠵᠦ᠂  ᠣᠷᠴᠢᠨ ᠲᠣᠭᠤᠷᠢᠨ᠎ᠤ ᠨᠥᠬᠦᠴᠡᠯ᠎ᠤᠨ ᠬᠤᠪᠢᠷᠠᠯᠲᠠ ᠵᠢ ᠦᠨᠳᠦᠰᠦᠯᠡᠨ 《ᠵᠥᠪ ᠴᠢᠭᠯᠡᠯ — ᠡᠰᠡᠷᠭᠦ ᠴᠢᠭᠯᠡᠯ — ᠵᠥᠪ ᠴᠢᠭᠯᠡᠯ》᠎ᠤᠨ ᠬᠥᠳᠡᠯᠦᠩᠭᠦᠢ ᠠᠬᠢᠭᠤᠯᠬᠤ ᠠᠵᠢᠯᠯᠠᠭ᠋ᠠᠨ᠎ᠤ ᠠᠷᠭ᠎ᠠ ᠬᠡᠯᠪᠡᠷᠢ ᠵᠢ ᠬᠡᠷᠡᠭᠵᠢᠭᠦᠯᠵᠦ᠂  ᠶᠡᠭᠡ ᠬᠠᠰᠢᠯᠭ᠎ᠠ ᠵᠢᠨ ᠴᠢᠳᠠᠮᠵᠢ ᠵᠢᠨ ᠲᠥᠪᠯᠡᠷᠡᠯ᠂  ᠠᠶᠤᠯ ᠲᠦᠭᠰᠢᠭᠦᠷᠢ ᠳᠠᠪᠬᠤᠴᠠᠭᠰᠠᠨ ᠬᠤᠪᠢᠷᠠᠯᠲᠠ ᠵᠢᠨ ᠣᠷᠴᠢᠨ ᠲᠣᠭᠤᠷᠢᠨ᠎ᠳᠤ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠮᠥᠷᠲᠡᠭᠡᠨ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠪᠠᠲᠤᠯᠠᠨ᠎ᠠ᠃  ᠤᠶᠤᠨᠲᠤ ᠶᠡᠭᠡ ᠬᠠᠰᠢᠯᠭ᠎ᠠ ᠵᠢ ᠬᠡᠷᠡᠭᠵᠢᠭᠦᠯᠬᠦ ᠠᠷᠭ᠎ᠠ ᠵᠠᠮ ᠪᠣᠯ ᠲᠣᠭ᠋ᠠᠴᠢᠯᠠᠭᠰᠠᠨ ᠢᠬᠡᠷ᠎ᠡ ᠠᠮᠢ ᠨᠠᠰᠤ ᠮᠥᠨ᠂  ᠠᠪᠤᠴᠠᠯᠳᠤᠯ ᠹᠢᠽᠢᠺ᠎ᠤᠨ ᠶᠡᠭᠡ ᠬᠠᠰᠢᠯᠭ᠎ᠠ ᠪᠠ ᠲᠣᠭ᠋ᠠᠴᠢᠯᠠᠭᠰᠠᠨ ᠶᠡᠭᠡ ᠬᠠᠰᠢᠯᠭ᠎ᠠ ᠵᠢ ᠪᠠᠶ᠋ᠢᠭᠤᠯᠵᠤ᠂  ᠢᠵᠢᠯ ᠠᠯᠬᠤᠮ᠎ᠲᠠᠢ ᠠᠵᠢᠯᠯᠠᠭ᠋ᠠᠨ᠎ᠤ ᠲᠠᠪᠴᠠᠩ᠎ᠢ ᠪᠠᠶ᠋ᠢᠭᠤᠯᠵᠤ᠂  ᠶᠡᠭᠡ ᠬᠠᠰᠢᠯᠭ᠎ᠠ ᠵᠢᠨ ᠴᠢᠨᠠᠷᠲᠠᠢ ᠪᠥᠬᠦ ᠬᠦᠴᠦᠨ ᠵᠦᠢ᠍ᠯ ᠪᠠ ᠠᠵᠢᠯᠯᠠᠭ᠋ᠠᠨ᠎ᠤ ᠬᠠᠮᠢᠶᠠᠷᠤᠯᠲᠠ ᠵᠢᠨ ᠪᠥᠬᠦ ᠶᠠᠪᠤᠴᠠ᠎ᠳᠤ ᠲᠣᠭ᠋ᠠᠴᠢᠯᠠᠭᠰᠠᠨ ᠲᠤᠰᠬᠠᠯ᠂  ᠣᠶᠤᠨᠴᠢᠯᠠᠭᠰᠠᠨ ᠳᠠᠭᠤᠷᠢᠶᠠᠯᠲᠠ ᠬᠢᠵᠦ᠂  ᠬᠡᠢ᠌ᠰᠪᠦᠷᠢ ᠪᠣᠳᠠᠲᠤ ᠰᠣᠯᠢᠯᠴᠠᠭ᠎ᠠ᠂  ᠬᠤᠯᠪᠣᠯᠳᠤᠯ᠎ᠢ ᠰᠢᠯᠢᠳᠡᠭᠵᠢᠭᠦᠯᠵᠦ᠂  ᠳᠣᠭᠢᠷᠠᠭᠤᠯᠤᠨ ᠵᠢᠯᠣᠭᠤᠳᠬᠤ ᠰᠢᠨᠵᠢᠯᠡᠬᠦ ᠤᠬᠠᠭ᠋ᠠᠨᠴᠢ ᠴᠢᠨᠠᠷ᠂  ᠠᠮᠤᠷ ᠲᠦᠪᠰᠢᠨ ᠴᠢᠨᠠᠷ᠎ᠢ ᠳᠡᠭᠡᠭᠰᠢᠯᠡᠭᠦᠯᠦᠨ᠎ᠡ᠃  ᠤᠶᠤᠨᠲᠤ ᠶᠡᠭᠡ ᠬᠠᠰᠢᠯᠭ᠎ᠠ ᠵᠢᠨ ᠭᠤᠤᠯ ᠣᠨᠴᠠᠯᠢᠭ ᠪᠣᠯ ᠢᠷᠡᠭᠡᠳᠦᠶ ᠵᠢ ᠤᠷᠢᠳᠴᠢᠯᠠᠨ ᠵᠢᠱ᠌ᠢᠵᠦ᠂  ᠬᠢᠨᠠᠨ ᠬᠡᠮᠵᠢᠬᠦ ᠰᠡᠷᠡᠯ᠎ᠤᠨ ᠳ᠋ᠠᠶ᠋ᠢᠲ᠋ᠠ ᠪᠠ ᠵᠠᠳᠠᠯᠤᠨ ᠣᠨᠣᠰᠢᠯᠠᠬᠤ ᠮᠡᠷᠭᠡᠵᠢᠯ ᠵᠶ᠋ᠠᠷ ᠳᠠᠮᠵᠢᠭᠤᠯᠤᠨ᠂  ᠶᠡᠭᠡ ᠬᠠᠰᠢᠯᠭ᠎ᠠ ᠵᠢᠨ ᠠᠮᠤᠷ ᠲᠦᠪᠰᠢᠨ ᠪᠠ ᠦᠷ᠎ᠡ ᠠᠰᠢᠭ᠎ᠢ ᠪᠠᠳᠠᠷᠠᠭᠤᠯᠵᠤ ᠪᠠᠶ᠋ᠢᠭ᠎ᠠ ᠡᠯ᠎ᠡ ᠲᠠᠯ᠎ᠠ ᠵᠢᠨ ᠡᠯᠧᠮᠧᠨ᠋ᠲ᠎ᠤᠨ ᠬᠤᠪᠢᠷᠠᠯᠲᠠ ᠵᠢ ᠣᠬᠤᠷ ᠬᠤᠭᠤᠴᠠᠭ᠋ᠠᠨ᠎ᠳᠤ ᠤᠷᠢᠳᠴᠢᠯᠠᠨ ᠮᠡᠳᠡᠭᠡᠯᠡᠬᠦ᠂  ᠳᠤᠮᠳᠠ ᠬᠤᠭᠤᠴᠠᠭ᠋ᠠᠨ᠎ᠤ ᠵᠢᠱ᠌ᠢᠯᠲᠡ᠂  ᠣᠷᠳᠣ ᠬᠤᠭᠤᠴᠠᠭ᠋ᠠᠨ᠎ᠤ ᠪᠠᠷᠠᠯᠠᠯ ᠬᠢᠵᠦ᠂  ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂  ᠶᠡᠭᠡ ᠬᠠᠰᠢᠯᠭ᠎ᠠ ᠵᠢᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠰᠢᠢ᠍ᠳᠪᠦᠷᠢᠯᠡᠬᠦ ᠶᠠᠪᠤᠴᠠ ᠪᠠ ᠶᠡᠭᠡ ᠬᠠᠰᠢᠯᠭ᠎ᠠ ᠵᠢᠨ ᠲᠣᠬᠢᠷᠠᠭᠤᠯᠤᠯᠲᠠ ᠵᠢᠨ ᠠᠵᠢᠯᠯᠠᠭ᠋ᠠᠨ᠎ᠤ ᠶᠠᠪᠤᠴᠠ ᠵᠢ ᠤᠷᠢᠳᠴᠢᠯᠠᠨ ᠲᠣᠭᠯᠠᠵᠤ᠂  ᠪᠡᠯᠡᠳᠬᠡᠯ ᠲᠥᠰᠦᠯ᠎ᠤᠨ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠰᠢᠯᠢᠳᠡᠭᠵᠢᠭᠦᠯᠦᠨ᠂  ᠶᠡᠭᠡ ᠬᠠᠰᠢᠯᠭ᠎ᠠ ᠵᠢᠨ ᠠᠮᠤᠷ ᠲᠦᠪᠰᠢᠨ᠎ᠤ ᠴᠢᠨᠠᠷᠲᠠᠶ ᠪᠠᠶ᠋ᠢᠳᠠᠯ᠎ᠢ ᠲᠦᠷᠭᠡᠨ ᠪᠠᠶ᠋ᠢᠭᠤᠯᠵᠤ ᠬᠥᠳᠡᠯᠦᠩᠭᠦᠶ᠎ᠪᠠᠷ ᠰᠠᠶ᠋ᠢᠵᠢᠷᠠᠭᠤᠯᠬᠤ ᠵᠢ ᠪᠡᠶᠡᠯᠡᠭᠦᠯᠬᠦ ᠶᠠᠪᠤᠳᠠᠯ ᠪᠣᠯᠤᠨ᠎ᠠ᠃

   ᠳᠡᠯᠡᠬᠡᠢ ᠵᠢᠨ ᠬᠠᠰᠢᠯᠭ᠎ᠠ ᠵᠢᠨ ᠠᠵᠤ ᠦᠢ᠍ᠯᠡᠳᠪᠦᠷᠢ ᠵᠢᠨ ᠬᠦᠷᠢᠶᠡᠨ᠎ᠤ ᠬᠤᠯᠪᠣᠭᠳᠠᠯ ᠪᠦᠬᠦᠢ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠂  ᠵᠠᠰᠠᠭ᠎ᠤᠨ ᠣᠷᠳᠣᠨ᠎ᠤ ᠪᠠᠶ᠋ᠢᠭᠤᠯᠤᠮᠵᠢ᠂  ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠣᠯᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠂  ᠲᠤᠰᠬᠠᠢ ᠮᠡᠷᠭᠡᠵᠢᠯᠲᠡᠨ ᠡᠷᠳᠡᠮᠲᠡᠨ 450 ᠬᠦᠮᠦᠨ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ᠃  ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠳᠤᠮᠳᠠᠳᠤ ᠤᠯᠤᠰ᠎ᠤᠨ ᠣᠶᠤᠨᠴᠢ ᠶᠡᠭᠡ ᠬᠠᠰᠢᠯᠭ᠎ᠠ ᠵᠢ ᠪᠠᠶ᠋ᠢᠭᠤᠯᠬᠤ ᠣᠶ᠋ᠢᠯᠠᠭ᠋ᠠᠭᠳᠠᠬᠤᠨ ᠪᠣᠯᠤᠨ ᠦᠢ᠍ᠯᠡᠳᠦᠯᠭᠡ ᠵᠢ ᠳᠡᠭᠡᠳᠦ ᠬᠡᠮᠵᠢᠶ᠎ᠡ᠎ᠪᠠᠷ ᠦᠨᠡᠯᠡᠵᠦ᠂  ᠣᠶᠤᠨᠴᠢ ᠶᠡᠭᠡ ᠬᠠᠰᠢᠯᠭ᠎ᠠ᠎ᠪᠠᠷ ᠪᠡᠯᠭᠡ ᠲᠡᠮᠳᠡᠭ ᠪᠣᠯᠭ᠋ᠠᠭᠰᠠᠨ ᠶᠡᠭᠡ ᠬᠠᠰᠢᠯᠭ᠎ᠠ ᠵᠢᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠭᠦᠨᠵᠡᠭᠡᠢ ᠬᠤᠪᠢᠷᠠᠭᠤᠯᠬᠤ᠎ᠨᠢ ᠯᠠᠪᠲᠠᠢ ᠭᠡᠵᠦ ᠦᠵᠡᠪᠡ᠃

   ᠵᠣᠬᠢᠶᠠᠭᠴᠢ᠄ ᠴᠸᠨ ᠮᠸᠩ      ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠮᠠᠷᠠᠲᠤ ᠬᠢᠯᠢ ᠵᠢᠨ ᠨᠣᠮᠢᠨ ᠨᠣᠭᠤᠭ᠋ᠠᠨ ᠵᠢᠷᠤᠭ ᠵᠶ᠋ᠠᠷ ᠵᠢᠷᠤᠭᠯᠠᠨᠠᠮ — ᠥᠪᠥᠷ ᠮᠣᠩᠭᠤᠯ᠎ᠤᠨ ᠤᠰᠤᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠎ᠳᠤ ᠨᠢᠳᠦ ᠭᠢᠯᠠᠰᠤᠮ᠎ᠠ 《ᠬᠢᠷᠢ ᠪᠦᠲᠦᠮᠵᠢ ᠵᠢᠨ ᠬᠠᠭᠤᠳᠠᠰᠤ》 ᠲᠤᠰᠢᠶᠠᠪᠠ
ᠰᠦᠨ ᠱᠤᠤ ᠴᠧᠩ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠢ ᠪᠠᠢ᠌ᠴᠠᠭ᠋ᠠᠨ ᠰᠤᠳᠤᠯᠪᠠ
ᠰᠦᠨ ᠱᠤᠤ ᠴᠧᠩ ᠪᠠᠶᠠᠨᠨᠠᠭᠤᠷ ᠬᠣᠲᠠ᠎ᠳᠤ ᠪᠠᠢ᠌ᠴᠠᠭ᠋ᠠᠨ ᠰᠤᠳᠤᠯᠪᠠ
 
            