ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
ᠨᠡᠶ᠋ᠢᠲᠡᠯᠡᠭᠰᠡᠨ ᠴᠠᠭ᠄ 2025-05-20

   ᠣᠢ᠌ᠷ᠎ᠠ᠎ᠳᠤ᠂  ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠎ᠨᠢ ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ᠂  ᠭᠤᠸᠠᠩᠳᠦ᠋ᠩ᠂  ᠭᠤᠸᠠᠩᠰᠢ ᠵᠡᠷᠭᠡ ᠤᠰᠤᠨ ᠰᠢᠨᠵᠢᠯᠡᠭᠡᠨ᠎ᠤ ᠰᠠᠯᠠᠭ᠎ᠠ ᠮᠦᠴᠢᠷ᠎ᠲᠠᠢ ᠬᠠᠮᠲᠤᠷᠠᠨ᠂  ᠡᠨᠡ ᠵᠢᠯ᠎ᠤᠨ 《ᠯᠤᠤᠲᠤ ᠣᠩᠭᠣᠴᠠᠨ᠎ᠤ ᠤᠰᠤ》 ᠵᠢᠨ ᠬᠤᠭᠤᠴᠠᠭ᠋ᠠᠨ᠎ᠳᠠᠬᠢ ᠵᠦᠵᠢᠶᠠᠩ ᠮᠥᠷᠡᠨ᠎ᠤ ᠰᠠᠪᠠ ᠭᠠᠵᠠᠷ᠎ᠤᠨ ᠦᠶᠡᠷ᠎ᠤᠨ ᠪᠠᠢ᠌ᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠬᠤ ᠪᠣᠯᠤᠨ᠎ᠠ᠃  ᠰᠤᠳᠤᠯᠤᠨ ᠮᠠᠭ᠋ᠠᠳᠯᠠᠬᠰᠡᠨ ᠵᠶ᠋ᠠᠷ᠂ 《ᠯᠤᠤᠳᠤ ᠤᠩᠭᠤᠴᠠᠨ᠎ᠤ ᠤᠰᠤ》 ᠵᠢᠨ ᠬᠤᠭᠤᠴᠠᠭ᠋ᠠᠨ᠎ᠳᠤ ᠳᠡᠳ᠋ ᠬᠠᠯᠠᠭᠤᠨ ᠪᠦᠰᠡᠨ᠎ᠤ ᠦᠨᠳᠦᠷ ᠲᠠᠷᠤᠯᠳᠠᠳᠤ ᠲᠠᠯᠠᠪᠠᠢ᠎ᠨᠢ ᠵᠢᠭ᠋ᠠᠬᠠᠨ ᠶᠡᠭᠡ᠂  ᠬᠦᠴᠦᠯᠡᠴᠡ᠎ᠨᠢ ᠵᠢᠭ᠋ᠠᠬᠠᠨ ᠴᠢᠩᠭ᠎ᠠ᠂  ᠡᠮᠦᠨᠡᠳᠦ ᠲᠠᠩᠭᠢᠰ ᠵᠢᠨ ᠵᠤᠨ᠎ᠤ ᠤᠯᠠᠷᠢᠯ᠎ᠤᠨ ᠰᠠᠯᠬᠢ ᠵᠢᠭ᠋ᠠᠬᠠᠨ ᠤᠷᠤᠢ᠂  ᠵᠦᠵᠢᠶᠠᠩ ᠮᠦᠷᠡᠨ᠎ᠤ ᠰᠠᠪᠠ ᠭᠠᠵᠠᠷ᠎ᠤᠨ ᠪᠤᠷᠤᠭ᠋ᠠᠨ᠎ᠤ ᠵᠢᠯ ᠤᠢ᠍ᠢ᠍ᠷᠠᠳᠬᠤ ᠪᠤᠶᠤ ᠵᠢᠭ᠋ᠠᠬᠠᠨ ᠢᠯᠡᠬᠦᠦ ᠰᠢᠭ ᠪᠠᠶ᠋ᠢᠵᠤ᠂  ᠡᠬᠦᠨ᠎ᠳᠤ ᠰᠢᠵᠢᠶᠠᠩ ᠮᠦᠷᠡᠨ ᠵᠢᠯ ᠲᠤᠷᠰᠢ ᠤᠶ᠋ᠢᠷᠠᠯᠴᠠᠭ᠎ᠠ ᠪᠠᠶ᠋ᠢᠵᠤ᠂  ᠪᠸᠢᠢ᠍ᠵᠢᠶᠠᠩ ᠮᠦᠷᠡᠨ᠂  ᠬᠠᠨᠵᠢᠶᠠᠩ ᠮᠦᠷᠡᠨ ᠵᠢᠭ᠋ᠠᠬᠠᠨ ᠢᠯᠡᠬᠦᠦ ᠰᠢᠭ ᠪᠠᠶ᠋ᠢᠳᠠᠭ; ᠵᠦᠵᠢᠶᠠᠩ ᠮᠦᠷᠡᠨ᠎ᠤ ᠰᠠᠪᠠ ᠭᠠᠵᠠᠷ᠎ᠤᠨ ᠶᠡᠬᠡᠩᠬᠢ ᠬᠡᠰᠡᠭ᠎ᠤᠨ ᠠᠭ᠋ᠠᠷ᠎ᠤᠨ ᠲᠤᠯᠠᠭ᠋ᠠᠨ ᠦᠨᠳᠦᠷ᠂  ᠬᠦᠴᠦᠳᠡᠢ ᠰᠤᠯᠢᠭ ᠤᠷᠤᠰᠬᠠᠯ᠎ᠤᠨ ᠠᠵᠢᠯᠯᠠᠭ᠎ᠠ ᠦᠷᠨᠢᠭᠦᠨ ᠪᠠᠶ᠋ᠢᠵᠤ᠂  ᠬᠡᠰᠡᠭ ᠭᠠᠵᠠᠷ᠎ᠲᠤ ᠠᠭ᠋ᠠᠳᠠᠷ ᠪᠤᠷᠤᠭ᠋ᠠᠨ ᠤᠯᠠᠨ ᠡᠭᠦᠰᠳᠡᠭ᠃  ᠪᠸᠢᠢ᠍ᠵᠢᠶᠠᠩ᠎ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ᠂  ᠰᠢᠵᠢᠶᠠᠩ᠂  ᠬᠠᠨᠵᠢᠶᠠᠩ᠎ᠳᠤ ᠰᠡᠷᠡᠮᠵᠢᠯᠡᠭᠦᠯᠬᠦ ᠱᠣᠭᠤᠮ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠂  ᠰᠢᠷᠦᠭᠦᠨ ᠪᠣᠷᠣᠭ᠋ᠠᠨ᠎ᠤ ᠣᠷᠣᠨ᠎ᠳᠤ ᠳᠤᠮᠳᠠ ᠵᠢᠵᠢᠭ ᠭᠤᠣᠯ ᠮᠥᠷᠡᠨ᠎ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ; ᠡᠮᠵᠡᠭ ᠠᠶᠤᠯᠲᠠᠶ ᠤᠰᠤᠨ ᠴᠥᠭᠦᠷᠥᠮ᠂  ᠳᠤᠮᠳᠠ ᠵᠢᠵᠢᠭ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢᠴᠢ ᠬᠡᠰᠡᠭ ᠭᠠᠵᠠᠷ᠎ᠲᠤ ᠲᠦᠢ᠍ᠯ᠎ᠤᠨ ᠰᠢᠷᠦᠭᠦᠨ ᠪᠣᠷᠣᠭ᠋ᠠᠨ᠎ᠠᠴᠠ ᠪᠤᠯᠵᠤ ᠮᠡᠳᠡᠬᠦ ᠠᠭᠤᠯᠠᠨ ᠦᠶᠡᠷ᠎ᠤᠨ ᠭᠠᠮᠰᠢᠭ ᠪᠣᠯᠤᠨ ᠬᠤᠳᠠ ᠵᠢᠨ ᠤᠰᠤᠲᠤᠯ ᠵᠡᠷᠭᠡ ᠠᠶᠤᠯ ᠲᠦᠭᠰᠢᠭᠦᠷᠢ ᠵᠢ ᠭᠤᠣᠯᠳᠠᠯᠭ᠎ᠠ᠎ᠲᠠᠢ᠎ᠪᠠᠷ ᠠᠩᠬᠠᠷᠬᠤ ᠬᠡᠷᠡᠭᠲᠡᠢ᠃

   ᠤᠰᠤᠨ ᠠᠰᠢᠭᠯᠠᠯᠲᠠ ᠵᠢᠨ ᠶᠠᠮᠤᠨ 《ᠯᠤᠤᠳᠤ ᠤᠩᠭᠤᠴᠠᠨ᠎ᠤ ᠤᠰᠤ》 ᠵᠢᠨ ᠬᠤᠭᠤᠴᠠᠭ᠋ᠠᠨ᠎ᠳᠤ ᠵᠦᠵᠢᠶᠠᠩ ᠮᠥᠷᠡᠨ᠎ᠤ ᠰᠠᠪᠠ ᠭᠠᠵᠠᠷ᠎ᠲᠤ ᠰᠢᠷᠦᠭᠦᠨ ᠪᠣᠷᠣᠭ᠋ᠠᠨ ᠣᠷᠣᠬᠤ ᠶᠠᠪᠤᠴᠠ ᠵᠢ ᠨᠢᠭᠲᠠ ᠬᠢᠨᠠᠨ ᠠᠵᠢᠭᠯᠠᠵᠤ᠂  ᠲᠣᠭ᠋ᠠᠴᠢᠯᠠᠭᠰᠠᠨ ᠢᠬᠡᠷ᠎ᠡ ᠲᠠᠪᠴᠠᠩ᠎ᠢ ᠠᠰᠢᠭᠯᠠᠨ ᠦᠶᠡᠷ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠣᠷᠢᠯᠲᠠ ᠬᠢᠵᠦ᠂  ᠰᠡᠷᠭᠡᠶ᠋ᠢᠯᠡᠬᠦ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂  ᠬᠤᠯᠪᠣᠭᠳᠠᠯ ᠪᠦᠬᠦᠢ ᠭᠠᠵᠠᠷ ᠣᠷᠣᠨ᠎ᠲᠠᠢ ᠬᠠᠮᠲᠤᠷᠠᠨ ᠪᠠᠷᠠᠭᠤᠨ ᠮᠥᠷᠡᠨ᠎ᠤ ᠳ᠋ᠠ ᠲᠧᠩ ᠰᠢᠶᠠ᠂  ᠪᠸᠢᠢ᠍ᠵᠢᠶᠠᠩ ᠹᠸᠢ ᠯᠠᠢ ᠰᠢᠶᠠ᠂  ᠬᠠᠨᠵᠢᠶᠠᠩ ᠮᠥᠷᠡᠨ᠎ᠤ ᠬᠥᠪᠥᠩ᠎ᠤᠨ ᠲᠠᠯ᠎ᠠ ᠵᠡᠷᠭᠡ ᠰᠠᠪᠠ ᠭᠠᠵᠠᠷ᠎ᠤᠨ ᠭᠤᠣᠯᠯᠠᠭᠴᠢ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂  ᠦᠶᠡᠷ᠎ᠤᠨ ᠤᠰᠤ ᠵᠢ ᠭᠦᠢ᠍ᠴᠡᠳ ᠲᠣᠬᠢᠷᠠᠭᠤᠯᠵᠤ᠂  ᠣᠷᠣᠨ ᠨᠤᠲᠤᠭ᠎ᠢ ᠰᠢᠮᠳᠠᠭᠤᠯᠵᠤ ᠪᠠᠶ᠋ᠢᠭ᠋ᠠᠳ ᠳᠤᠮᠳᠠ ᠵᠢᠵᠢᠭ ᠭᠤᠣᠯ᠎ᠤᠨ ᠦᠶᠡᠷ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ᠂  ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠡᠷᠭᠡ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠷᠢᠨ ᠨᠠᠶ᠋ᠢᠳᠠᠪᠤᠷᠢᠵᠢᠭᠤᠯᠵᠤ᠂  ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠎ᠠ ᠪᠠ ᠯᠤᠤᠲᠤ ᠣᠩᠭᠤᠴᠠ ᠵᠡᠷᠭᠡ ᠤᠰᠤᠨ᠎ᠳᠤ ᠬᠤᠯᠪᠣᠭᠳᠠᠬᠤ ᠠᠵᠢᠯᠯᠠᠭ᠎ᠠ ᠵᠢᠨ ᠦᠶᠡᠷ᠎ᠤᠨ ᠬᠤᠭᠤᠴᠠᠭ᠎ᠠ ᠵᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠶᠤᠯ᠎ᠲᠠᠢ ᠣᠷᠣᠨ᠎ᠤ ᠬᠥᠮᠦᠰ᠎ᠢ ᠰᠢᠯᠵᠢᠭᠦᠯᠬᠦ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠯᠭᠡᠵᠦ᠂  ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠨ᠎ᠠ᠃

   ᠯᠤᠤᠳᠤ ᠤᠩᠭᠤᠴᠠᠨ᠎ᠤ ᠤᠰᠤ ᠪᠣᠯ ᠵᠢᠯ ᠪᠦᠷᠢ ᠵᠢᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠤᠷᠢᠳ ᠬᠣᠵᠢᠳ (5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ 6 ᠳ᠋ᠤᠭ᠋ᠠᠷ ᠰᠠᠷ᠎ᠠ ᠵᠢᠨ ᠡᠬᠢ ᠪᠣᠯᠲᠠᠯ᠎ᠠ)᠂  ᠡᠮᠦᠨᠡᠲᠦ ᠲᠠᠩᠭᠢᠰ᠎ᠤᠨ ᠤᠯᠠᠷᠢᠯ᠎ᠤᠨ ᠳᠤᠭᠰᠢᠨ ᠰᠠᠯᠬᠢ ᠪᠠ ᠳᠡᠳ᠋ ᠬᠠᠯᠠᠭᠤᠨ ᠪᠦᠰᠡ ᠵᠢᠨ ᠥᠨᠳᠥᠷ ᠳᠠᠷᠤᠯᠲᠠ ᠣᠮᠠᠷᠠᠰᠢ ᠳᠡᠭᠡᠭᠰᠢᠯᠡᠬᠦ ᠬᠠᠮᠲᠤ ᠵᠢᠨ ᠨᠥᠯᠥᠭᠡ᠎ᠠᠴᠠ ᠪᠣᠯᠵᠤ᠂  ᠡᠮᠦᠨᠡᠲᠦ ᠣᠷᠣᠨ᠎ᠤ ᠮᠠᠰᠢ ᠠᠮᠠᠷᠬᠠᠨ ᠦᠷᠭᠦᠯᠵᠢᠯᠡᠬᠦ ᠴᠢᠨᠠᠷᠲᠠᠢ᠂  ᠶᠡᠬᠡ ᠬᠡᠪᠴᠢᠶᠡᠨ᠎ᠤ ᠲᠥᠪᠯᠡᠷᠡᠩᠭᠦᠢ ᠪᠣᠷᠣᠭ᠋ᠠᠨ ᠡᠭᠦᠰᠬᠦ ᠵᠢ ᠵᠢᠭ᠋ᠠᠵᠤ ᠪᠠᠢ᠌ᠨ᠎ᠠ᠂  ᠵᠦᠵᠢᠶᠠᠩ ᠮᠥᠷᠡᠨ᠎ᠤ ᠤᠷᠤᠰᠬᠠᠯ᠎ᠤᠨ ᠴᠢᠨᠠᠷᠲᠠᠢ ᠦᠶᠡᠷ᠎ᠢ ᠠᠮᠠᠷᠬᠠᠨ ᠡᠭᠦᠰᠭᠡᠨ᠎ᠡ᠃  ᠯᠤᠤᠲᠤ ᠣᠩᠭᠣᠴᠠ᠎ᠪᠠᠷ ᠭᠠᠲᠤᠯᠬᠤ ᠴᠠᠭ ᠦᠶ᠎ᠡ ᠪᠣᠯᠵᠤ ᠪᠠᠶ᠋ᠢᠭ᠎ᠠ ᠪᠣᠯᠬᠣᠷ ᠡᠮᠦᠨᠡᠲᠦ ᠣᠷᠣᠨ᠎ᠤ ᠪᠣᠷᠣᠭ᠋ᠠᠨ ᠶᠡᠷᠦ᠎ᠳᠡᠭᠡᠨ 《ᠯᠤᠤᠳᠤ ᠤᠩᠭᠤᠴᠠᠨ᠎ᠤ ᠤᠰᠤ》 ᠭᠡᠳᠡᠭ᠃

  

   ᠵᠣᠬᠢᠶᠠᠭᠴᠢ᠄        ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠣᠷᠣᠨ ᠵᠠᠶ ᠵᠢ ᠬᠠᠮᠠᠭ᠋ᠠᠯᠠᠬᠤ ᠪᠠᠶ᠋ᠢᠷᠢᠰᠢᠯ᠎ᠢ ᠦᠨᠳᠦᠰᠦᠨ᠎ᠳᠡᠭᠡᠨ ᠪᠠᠶ᠋ᠢᠭᠤᠯᠪᠠ
ᠯᠢ ᠭᠦᠸᠧ ᠶᠢᠩ ᠤᠯᠠᠨ ᠤᠯᠤᠰ᠎ᠤᠨ ᠶᠡᠭᠡ ᠬᠠᠰᠢᠯᠭ᠎ᠠ ᠵᠢᠨ ᠵᠥᠪᠯᠡᠯ᠎ᠤᠨ 93 ᠳ᠋ᠤᠭ᠋ᠠᠷ ᠬᠤᠭᠤᠴᠠᠭ᠋ᠠᠨ᠎ᠤ ᠣᠨ᠎ᠤ ᠬᠤᠷᠠᠯ᠎ᠳᠤ ᠣᠷᠣᠯᠴᠠᠵᠤ 《ᠲᠣᠭ᠋ᠠᠴᠢᠯᠠᠭᠰᠠᠨ ᠤᠶᠤᠨᠴᠢ᠎ᠪᠠᠷ ᠡᠨᠧᠷᠭᠢ ᠣᠯᠭᠤᠬᠤ ᠤᠰᠤᠨ ᠴᠥᠭᠦᠷᠥᠮ᠎ᠤᠨ ᠶᠡᠭᠡ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭᠤᠯᠵᠤ ᠬᠠᠮᠠᠭ᠋ᠠᠯᠠᠬᠤ》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ
ᠤᠮᠠᠷᠠᠲᠤ ᠬᠢᠯᠢ ᠵᠢᠨ ᠨᠣᠮᠢᠨ ᠨᠣᠭᠤᠭ᠋ᠠᠨ ᠵᠢᠷᠤᠭ ᠵᠶ᠋ᠠᠷ ᠵᠢᠷᠤᠭᠯᠠᠨᠠᠮ — ᠥᠪᠥᠷ ᠮᠣᠩᠭᠤᠯ᠎ᠤᠨ ᠤᠰᠤᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ᠎ᠳᠤ ᠨᠢᠳᠦ ᠭᠢᠯᠠᠰᠤᠮ᠎ᠠ 《ᠬᠢᠷᠢ ᠪᠦᠲᠦᠮᠵᠢ ᠵᠢᠨ ᠬᠠᠭᠤᠳᠠᠰᠤ》 ᠲᠤᠰᠢᠶᠠᠪᠠ
ᠰᠦᠨ ᠱᠤᠤ ᠴᠧᠩ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠢ ᠪᠠᠢ᠌ᠴᠠᠭ᠋ᠠᠨ ᠰᠤᠳᠤᠯᠪᠠ
 
            