5 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠎ᠠ᠎ᠠᠴᠠ ᠨᠠᠭ᠋ᠠᠰᠢ᠂ ᠥᠪᠥᠷ ᠮᠣᠩᠭᠤᠯ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠨᠡᠶ᠋ᠢᠲᠡᠯᠡᠪᠡ᠃ ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ ᠣᠳᠣᠬᠠᠨ᠎ᠳᠤ᠂ ᠥᠪᠥᠷ ᠮᠣᠩᠭᠤᠯ ᠨᠢᠭᠡᠨᠲᠡ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ 59.69 ᠲᠦᠮᠡᠨ ᠲᠡᠭᠰᠢ ᠳᠥᠷᠪᠡᠯᠵᠢᠨ ᠺᠢᠯᠤᠮᠸᠲᠷ ᠵᠠᠭ᠋ᠠᠭᠯᠠᠨ ᠲᠣᠭᠲᠠᠭ᠋ᠠᠵᠤ᠂ ᠪᠥᠬᠦ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠬᠠᠭ᠋ᠠᠰ᠎ᠠᠴᠠ ᠳᠡᠭᠡᠭᠰᠢᠬᠢ ᠵᠢ ᠡᠵᠡᠯᠡᠵᠦ ᠪᠠᠶ᠋ᠢᠨ᠎ᠠ᠃ ᠡᠭᠦᠨ᠎ᠤ ᠬᠠᠮᠲᠤ᠂ ᠪᠦᠬᠦ ᠣᠷᠣᠨ᠎ᠳᠤ ᠶᠡᠭᠡ ᠬᠢᠩᠭ᠋ᠠᠨ ᠳᠠᠪᠠᠭ᠎ᠠ᠂ ᠬᠥᠯᠥᠨ ᠪᠤᠶ᠋ᠢᠷ᠂ ᠰᠤᠩᠭ᠋ᠠᠷᠢ ᠨᠤᠨ ᠮᠦᠷᠡᠨ᠎ᠤ ᠲᠠᠯ᠎ᠠ ᠭᠠᠵᠠᠷ᠂ ᠰᠢᠯᠢ ᠵᠢᠨ ᠭᠤᠤᠯ᠎ᠤᠨ ᠲᠠᠯ᠎ᠠ ᠨᠤᠲᠤᠭ ᠪᠣᠯᠤᠨ ᠪᠠᠷᠠᠭᠤᠨ ᠣᠷᠳᠣᠰ — ᠡᠾᠸ ᠯᠠᠨ ᠱᠠᠨ — ᠮᠤᠨᠢ ᠠᠭᠤᠯᠠ ᠵᠡᠷᠭᠡ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠢ ᠲᠡᠷᠢᠭᠦᠨ ᠴᠢᠬᠤᠯᠠ ᠣᠷᠣᠨ ᠪᠦᠰᠡ᠎ᠪᠠᠷ ᠲᠠᠷᠬᠠᠵᠤ᠂ ᠶᠡᠷᠦᠩᠬᠡᠶ ᠲᠠᠯᠠᠪᠠᠶ᠎ᠨᠢ 26.73 ᠲᠦᠮᠡᠨ ᠲᠡᠭᠰᠢ ᠳᠥᠷᠪᠡᠯᠵᠢᠨ ᠮᠸᠲᠷ ᠪᠠᠶ᠋ᠢᠵᠤ᠂ ᠪᠠᠷᠤᠭ ᠪᠥᠬᠦ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠲᠠᠯᠠᠪᠠᠶ ᠵᠢᠨ 22.60%᠎ᠢ ᠡᠵᠡᠯᠡᠵᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠣᠷᠣᠨ ᠵᠠᠶ ᠵᠢ ᠬᠠᠮᠠᠭ᠋ᠠᠯᠠᠬᠤ ᠪᠠᠶ᠋ᠢᠷᠢᠰᠢᠯ᠎ᠢ ᠦᠨᠳᠦᠰᠦᠨ᠎ᠳᠡᠭᠡᠨ ᠪᠠᠶ᠋ᠢᠭᠤᠯᠪᠠ᠃
2025 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ ᠪᠣᠯ 25 ᠳ᠋ᠤᠭ᠋ᠠᠷ ᠳᠡᠯᠡᠬᠡᠢ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷᠲᠠᠢ ᠡᠳᠦᠷ ᠪᠣᠯᠣᠨ᠎ᠠ᠂ ᠡᠨᠡ ᠵᠢᠯ᠎ᠤᠨ ᠭᠤᠣᠯ ᠰᠡᠳᠦᠪ ᠪᠣᠯ 《ᠲᠦᠮᠡᠨ ᠪᠣᠳᠠᠰ ᠬᠠᠮᠲᠤ ᠣᠷᠣᠰᠢᠬᠤ ᠪᠠ ᠭᠤᠸ᠎ᠠ ᠰᠠᠢ᠌ᠬᠠᠨ ᠪ᠊ ᠥᠨᠢᠳᠡ ᠵᠢᠨ ᠦᠷᠭᠦᠯᠵᠢᠯᠡᠯ》 ᠵᠢ ᠤᠷᠢᠶᠠᠯᠠᠵᠤ᠂ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠠᠮ ᠵᠶ᠋ᠠᠷ ᠵᠠᠮᠨᠠᠵᠤ ᠥᠨᠢᠳᠡ ᠵᠢᠨ ᠵᠠᠮ᠎ᠢ ᠡᠭᠦᠳᠬᠦ ᠵᠢ ᠤᠷᠢᠶᠠᠯᠠᠪᠠ᠃ ᠡᠨᠡ ᠵᠢᠯ ᠪᠣᠯ ᠪᠠᠰᠠ ᠴᠤ᠌ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠴᠦᠰ᠎ᠤᠨ ᠵᠢᠯ ᠪᠣᠯᠤᠨ᠎ᠠ᠂ ᠲᠠᠪᠤᠨ ᠵᠢᠯ᠎ᠤᠨ ᠲᠤᠷᠰᠢ᠂ ᠥᠪᠥᠷ ᠮᠣᠩᠭᠤᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠶ᠋ᠢᠭᠤᠯᠤᠯᠲᠠ ᠵᠢᠨ ᠲᠣᠭᠤᠷᠢᠨ᠎ᠳᠤ ᠴᠢᠬᠤᠯᠠ ᠠᠮᠢ ᠠᠬᠤᠶ ᠵᠢᠨ ᠣᠷᠣᠨ ᠵᠠᠶ ᠪᠠ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃
ᠡᠩ ᠲᠡᠷᠢᠭᠦᠨ᠎ᠳᠤ᠂ 2021 ᠣᠨ᠎ᠠᠴᠠ ᠨᠠᠭ᠋ᠠᠰᠢ᠂ ᠮᠠᠨ᠎ᠤ ᠣᠷᠣᠨ ᠤᠷᠢᠳ ᠬᠤᠵᠢᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠦᠷᠢᠮ》 ᠵᠡᠷᠭᠡ 14 ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠲᠠᠯ᠎ᠠ ᠵᠢᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠲᠣᠭᠲᠠᠭ᠋ᠠᠨ ᠵᠠᠰᠠᠪᠤᠷᠢ ᠣᠷᠣᠭᠤᠯᠵᠤ᠂ ᠣᠶ ᠰᠢᠭᠤᠶ᠂ ᠨᠤᠲᠤᠭ ᠪᠡᠯᠴᠢᠭᠡᠷ᠂ ᠭᠤᠤᠯ ᠮᠥᠷᠡᠨ ᠨᠠᠭᠤᠷ ᠴᠥᠭᠦᠷᠥᠮ᠂ ᠨᠤᠭᠤ ᠭᠠᠵᠠᠷ ᠵᠡᠷᠭᠡ ᠠᠮᠢ ᠠᠬᠤᠶ ᠵᠢᠨ ᠰᠢᠰᠲ᠋ᠧᠮ᠎ᠤᠨ ᠬᠠᠮᠠᠭ᠋ᠠᠯᠠᠯᠲᠠ᠂ ᠬᠡᠭᠡᠷ᠎ᠡ ᠵᠢᠨ ᠠᠮᠢᠲᠠᠨ ᠤᠷᠭᠤᠮᠠᠯ᠂ ᠦᠷ᠎ᠡ ᠵᠢᠨ ᠡᠬᠢ ᠪᠠᠶᠠᠯᠢᠭ ᠵᠡᠷᠭᠡ ᠳᠦᠷᠰᠦ ᠵᠢᠨ ᠬᠠᠮᠠᠭ᠋ᠠᠯᠠᠯᠲᠠ ᠵᠢᠨ ᠬᠦᠷᠢᠶ᠎ᠡ ᠵᠢ ᠬᠠᠮᠤᠷᠴᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃
ᠳᠠᠷᠠᠭ᠋ᠠᠯᠠᠪᠠᠯ᠂ ᠮᠠᠨ᠎ᠤ ᠣᠷᠣᠨ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠤᠯᠠᠭ᠋ᠠᠨᠰᠤᠬᠠᠶᠳᠤ ᠫᠦᠱ᠌ᠢ ᠵᠢᠨ ᠵᠡᠷᠯᠢᠭ ᠠᠳᠤᠭᠤ ᠪᠠ ᠬᠠᠨᠳᠠᠭ᠋ᠠᠢ ᠵᠢ ᠬᠡᠭᠡᠷ᠎ᠡ ᠲᠠᠯᠠᠳᠤᠨᠢ ᠲᠠᠯᠪᠢᠵᠤ᠂ ᠣᠷᠳᠣᠰ᠎ᠲᠤ ᠮᠥᠬᠦᠬᠦ ᠰᠢᠬᠠᠭᠰᠠᠨ ᠬᠡᠭᠡᠷ᠎ᠡ ᠵᠢᠨ ᠤᠷᠭᠤᠮᠠᠯ᠎ᠤᠨ ᠨᠡᠭᠦᠳᠡᠯ ᠭᠠᠵᠠᠷ᠎ᠢ ᠬᠠᠮᠠᠭ᠋ᠠᠯᠠᠬᠤ ᠪᠠ ᠥᠷᠭᠡᠳᠬᠡᠨ ᠦᠷᠡᠵᠢᠭᠦᠯᠬᠦ ᠰᠤᠳᠤᠯᠭ᠋ᠠᠨ᠎ᠤ ᠲᠥᠪ᠎ᠢ ᠪᠠᠶ᠋ᠢᠭᠤᠯᠪᠠ᠃ ᠪᠠᠰᠠ ᠤᠯᠤᠰ᠎ᠤᠨ ᠲᠠᠰ᠎ᠤᠨ ᠮᠢᠺᠷᠣᠪ᠎ᠤᠨ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ 1᠂ ᠲᠡᠵᠢᠭᠡᠯ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ 2᠂ ᠮᠠᠯ ᠵᠢᠭᠦᠷᠲᠡᠨ᠎ᠤ ᠦᠷ᠎ᠡ ᠵᠢᠨ ᠡᠬᠢ ᠪᠠᠶᠠᠯᠢᠭ᠎ᠤᠨ ᠲᠠᠯᠠᠪᠠᠶ (ᠲᠣᠭᠤᠷᠢᠭ) 12᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠷᠢᠮᠠᠯ᠎ᠤᠨ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ 3᠂ ᠮᠠᠯ ᠵᠢᠭᠦᠷᠲᠡᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ 2᠂ ᠮᠢᠺᠷᠣᠪ᠎ᠤᠨ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ 1᠂ ᠮᠠᠯ ᠵᠢᠭᠦᠷᠲᠡᠨ᠎ᠤ ᠡᠭᠦᠯᠳᠡᠷ ᠬᠠᠮᠠᠭ᠋ᠠᠯᠠᠬᠤ ᠲᠠᠯᠠᠪᠠᠢ ᠵᠢ 25 ᠪᠠᠶ᠋ᠢᠭᠤᠯᠪᠠ᠃
ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠳᠠᠪᠬᠤᠷᠭ᠎ᠠ᠎ᠳᠤ᠂ 2021 ᠣᠨ᠎ᠠᠴᠠ ᠨᠠᠭ᠋ᠠᠰᠢ᠂ ᠥᠪᠥᠷ ᠮᠣᠩᠭᠤᠯ ᠨᠡᠶ᠋ᠢᠲᠡ 2127 ᠲᠦᠮᠡᠨ ᠮᠥ᠍ ᠣᠶ᠋ᠢᠵᠢᠭᠤᠯᠵᠤ᠂ 420 ᠲᠦᠮᠡᠨ ᠮᠥ᠍ ᠡᠯᠡᠰᠦ ᠵᠢ ᠰᠡᠷᠭᠡᠶ᠋ᠢᠯᠡᠨ ᠵᠠᠰᠠᠵᠤ᠂ ᠬᠡᠪᠴᠢᠶ᠎ᠡ᠎ᠨᠢ ᠴᠥᠮ ᠪᠥᠬᠦ ᠤᠯᠤᠰ᠎ᠤᠨ ᠲᠡᠷᠢᠭᠦᠨ᠎ᠳᠤ ᠣᠷᠣᠪᠠ᠃ ᠦᠨᠳᠦᠰᠦᠨ ᠨᠤᠲᠤᠭ ᠪᠡᠯᠴᠢᠭᠡᠷ᠎ᠢ ᠲᠣᠬᠢᠷᠠᠭᠤᠯᠤᠨ ᠬᠤᠪᠢᠶᠠᠷᠢᠯᠠᠨ ᠲᠣᠭᠲᠠᠭ᠋ᠠᠬᠤ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠦᠨᠳᠦᠰᠦᠨ ᠨᠤᠲᠤᠭ ᠪᠡᠯᠴᠢᠭᠡᠷ᠎ᠢ 7.3 ᠳ᠋ᠦᠩᠰᠢᠭᠤᠷ ᠮᠦ᠍ ᠲᠣᠬᠢᠷᠠᠭᠤᠯᠤᠨ ᠬᠤᠪᠢᠶᠠᠷᠢᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠪᠣᠯᠤᠨ ᠬᠣᠰᠢᠭᠤ ᠰᠢᠶᠠᠨ ᠬᠣᠲᠠ ᠲᠣᠭᠣᠷᠢᠭ ᠭᠤᠷᠪᠠᠨ ᠱᠠᠲᠤᠨ᠎ᠤ ᠦᠨᠳᠦᠰᠦᠨ ᠨᠤᠲᠤᠭ ᠪᠡᠯᠴᠢᠭᠡᠷ᠎ᠤᠨ 《ᠨᠢᠭᠡ ᠵᠢᠷᠤᠭ》᠎ᠤᠨ ᠬᠠᠮᠢᠶᠠᠷᠤᠯᠲᠠ ᠵᠢ ᠪᠤᠶ ᠪᠣᠯᠭ᠋ᠠᠨ᠎ᠠ᠃ ᠬᠠᠲᠤᠨ ᠭᠤᠣᠯ᠂ ᠪᠠᠷᠠᠭᠤᠨ ᠯᠢᠶᠣᠤ ᠾᠧ ᠭᠤᠣᠯ ᠵᠡᠷᠭᠡ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠵᠢ ᠶᠡᠬᠡᠪᠡᠷ ᠠᠬᠢᠭᠤᠯᠬᠤ ᠵᠢᠨ ᠬᠠᠮᠲᠤ᠂ ᠨᠤᠭᠤ ᠭᠠᠵᠠᠷ᠎ᠢ ᠱᠠᠲᠤ ᠬᠤᠪᠢᠶᠠᠨ ᠬᠠᠮᠢᠶᠠᠷᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠤᠯᠠᠭ᠋ᠠᠨᠰᠤᠬᠠᠢ ᠤᠯᠤᠰ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠤᠨ ᠵᠢᠭᠰᠠᠭ᠋ᠠᠯᠲᠠ᠎ᠳᠤ ᠠᠮᠵᠢᠯᠲᠠ᠎ᠲᠠᠢ᠎ᠪᠠᠷ ᠰᠣᠩᠭᠤᠭᠳᠠᠪᠠ᠃
ᠡᠭᠦᠨ᠎ᠠᠴᠠ ᠭᠠᠳᠠᠨ᠎ᠠ᠂ ᠮᠠᠨ᠎ᠤ ᠣᠷᠣᠨ ᠤᠷᠢᠳ ᠬᠤᠵᠢᠳ ᠪᠥᠬᠦ ᠣᠷᠣᠨ ᠵᠢᠴᠢ ᠣᠷᠣᠨ ᠪᠦᠰᠡ ᠵᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠣᠯᠠᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠦ ᠣᠷᠣᠨ᠎ᠤ ᠠᠮᠢ ᠠᠬᠤᠶ ᠵᠢᠨ ᠰᠢᠰᠲ᠋ᠧᠮ ᠪᠠ ᠬᠡᠭᠡᠷ᠎ᠡ ᠵᠢᠨ ᠠᠮᠢᠲᠠᠨ ᠤᠷᠭᠤᠮᠠᠯ᠎ᠤᠨ ᠣᠯᠠᠨ ᠶᠠᠩᠵᠤᠲᠤ ᠴᠢᠨᠠᠷ᠎ᠤᠨ ᠪᠠᠶ᠋ᠢᠴᠠᠭ᠋ᠠᠯᠲᠠ ᠵᠢ ᠪᠡᠶᠡᠯᠡᠭᠦᠯᠵᠦ᠂ ᠪᠥᠬᠦ ᠣᠷᠣᠨ᠎ᠤ 1᠄ 50 ᠲᠦᠮᠡᠨ ᠠᠮᠢ ᠠᠬᠤᠶ ᠵᠢᠨ ᠰᠢᠰᠲ᠋ᠧᠮ᠎ᠤᠨ ᠲᠥᠷᠥᠯ ᠬᠡᠯᠪᠡᠷᠢ ᠵᠢᠨ ᠵᠢᠷᠤᠭ᠎ᠢ ᠵᠢᠷᠤᠵᠤ᠂ 《ᠥᠪᠥᠷ ᠮᠣᠩᠭᠤᠯ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠳ᠋ᠡᠢ᠌ᠲ᠋ᠠ ᠵᠢᠨ ᠬᠥᠮᠥᠷᠭᠡ》 ᠵᠢ ᠬᠦᠴᠦᠯᠡᠨ ᠪᠠᠶ᠋ᠢᠭᠤᠯᠪᠠ᠃ ᠡᠭᠦᠨ᠎ᠤ ᠬᠠᠮᠲᠤ᠂ ᠣᠶ ᠰᠢᠭᠤᠶ ᠡᠪᠡᠰᠦ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠵᠢ ᠯᠠᠪᠳᠠᠭᠤᠨ ᠪᠠᠲᠤᠲᠠᠶ ᠠᠬᠢᠭᠤᠯᠵᠤ᠂ 2021 ᠣᠨ᠎ᠠᠴᠠ 2024 ᠣᠨ ᠪᠣᠯᠲᠠᠯ᠎ᠠ᠂ ᠪᠥᠬᠦ ᠣᠷᠣᠨ᠎ᠳᠤ ᠣᠶ ᠰᠢᠭᠤᠶ ᠡᠪᠡᠰᠦ ᠪᠡᠯᠴᠢᠭᠡᠷ᠎ᠤᠨ ᠬᠥᠨᠥᠭᠡᠯᠲᠡᠶ ᠠᠮᠢᠳᠤ ᠪᠣᠳᠠᠰ᠎ᠢ ᠨᠡᠶ᠋ᠢᠲᠡ 28076.93 ᠲᠦᠮᠡᠨ ᠮᠥ᠍ ᠰᠡᠷᠭᠡᠶ᠋ᠢᠯᠡᠨ ᠵᠠᠰᠠᠵᠤ᠂ ᠭᠠᠮᠰᠢᠭ᠎ᠤᠨ ᠨᠣᠷᠮ᠎ᠠ ᠵᠢ ᠴᠥᠮ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯᠴᠢ ᠵᠢᠨ ᠭᠦᠢ᠍ᠴᠡᠳᠭᠡᠯ ᠲᠤᠭ᠎ᠠ᠎ᠠᠴᠠ ᠳᠣᠷᠣᠭᠰᠢ ᠬᠢᠵᠠᠭ᠋ᠠᠷᠯᠠᠪᠠ᠃
ᠪᠥᠬᠦ ᠣᠷᠣᠨ᠎ᠤ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠴᠤ᠌ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠂ ᠬᠡᠭᠡᠷ᠎ᠡ ᠵᠢᠨ ᠤᠷᠭᠤᠮᠠᠯ᠎ᠢ ᠬᠠᠮᠠᠭ᠋ᠠᠯᠠᠬᠤ᠂ ᠣᠷᠣᠰᠢᠨ ᠠᠮᠢᠳᠤᠷᠠᠬᠤ ᠭᠠᠵᠠᠷ᠎ᠢ ᠬᠠᠮᠠᠭ᠋ᠠᠯᠠᠬᠤ᠂ ᠭᠠᠳᠠᠨ᠎ᠠ᠎ᠠᠴᠠ ᠣᠷᠣᠵᠤ ᠢᠷᠡᠭᠰᠡᠨ ᠲᠦᠷᠢᠯᠲᠡ ᠵᠢᠨ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠺᠦᠨᠯᠦ᠋ᠨ ᠠᠵᠢᠯᠯᠠᠭ᠎ᠠ》᠂ 《ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠬᠢᠨ ᠬᠠᠮᠠᠭ᠋ᠠᠯᠠᠬᠤ ᠠᠵᠢᠯᠯᠠᠭ᠎ᠠ》᠂ 《ᠬᠠᠲᠤᠨ ᠭᠤᠤᠯ᠎ᠢ ᠬᠠᠮᠠᠭ᠋ᠠᠯᠠᠬᠤ》 ᠲᠤᠰᠬᠠᠶ ᠠᠵᠢᠯᠯᠠᠭ᠎ᠠ ᠪᠠ 《ᠤᠯᠤᠰ᠎ᠤᠨ ᠡᠭᠦᠳᠡᠨ᠎ᠤ ᠨᠣᠭᠤᠭ᠋ᠠᠨ ᠪᠠᠮᠪᠠᠢ》 ᠵᠢᠨ ᠲᠤᠰᠬᠠᠶ ᠠᠵᠢᠯᠯᠠᠭ᠎ᠠ ᠵᠡᠷᠭᠡ ᠠᠯᠢ ᠣᠯᠠᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠪᠡ᠃ 2021 ᠣᠨ᠎ᠠᠴᠠ 2025 ᠣᠨ᠎ᠤ 4 ᠳ᠋ᠦ᠍ᠭᠡᠷ ᠰᠠᠷ᠎ᠠ᠎ᠳᠤ᠂ ᠪᠥᠬᠦ ᠣᠷᠣᠨ᠎ᠤ ᠰᠢᠭᠦᠬᠦ ᠬᠤᠷᠢᠶ᠎ᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠡᠷᠡᠭ᠎ᠢ ᠨᠡᠶ᠋ᠢᠲᠡ 846 ᠬᠤᠪᠢ ᠰᠢᠭᠦᠨ ᠳᠠᠭᠤᠰᠬᠠᠵᠤ᠂ ᠮᠠᠨ᠎ᠤ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠵᠢ ᠬᠦᠴᠦᠲᠡᠢ ᠬᠤᠷᠢᠭᠯᠠᠪᠠ᠃