ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠪᠠᠶᠠᠨᠨᠠᠭᠤᠷ ᠬᠣᠲᠠ᠎ᠳᠤ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-28

  5 ᠰᠠᠷ᠎ᠠ ᠵᠢᠨ 26᠎ᠠᠴᠠ 27᠎ᠤ  ᠡᠳᠦᠷ ᠪᠤᠯᠲᠠᠯ᠎ᠠ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠪᠠᠶᠠᠨᠨᠠᠭᠤᠷ ᠬᠤᠳᠠ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠬᠠᠷᠢᠯᠴᠠᠵᠤ ᠪᠠᠢ᠌ᠭ᠎ᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠵᠶ᠋ᠠᠷ ᠲᠣᠭᠣᠷᠢᠨ ᠦᠵᠡᠪᠡ᠃



   ᠰᠦᠨ ᠱᠤᠤ ᠴᠧᠩ ᠤᠷᠢᠳ ᠬᠣᠵᠢᠳ ᠯᠢᠨ ᠾᠧ ᠲᠣᠭᠣᠷᠢᠭ᠎ᠤᠨ ᠱᠤᠸᠠᠩ ᠾᠧ ᠪᠠᠯᠭ᠋ᠠᠰᠤᠨ᠎ᠤ ᠲᠦᠸᠧ ᠯᠧᠢ ᠪᠣᠯᠣᠨ ᠸᠠᠩ ᠮᠠᠨ ᠫᠢᠩ᠎ᠤᠨ ᠭᠡᠷ᠎ᠲᠤ ᠬᠦᠷᠴᠦ᠂  ᠬᠦᠷᠢᠶ᠎ᠡ ᠬᠠᠰᠢᠶ᠎ᠠ᠂  ᠭᠡᠷ ᠪᠠᠢ᠌ᠰᠢᠩ᠂  ᠬᠠᠰᠢᠶ᠎ᠠ ᠰᠠᠷᠠᠪᠴᠢ ᠵᠡᠷᠭᠡ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ᠎ᠨᠢ ᠪᠠᠢ᠌ᠴᠠᠭ᠋ᠠᠨ ᠦᠵᠡᠵᠦ᠂  ᠰᠠᠭᠤᠭ᠋ᠠᠯᠢ ᠠᠷᠠᠳ ᠪᠣᠯᠣᠨ ᠲᠣᠰᠬᠣᠨ᠎ᠤ ᠺᠠᠳ᠋ᠷ᠎ᠲᠠᠢ ᠬᠠᠮᠲᠤ ᠰᠠᠭᠤᠯᠴᠠᠵᠤ ᠵᠣᠭᠣᠭᠳᠠᠨ᠂  ᠲᠡᠳᠡᠨ᠎ᠤ ᠭᠡᠷ ᠪᠦᠯᠢ ᠵᠢᠨ ᠬᠥᠮᠥᠨ ᠠᠮᠠ᠂  ᠠᠮᠢᠳᠤᠷᠠᠯ᠎ᠤᠨ ᠤᠷᠤᠯᠭ᠎ᠠ ᠵᠢᠨ  ᠢᠷᠡᠯᠲᠡ᠂  ᠠᠵᠢᠯ ᠣᠯᠬᠤ ᠡᠪᠡᠳᠴᠢᠨ ᠥᠵᠡᠭᠦᠯᠭᠦ᠂  ᠨᠡᠢ᠌ᠭᠡᠮ᠎ᠤᠨ ᠪᠠᠲᠤᠯᠠᠭ᠎ᠠ ᠵᠡᠷᠭᠡ ᠲᠠᠯ᠎ᠠ ᠵᠢᠨ ᠪᠠᠢ᠌ᠳᠠᠯ᠎ᠢ ᠣᠢ᠌ᠯᠠᠭ᠋ᠠᠪᠠ᠃  ᠲᠡᠳᠡᠨ᠎ᠤ ᠢᠳᠡᠵᠦ ᠤᠤᠭᠤᠬᠤ ᠡᠮᠦᠰᠴᠦ ᠵᠡᠭᠦᠬᠦ ᠶᠠᠪᠤᠵᠤ ᠰᠠᠭᠤᠬᠤ ᠵᠡᠷᠭᠡ ᠨᠥᠬᠥᠴᠡᠯ ᠨᠡᠯᠢᠶᠡᠳ ᠰᠠᠢ᠌ᠨ᠂  ᠲᠣᠭᠲᠠᠪᠤᠷᠢᠲᠠᠢ ᠣᠷᠣᠯᠭ᠎ᠠ᠎ᠲᠠᠢ ᠪᠠᠢ᠌ᠬᠤ ᠵᠢ ᠦᠵᠡᠭᠡᠳ ᠰᠦᠨ ᠱᠤᠤ ᠴᠧᠩ ᠮᠠᠰᠢ ᠪᠠᠶᠠᠷᠯᠠᠵᠤ᠂  ᠲᠤᠬᠠᠢ ᠵᠢᠨ ᠭᠠᠵᠠᠷ᠎ᠤᠨ ᠺᠠᠳ᠋ᠷ᠎ᠲᠤ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠵᠢ ᠨᠡᠩ ᠴᠢᠬᠤᠯᠠᠴᠢᠯᠠᠵᠤ᠂  ᠠᠷᠭ᠎ᠠ ᠪᠦᠭᠦᠨ᠎ᠢ ᠰᠦᠪᠡᠭᠴᠢᠯᠡᠵᠦ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ᠂  ᠭᠣᠣᠯᠳᠠᠭᠤ ᠮᠠᠯᠴᠢᠨ ᠲᠠᠷᠢᠶᠠᠴᠢᠨ᠎ᠢ ᠬᠥᠲᠥᠯᠥᠨ ᠳᠠᠭ᠋ᠠᠭᠤᠯᠵᠤ ᠲᠥᠬᠥᠭᠡᠷᠦᠮᠵᠢᠲᠦ ᠲᠠᠷᠢᠶᠠᠯᠠᠩ᠂  ᠬᠠᠰᠢᠶᠠᠯᠠᠨ ᠲᠡᠵᠢᠭᠡᠬᠦ᠂  ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠬᠦ᠎ᠪᠠᠷ ᠳᠠᠮᠵᠢᠨ ᠣᠷᠣᠯᠭ᠎ᠠ ᠵᠢᠨ ᠲᠦᠪᠰᠢᠨ᠎ᠢ᠎ᠨᠢ ᠳᠡᠭᠡᠭᠰᠢᠯᠡᠭᠦᠯᠭᠦ ᠬᠡᠷᠡᠭᠲᠡᠢ᠃  ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ 《  ᠵᠢᠵᠢᠭ ᠲᠠᠷᠢᠶ᠎ᠠ ᠵᠢ ᠨᠡᠢ᠌ᠯᠡᠭᠦᠯᠦᠨ ᠶᠡᠬᠡ ᠲᠠᠷᠢᠶ᠎ᠠ ᠪᠤᠯᠭ᠋ᠠᠬᠤ 》 ᠵᠢ ᠠᠬᠢᠭᠤᠯᠵᠤ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠦᠨᠡᠨ ᠬᠦ᠌ ᠰᠠᠢ᠌ᠲᠤᠷ ᠠᠳᠬᠤᠵᠤ᠂  ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠭᠦ᠎ᠳᠤ ᠴᠢᠩᠭ᠎ᠠ ᠲᠦᠰᠢᠭᠯᠡᠵᠦ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠵᠤ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ᠃


A1381AB760C7C838F1F162A6E0615F28.jpg


   ᠹᠧᠩ ᠾᠧ ᠲᠣᠰᠬᠣᠨ᠎ᠤ ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ᠂  ᠰᠦᠨ ᠱᠤᠤ ᠴᠧᠩ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ ᠵᠦᠢ᠍ᠯᠡᠰ᠎ᠤᠨ ᠨᠠᠷᠢᠨ ᠲᠠᠩᠰᠠ᠂  ᠭᠡᠷᠡᠴᠢ ᠭᠠᠷᠭ᠋ᠠᠨ ᠭᠡᠷᠡᠴᠢᠯᠡᠬᠦ ᠵᠦᠢ᠍ᠯᠡᠰ᠎ᠤᠨ ᠨᠠᠷᠢᠨ ᠲᠠᠩᠰᠠ᠂  ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯ᠎ᠤᠨ ᠵᠦᠢ᠍ᠯᠡᠰ᠎ᠤᠨ ᠨᠠᠷᠢᠨ ᠲᠠᠩᠰᠠ ᠪᠣᠯᠣᠨ 《  ᠭᠤᠷᠪᠠᠨ ᠶᠠᠪᠤᠳᠠᠯ 》᠎ᠢ ᠢᠯᠡ ᠨᠡᠢ᠌ᠲᠡᠯᠡᠬᠦ ᠰᠠᠮᠪᠠᠷ᠎ᠠ ᠵᠢᠨ  ᠡᠮᠦᠨ᠎ᠡ ᠵᠣᠭᠰᠣᠵᠤ᠂  ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ᠂  ᠣᠯᠠᠨ ᠲᠦᠮᠡᠨ᠎ᠳᠤ ᠦᠢ᠍ᠯᠡᠴᠢᠯᠡᠬᠦ᠂  ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠡᠷᠭᠡ ᠪᠠᠢ᠌ᠳᠠᠯ᠎ᠢ ᠣᠢ᠌ᠯᠠᠭ᠋ᠠᠪᠠ᠃  ᠲᠡᠷᠡ᠂  ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠪᠣᠳᠠᠲᠠᠢ ᠬᠥᠩᠭᠡᠷᠡᠭᠦᠯᠵᠦ᠂  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠮᠠᠯᠴᠢᠨ ᠲᠠᠷᠢᠶᠠᠴᠢᠨ ᠣᠯᠠᠨ ᠲᠦᠮᠡᠨ᠎ᠢ ᠳᠠᠭ᠋ᠠᠭᠤᠯᠤᠨ ᠬᠠᠮᠲᠤ᠎ᠪᠠᠷ ᠪᠠᠶᠠᠵᠢᠬᠤ ᠲᠦᠰᠢᠭ ᠲᠤᠯᠭ᠋ᠠᠭᠤᠷᠢ ᠪᠠ ᠪᠠᠲᠤ ᠴᠢᠩᠭ᠎ᠠ ᠳᠠᠢ᠌ᠴᠢᠨ ᠪᠡᠬᠢᠯᠡᠯᠲᠡ ᠪᠣᠯᠭ᠋ᠠᠨ ᠪᠦᠲᠦᠭᠡᠨ ᠪᠠᠢ᠌ᠭᠤᠯᠬᠤ ᠬᠡᠷᠡᠭᠲᠡᠢ ᠭᠡᠪᠡ᠃


E37E58A0337D336532FB17F5CAA89CBC.jpg


   ᠲᠠᠯ᠎ᠠ ᠨᠤᠲᠤᠭ᠎ᠤᠨ ᠰᠢᠨ ᠾᠧ ᠢᠳᠡᠭᠡᠨ᠎ᠤ ᠬᠢᠵᠠᠭ᠋ᠠᠷᠲᠤ ᠺᠤᠮᠫᠠᠨᠢ ᠪᠣᠯ ᠰᠦᠨ ᠱᠤᠤ ᠴᠧᠩ᠎ᠤᠨ ᠬᠠᠷᠢᠯᠴᠠᠵᠤ ᠪᠠᠢ᠌ᠭ᠎ᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠢᠭᠡ ᠪᠣᠯᠣᠨ᠎ᠠ᠃  ᠲᠡᠷᠡ ᠦᠢ᠍ᠯᠡᠳᠪᠦᠷᠢᠯᠡᠯ᠎ᠤᠨ ᠲᠠᠰᠤᠭ ᠪᠣᠯᠣᠨ ᠦᠢ᠍ᠯᠡᠳᠬᠦᠨ᠎ᠤ ᠦᠵᠡᠭᠦᠯᠭᠡ ᠵᠢᠨ ᠲᠣᠭᠣᠷᠢᠭ᠎ᠲᠤ ᠬᠦᠷᠴᠦ᠂  ᠮᠢᠬᠠᠨ᠎ᠤ ᠬᠣᠨᠢ ᠵᠢ ᠨᠢᠲᠤᠯᠵᠤ ᠡᠳ᠋ᠰᠢᠭᠦᠯᠦᠨ ᠪᠣᠷᠣᠯᠠᠭᠤᠯᠬᠤ ᠪᠠ ᠮᠢᠬᠠᠨ᠎ᠤ ᠬᠣᠨᠢ ᠵᠢᠨ ᠡᠭᠦᠯᠳᠡᠷ᠂  ᠦᠢ᠍ᠯᠡᠳᠬᠦᠨ᠎ᠤ ᠰᠢᠨ᠎ᠡ ᠵᠢ ᠡᠭᠦᠳᠬᠦ᠂  ᠳᠠᠭ᠋ᠠᠯᠲᠠ ᠪᠦᠲᠦᠭᠡᠭᠳᠡᠬᠦᠨ᠎ᠢ ᠶᠡᠷᠦᠩᠬᠡᠢ᠌ᠯᠡᠨ ᠠᠰᠢᠭᠯᠠᠵᠤ ᠪᠠᠢ᠌ᠭ᠎ᠠ ᠪᠠᠢ᠌ᠳᠠᠯ᠎ᠢ ᠣᠢ᠌ᠯᠠᠭ᠋ᠠᠵᠤ᠂  ᠠᠵᠤ ᠠᠬᠤᠢ᠌ᠯᠠᠯ᠎ᠤᠨ᠎ᠬᠢᠨ᠎ᠢ ᠨᠠᠩ ᠥᠨᠳᠥᠷ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠣᠨᠢᠨ ᠮᠢᠬ᠎ᠠ ᠵᠢ ᠨᠠᠷᠢᠯᠢᠭ ᠡᠳ᠋ᠰᠢᠭᠦᠯᠬᠦ ᠠᠵᠢᠯ᠎ᠢ ᠬᠦᠴᠦ ᠣᠷᠣᠭᠤᠯᠤᠨ ᠬᠢᠵᠦ᠂  ᠵᠠᠬ᠎ᠠ ᠳᠡᠯᠭᠡᠭᠦᠷ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠥᠷᠭᠡᠳᠬᠡᠵᠦ᠂  ᠦᠢ᠍ᠯᠡᠳᠬᠦᠨ᠎ᠤ ᠬᠡᠪᠴᠢᠶ᠎ᠡ᠎ᠪᠠᠨ ᠦᠷᠭᠦᠯᠵᠢᠯᠡᠨ ᠪᠤᠵᠠᠭ᠋ᠠᠢ᠌ᠷᠠᠭᠤᠯᠵᠤ᠂  ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠨᠠᠩ ᠰᠠᠢ᠌ᠲᠤᠷ ᠳᠠᠢ᠌ᠴᠢᠯᠠᠬᠤ ᠬᠡᠷᠡᠭᠲᠡᠢ ᠭᠡᠵᠦ ᠵᠣᠷᠢᠭᠵᠢᠭᠤᠯᠪᠠ᠃  ᠰᠦᠨ ᠱᠤᠤ ᠴᠧᠩ᠂  ᠡᠯ᠎ᠡ ᠱᠠᠲᠤᠨ᠎ᠤ᠎ᠬᠢᠨ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠬᠡᠷᠡᠭᠵᠢᠭᠦᠯᠬᠦ᠎ᠲᠠᠢ ᠤᠶᠠᠯᠳᠤᠭᠤᠯᠵᠤ᠂  ᠰᠠᠨᠠᠭ᠋ᠠᠴᠢᠯᠠᠭ᠎ᠠ᠎ᠠᠴᠠ᠎ᠪᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠲᠠᠢ ᠬᠠᠷᠢᠯᠴᠠᠵᠤ᠂  ᠲᠡᠳᠡᠨ᠎ᠢ ᠬᠠᠪᠰᠤᠷᠤᠨ ᠪᠣᠳᠠᠲᠠᠢ ᠬᠦᠴᠢᠷᠳᠡᠯ ᠪᠣᠯᠣᠨ ᠠᠰᠠᠭᠤᠳᠠᠯ᠎ᠢ᠎ᠨᠢ ᠴᠠᠭ ᠲᠤᠬᠠᠢ᠎ᠳᠤᠨᠢ ᠰᠢᠢ᠍ᠳᠪᠦᠷᠢᠯᠡᠵᠦ᠂  ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ ᠵᠢ ᠳᠡᠮᠵᠢᠬᠦ ᠬᠡᠷᠡᠭᠲᠡᠢ ᠭᠡᠵᠡᠢ᠃

   ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠠᠶᠠᠷ᠎ᠤᠨ ᠮᠡᠳᠡᠭᠡ! ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ 《ᠪᠦᠬᠦ ᠤᠯᠤᠰ᠎ᠤᠨ ᠪᠣᠯᠪᠠᠰᠤᠨ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ
ᠥᠪᠥᠷ ᠮᠣᠩᠭᠣᠯ᠎ᠤᠨ ᠬᠡᠪᠯᠡᠯ᠎ᠤᠨ ᠪᠦᠯᠦᠭᠯᠡᠯ ᠪᠥᠬᠥ ᠤᠯᠤᠰ᠎ᠤᠨ ᠪᠣᠶ᠋ᠢᠵᠢᠯᠲᠠ ᠵᠢᠨ ᠴᠢᠨᠠᠷᠲᠠᠢ ᠰᠣᠶᠣᠯ᠎ᠤᠨ ᠠᠵᠤ ᠠᠬᠤᠢ᠌ᠯᠠᠯ᠎ᠤᠨ 30 ᠬᠦᠴᠦᠷᠬᠡᠭ᠎ᠲᠤ ᠰᠣᠩᠭᠤᠭᠳᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠥᠪᠥᠷ ᠮᠣᠩᠭᠤᠯ᠎ᠤᠨ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ᠎ᠢ ᠬᠢᠨᠠᠨ ᠵᠥᠪᠯᠡᠪᠡ
ᠥᠪᠥᠷ ᠮᠣᠩᠭᠤᠯ᠎ᠤᠨ 124 ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠨᠢ 60 ᠭᠠᠷᠤᠶ ᠲᠦᠮᠡᠨ ᠬᠥᠮᠦᠨ᠎ᠤ ᠠᠵᠢᠯ ᠣᠯᠭᠤᠯᠲᠠ ᠵᠢ ᠳᠠᠶ᠋ᠢᠴᠢᠯᠠᠪᠠ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
 
            