5 ᠳ᠋ᠤᠭ᠋ᠠᠷ ᠰᠠᠷ᠎ᠠ ᠵᠢᠨ 26᠎ᠤ ᠡᠳᠦᠷ᠂ ᠬᠤᠷᠢᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ (ᠱᠧᠨᠵᠧᠨ)᠎ᠤᠨ ᠣᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠠᠷᠠᠯᠵᠢᠶᠠᠨ᠎ᠤ ᠬᠤᠷᠠᠯ ᠳᠡᠭᠡᠷ᠎ᠡ᠂ ᠭᠤᠸᠠᠩ ᠮᠢᠩ ᠡᠳᠦᠷ᠎ᠤᠨ ᠰᠣᠨᠢᠨ᠎ᠤ ᠬᠤᠷᠢᠶ᠎ᠠ᠂ ᠠᠵᠤ ᠠᠬᠤᠶ ᠵᠢᠨ ᠡᠳᠦᠷ᠎ᠤᠨ ᠰᠣᠨᠢᠨ᠎ᠤ ᠬᠤᠷᠢᠶ᠎ᠠ ᠬᠠᠮᠲᠤᠷᠠᠨ 《2025 · ᠪᠥᠬᠦ ᠤᠯᠤᠰ᠎ᠤᠨ ᠰᠣᠶᠣᠯ᠎ᠤᠨ ᠠᠵᠤ ᠠᠬᠤᠶ᠋ᠢᠯᠠᠯ᠎ᠤᠨ 30 ᠬᠦᠴᠦᠷᠬᠡᠭ》᠂ 《2025 · ᠪᠥᠬᠦ ᠤᠯᠤᠰ᠎ᠤᠨ ᠪᠤᠶ᠋ᠢᠵᠢᠯᠲᠠ ᠵᠢᠨ ᠴᠢᠨᠠᠷᠲᠠᠶ ᠰᠣᠶᠣᠯ᠎ᠤᠨ ᠠᠵᠤ ᠠᠬᠤᠶ᠋ᠢᠯᠠᠯ᠎ᠤᠨ 30 ᠬᠦᠴᠦᠷᠬᠡᠭ》 ᠨᠡᠷᠡᠰ᠎ᠢ ᠨᠡᠶ᠋ᠢᠲᠡᠯᠡᠪᠡ᠃ ᠥᠪᠥᠷ ᠮᠣᠩᠭᠤᠯ᠎ᠤᠨ ᠬᠡᠪᠯᠡᠯ᠎ᠤᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ 《2025 · ᠪᠥᠬᠦ ᠤᠯᠤᠰ᠎ᠤᠨ ᠪᠤᠶ᠋ᠢᠵᠢᠯᠲᠠ ᠵᠢᠨ ᠴᠢᠨᠠᠷᠲᠠᠶ ᠰᠣᠶᠣᠯ᠎ᠤᠨ ᠠᠵᠤ ᠠᠬᠤᠶ᠋ᠢᠯᠠᠯ 30 ᠬᠦᠴᠦᠷᠬᠡᠭ》᠎ᠲᠤ ᠰᠣᠩᠭᠤᠭᠳᠠᠪᠠ᠃
《ᠪᠦᠬᠦ ᠤᠯᠤᠰ᠎ᠤᠨ ᠰᠣᠶᠣᠯ᠎ᠤᠨ ᠠᠵᠤ ᠠᠬᠤᠶ᠋ᠢᠯᠠᠯ᠎ᠤᠨ 30 ᠬᠦᠴᠦᠷᠬᠡᠭ》᠂ 《ᠪᠦᠬᠦ ᠤᠯᠤᠰ᠎ᠤᠨ ᠪᠣᠶ᠋ᠢᠵᠢᠯᠲᠠ ᠵᠢᠨ ᠴᠢᠨᠠᠷᠲᠠᠶ ᠰᠣᠶᠣᠯ᠎ᠤᠨ ᠠᠵᠤ ᠠᠬᠤᠶ᠋ᠢᠯᠠᠯ᠎ᠤᠨ 30 ᠬᠦᠴᠦᠷᠬᠡᠭ》 ᠪᠣᠯ ᠮᠠᠨ᠎ᠤ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠪᠣᠯᠤᠨ ᠰᠣᠶᠣᠯ᠎ᠤᠨ ᠠᠵᠤ ᠠᠬᠤᠶ᠋ᠢᠯᠠᠯ᠎ᠤᠨ ᠬᠡᠪᠴᠢᠶᠡᠲᠦ ᠪᠣᠳᠠᠲᠤ ᠬᠦᠴᠦᠨ᠎ᠢ ᠲᠤᠰᠬᠠᠬᠤ ᠴᠢᠬᠤᠯᠠ ᠲᠦᠷᠦᠯ ᠲᠡᠮᠳᠡᠭ ᠪᠣᠯᠤᠨ᠎ᠠ᠃ ᠥᠪᠥᠷ ᠮᠣᠩᠭᠤᠯ᠎ᠤᠨ ᠬᠡᠪᠯᠡᠯ᠎ᠤᠨ ᠪᠦᠯᠦᠭᠯᠡᠯ ᠲᠣᠰ ᠤᠳᠠᠭ᠎ᠠ 《ᠪᠥᠬᠦ ᠤᠯᠤᠰ᠎ᠤᠨ ᠪᠤᠶ᠋ᠢᠵᠢᠯᠲᠠ ᠵᠢᠨ ᠴᠢᠨᠠᠷᠲᠠᠶ ᠰᠣᠶᠣᠯ᠎ᠤᠨ ᠠᠵᠤ ᠠᠬᠤᠶ᠋ᠢᠯᠠᠯ᠎ᠤᠨ 30 ᠬᠦᠴᠦᠷᠬᠡᠭ》᠎ᠲᠤ ᠰᠣᠩᠭᠤᠭᠳᠠᠵᠤ᠂ ᠲᠣᠰ ᠪᠦᠯᠦᠭᠯᠡᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠠᠶ᠋ᠢᠨ ᠰᠠᠶ᠋ᠢᠬᠠᠨ ᠪᠠᠶ᠋ᠢᠳᠠᠯ᠎ᠢ ᠢᠯᠡᠷᠡᠭᠦᠯᠪᠡ᠃
ᠥᠪᠥᠷ ᠮᠣᠩᠭᠤᠯ᠎ᠤᠨ ᠬᠡᠪᠯᠡᠯ᠎ᠤᠨ ᠪᠦᠯᠦᠭᠯᠡᠯ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠬᠡᠯᠡᠬᠦ᠎ᠳᠡᠭᠡᠨ᠄ 《ᠪᠥᠬᠦ ᠤᠯᠤᠰ᠎ᠤᠨ ᠪᠤᠶ᠋ᠢᠵᠢᠯᠲᠠ ᠵᠢᠨ ᠴᠢᠨᠠᠷᠲᠠᠶ ᠰᠣᠶᠣᠯ᠎ᠤᠨ ᠠᠵᠤ ᠠᠬᠤᠶ᠋ᠢᠯᠠᠯ᠎ᠤᠨ 30 ᠬᠦᠴᠦᠷᠬᠡᠭ》 ᠵᠶ᠋ᠠᠷ ᠦᠨᠡᠯᠡᠭᠳᠡᠵᠦ᠂ ᠪᠢᠳᠡᠨ᠎ᠳᠤ ᠠᠪᠴᠤ ᠬᠡᠯᠡᠪᠡᠯ ᠲᠦᠢ᠍ᠯ᠎ᠤᠨ ᠶᠡᠭᠡ ᠵᠣᠷᠢᠭᠵᠢᠭᠤᠯᠤᠯ ᠪᠣᠯᠤᠨ᠎ᠠ᠂ ᠪᠢᠳᠡ ᠡᠭᠦᠨ ᠵᠶ᠋ᠠᠷ ᠰᠢᠨ᠎ᠡ ᠭᠠᠷᠤᠭ᠎ᠠ ᠪᠣᠯᠭ᠋ᠠᠵᠤ᠂ ᠠᠷᠠᠳ ᠲᠦᠮᠡᠨ᠎ᠳᠤ ᠰᠠᠶ᠋ᠢᠨ ᠨᠣᠮ ᠭᠠᠷᠭ᠋ᠠᠬᠤ ᠣᠶ᠋ᠢᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠰᠢᠯᠢᠳᠡᠭ ᠰᠣᠶᠣᠯ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢᠨ ᠶᠣᠰᠣᠭ᠋ᠠᠷ᠂ ᠨᠠᠩ ᠣᠯᠠᠨ ᠣᠯᠠᠨ ᠲᠦᠮᠡᠨ᠎ᠤ ᠪᠠᠭ᠍ᠠᠷᠬᠠᠯᠲᠠᠢ᠂ ᠠᠷᠠᠳ ᠣᠯᠠᠨ᠎ᠳᠤ ᠲᠠᠭ᠋ᠠᠰᠢᠶᠠᠭᠳᠠᠭᠰᠠᠨ ᠰᠣᠶᠣᠯ᠎ᠤᠨ ᠪᠦᠲᠦᠭᠡᠭᠳᠡᠬᠦᠨ᠂ ᠰᠣᠶᠣᠯ᠎ᠤᠨ ᠦᠢ᠍ᠯᠡᠴᠢᠯᠡᠭᠡ ᠵᠢ ᠪᠣᠶ ᠪᠣᠯᠭ᠋ᠠᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠨ᠎ᠡ》 ᠭᠡᠵᠡᠶ᠃
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠬᠡᠪᠯᠡᠯ᠎ᠤᠨ ᠪᠦᠯᠦᠭᠯᠡᠯ᠎ᠨᠢ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠢᠮᠠᠭᠲᠠ ᠪᠠᠷᠢᠮᠲᠠᠯᠠᠵᠤ᠂ ᠣᠶᠤᠨ ᠰᠠᠨᠠᠭ᠋ᠠᠨ᠎ᠤ ᠪᠦᠲᠦᠭᠡᠭᠳᠡᠬᠦᠨ ᠬᠠᠩᠭ᠋ᠠᠬᠤ᠂ ᠦᠵᠡᠯ ᠰᠠᠨᠠᠭ᠋ᠠᠨ᠎ᠤ ᠮᠡᠳᠡᠭᠡ ᠵᠠᠩᠭᠢ ᠵᠢ ᠤᠯᠠᠮᠵᠢᠯᠠᠬᠤ᠂ ᠰᠢᠯᠢᠳᠡᠭ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠴᠢᠨᠠᠷ ᠰᠠᠶ᠋ᠢᠲᠠᠶ ᠠᠭᠤᠯᠭ᠎ᠠ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠴᠢᠩᠭ᠋ᠠᠳᠬᠠᠬᠤ ᠵᠢ ᠠᠵᠤ ᠠᠬᠤᠶ᠋ᠢᠯᠠᠯ᠎ᠤᠨ ᠦᠨᠳᠦᠰᠦ ᠪᠣᠯᠭ᠋ᠠᠬᠤ ᠬᠡᠷᠡᠭᠲᠡᠶ᠃ ᠣᠶ᠋ᠢᠷ᠎ᠠ ᠵᠢᠨ ᠵᠢᠯ᠎ᠤᠳ᠎ᠲᠤ᠂ ᠤᠯᠤᠰ᠎ᠤᠨ ᠰᠣᠶᠣᠯ᠎ᠤᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠬᠡᠷᠡᠭ᠎ᠤᠨ ᠳᠤᠮᠳᠠ ᠵᠣᠷᠢᠭᠲᠠᠶ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠵᠢ ᠳᠡᠮᠵᠢᠵᠦ᠂ ᠤᠷᠢᠳ ᠬᠤᠵᠢᠳ 200 ᠭᠠᠷᠤᠶ ᠵᠦᠢ᠍ᠯ᠎ᠤᠨ ᠰᠣᠩᠭᠤᠭᠰᠠᠨ ᠰᠡᠳᠦᠪ᠎ᠢ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠲᠡᠳᠬᠦᠬᠦ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ 36 ᠵᠦᠢ᠍ᠯ᠎ᠤᠨ ᠨᠣᠮ ᠪᠢᠴᠢᠭ ᠲᠣᠰ ᠲᠣᠰ 《ᠲᠠᠪᠤᠨ ᠨᠢᠭᠡ》 ᠵᠢᠨ ᠢᠨᠵᠧᠨᠧᠷᠢᠩ᠎ᠤᠨ ᠨᠣᠮ ᠪᠢᠴᠢᠭ᠎ᠤᠨ ᠱᠠᠩᠨᠠᠯ ᠵᠡᠷᠭᠡ ᠤᠯᠤᠰ᠎ᠤᠨ ᠲᠠᠰ᠎ᠤᠨ ᠶᠡᠭᠡ ᠱᠠᠩᠨᠠᠯ᠎ᠢ ᠭᠥᠷᠳᠡᠵᠦ᠂ 900 ᠰᠢᠬᠠᠮ ᠵᠦᠢ᠍ᠯ᠎ᠤᠨ ᠨᠣᠮ ᠪᠢᠴᠢᠭ᠂ ᠰᠣᠨᠢᠨ ᠰᠡᠳᠬᠦᠯ᠎ᠨᠢ ᠮᠤᠵᠢ ᠶᠠᠮᠤᠨ᠎ᠤ ᠲᠠᠰ ᠪᠠ ᠠᠵᠢᠯ ᠲᠥᠷᠥᠯ᠎ᠤᠨ ᠨᠡᠶ᠋ᠢᠭᠡᠮᠯᠢᠭ᠎ᠤᠨ ᠰᠢᠯᠭ᠋ᠠᠷᠠᠭᠤᠯᠤᠯᠲᠠ᠎ᠳᠤ ᠢᠷᠠᠭᠤ ᠠᠯᠳᠠᠷ᠎ᠢ ᠭᠥᠷᠳᠡᠪᠡ᠃ 2024 ᠣᠨ᠎ᠳᠤ᠂ ᠥᠪᠥᠷ ᠮᠣᠩᠭᠤᠯ᠎ᠤᠨ ᠬᠡᠪᠯᠡᠯ᠎ᠤᠨ ᠪᠦᠯᠦᠭᠯᠡᠯ᠎ᠤᠨ 3 ᠵᠦᠢ᠍ᠯ᠎ᠤᠨ ᠨᠣᠮ ᠪᠢᠴᠢᠭ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠬᠦ ᠠᠵᠢᠨᠠᠶ ᠬᠦᠯᠦᠭ ᠱᠠᠩᠨᠠᠯ᠎ᠢ ᠭᠥᠷᠳᠡᠪᠡ; 3 ᠵᠦᠢ᠍ᠯ᠎ᠤᠨ ᠨᠣᠮ ᠪᠢᠴᠢᠭ᠎ᠨᠢ ᠲᠥᠪ᠎ᠤᠨ ᠤᠬᠠᠭᠤᠯᠬᠤ ᠬᠡᠯᠲᠡᠰ᠎ᠤᠨ ᠭᠤᠤᠯ ᠰᠡᠳᠦᠪᠲᠦ ᠬᠡᠪᠯᠡᠯ᠎ᠤᠨ ᠭᠤᠤᠯᠳᠠᠯᠭ᠎ᠠ᠎ᠲᠠᠢ ᠬᠡᠪᠯᠡᠭᠳᠡᠬᠦᠨ᠎ᠳᠤ ᠰᠣᠩᠭᠤᠭᠳᠠᠪᠠ᠃
ᠤᠯᠠᠮᠵᠢᠯᠠᠯᠲᠤ ᠬᠡᠪᠯᠡᠯ᠎ᠠᠴᠠ ᠳ᠋ᠢᠭᠢᠲᠴᠢᠯᠡᠭᠰᠡᠨ ᠬᠡᠪᠯᠡᠯ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠶᠡᠭᠡ ᠬᠠᠨᠳᠤᠰᠢ ᠵᠢᠨ ᠡᠮᠦᠨ᠎ᠡ᠂ ᠥᠪᠥᠷ ᠮᠣᠩᠭᠤᠯ᠎ᠤᠨ ᠬᠡᠪᠯᠡᠯ᠎ᠤᠨ ᠪᠦᠯᠦᠭᠯᠡᠯ ᠤᠷᠢᠳ ᠬᠤᠵᠢᠳ 30 ᠭᠠᠷᠤᠢ ᠵᠥᠭᠡᠯᠡᠨ ᠲᠣᠨᠤᠭ᠎ᠤᠨ ᠲᠠᠪᠴᠠᠩ᠎ᠢ ᠰᠤᠳᠤᠯᠤᠨ ᠨᠡᠭᠡᠭᠡᠵᠦ᠂ ᠪᠦᠯᠦᠭᠯᠡᠯ᠎ᠤᠨ ᠤᠯᠠᠮᠵᠢᠯᠠᠯᠲᠤ ᠬᠡᠪᠯᠡᠯ᠎ᠠᠴᠠ ᠳ᠋ᠢᠭᠢᠲᠴᠢᠯᠡᠭᠰᠡᠨ ᠬᠡᠪᠯᠡᠯ ᠲᠡᠶ᠋ᠢᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ᠎ᠳᠤ ᠰᠠᠶ᠋ᠢᠨ ᠰᠠᠭᠤᠷᠢ ᠵᠢ ᠲᠠᠯᠪᠢᠵᠤ ᠥᠭᠴᠡᠢ᠃ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ᠎ᠢ ᠳᠠᠭ᠋ᠠᠭ᠋ᠠᠴᠢᠯᠠᠨ ᠡᠷᠭᠢᠯᠡᠵᠦ᠂ ᠠᠩᠬᠠᠳᠤᠭ᠋ᠠᠷ ᠬᠤᠭᠤᠴᠠᠭ᠎ᠠ᠂ ᠬᠤᠶᠠᠳᠤᠭ᠋ᠠᠷ ᠬᠤᠭᠤᠴᠠᠭ᠋ᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ᠎ᠤ ᠵᠥᠪᠳᠡᠯᠴᠡᠬᠦ ᠬᠤᠷᠠᠯ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢᠨ ᠣᠶᠤᠨ᠎ᠤ ᠬᠥᠮᠥᠷᠭᠡ ᠵᠢᠨ ᠶᠠᠷᠢᠶᠠᠨ᠎ᠤ ᠲᠠᠪᠴᠠᠩ ᠵᠡᠷᠭᠡ ᠲᠣᠮᠣ ᠬᠡᠯᠪᠡᠷᠢ ᠵᠢᠨ ᠬᠤᠷᠠᠯ᠂ ᠠᠵᠢᠯᠯᠠᠭ᠎ᠠ ᠥᠷᠨᠢᠭᠦᠯᠵᠦ᠂ ᠤᠯᠠᠮᠵᠢᠯᠠᠯᠲᠤ ᠬᠡᠪᠯᠡᠯ ᠬᠢᠭᠡᠳ ᠰᠣᠶᠣᠯ᠂ ᠰᠤᠷᠭ᠋ᠠᠨ ᠬᠥᠮᠦᠵᠢᠯ᠂ ᠵᠢᠭᠤᠯᠴᠢᠯᠠᠯ ᠵᠡᠷᠭᠡ ᠣᠯᠠᠨ ᠬᠦᠷᠢᠶᠡᠨ᠎ᠤ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠪᠦᠯᠦᠭᠯᠡᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃