ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠪᠠᠶᠠᠷ᠎ᠤᠨ ᠮᠡᠳᠡᠭᠡ! ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ 《ᠪᠦᠬᠦ ᠤᠯᠤᠰ᠎ᠤᠨ ᠪᠣᠯᠪᠠᠰᠤᠨ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ
ᠨᠡᠶ᠋ᠢᠲᠡᠯᠡᠭᠰᠡᠨ ᠴᠠᠭ᠄ 2025-05-26

  5 ᠳ᠋ᠤᠭ᠋ᠠᠷ ᠰᠠᠷ᠎ᠠ ᠵᠢᠨ 23᠎ᠤ ᠡᠳᠦᠷ᠂  ᠲᠥᠪ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠠᠴᠠ 《ᠳᠣᠯᠣᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠪᠣᠯᠪᠠᠰᠤᠨ ᠬᠤᠳᠠ᠂  ᠪᠣᠯᠪᠠᠰᠤᠨ ᠲᠣᠰᠬᠤᠨ ᠪᠠᠯᠭ᠋ᠠᠰᠤ᠂  ᠪᠣᠯᠪᠠᠰᠤᠨ ᠨᠢᠭᠡᠴᠢ ᠪᠣᠯᠤᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠪᠣᠯᠪᠠᠰᠤᠨ ᠭᠡᠷ ᠪᠦᠯᠢ᠂  ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ ᠵᠢ ᠮᠠᠭ᠋ᠠᠳᠯᠠᠨ ᠲᠣᠭᠲᠠᠭ᠋ᠠᠬᠤ ᠲᠤᠬᠠᠢ ᠲᠣᠭᠲᠠᠭ᠋ᠠᠯ》᠎ᠢ ᠨᠡᠶ᠋ᠢᠲᠡᠯᠡᠪᠡ᠃  ᠡᠭᠦᠨ᠎ᠳᠤ᠂  ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ 《ᠪᠥᠬᠦ ᠤᠯᠤᠰ᠎ᠤᠨ ᠪᠣᠯᠪᠠᠰᠤᠨ ᠨᠢᠭᠡᠴᠢ》 ᠵᠢᠨ ᠢᠷᠠᠭᠤ ᠠᠯᠳᠠᠷ᠎ᠢ ᠭᠥᠷᠳᠡᠪᠡ᠂  ᠡᠨᠡ ᠪᠣᠯ ᠲᠣᠰ ᠨᠢᠭᠡᠴᠢ 《ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠪᠣᠯᠪᠠᠰᠤᠨ ᠨᠢᠭᠡᠴᠢ》᠂ 《ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠨᠢᠭᠡᠴᠢ》᠎ᠪᠠᠷ ᠦᠨᠡᠯᠡᠭᠳᠡᠭᠰᠡᠨ᠎ᠤ ᠳᠠᠷᠠᠭ᠎ᠠ᠂  ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠬᠦᠷᠢᠶᠡᠨ᠎ᠳᠤ ᠣᠯᠤᠭᠰᠠᠨ ᠪᠠᠰᠠ ᠨᠢᠭᠡᠨ ᠢᠷᠠᠭᠤ ᠠᠯᠳᠠᠷ ᠪᠣᠯᠤᠨ᠎ᠠ᠃

   ᠤᠢ᠍ᠢ᠍ᠷ᠎ᠠ ᠵᠢᠨ ᠵᠢᠯ᠎ᠠᠴᠠ᠂  ᠬᠠᠳᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ᠂  ᠤᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠵᠢ ᠦᠨᠡᠨ ᠬᠦ᠌ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂  ᠣᠷᠣᠨ ᠪᠦᠰᠡ ᠵᠢᠨ ᠬᠥᠭᠵᠢᠯᠲᠡ᠎ᠳᠤ ᠦᠢ᠍ᠯᠡᠴᠢᠯᠡᠬᠦ ᠪᠠ ᠪᠣᠯᠪᠠᠰᠤᠨ ᠬᠡᠪ ᠰᠤᠷᠲᠠᠯ᠎ᠢ ᠪᠠᠳᠠᠷᠠᠭᠤᠯᠬᠤ ᠴᠢᠬᠤᠯᠠ ᠭᠠᠷᠳᠠᠴᠠ ᠪᠣᠯᠭ᠋ᠠᠵᠤ᠂  ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠪᠡ᠃ 《ᠨᠠᠮ᠎ᠤᠨ ᠪᠠᠶ᠋ᠢᠭᠤᠯᠤᠯᠲᠠ᠎ᠨᠢ ᠡᠭᠦᠳᠦᠨ ᠪᠠᠶ᠋ᠢᠭᠤᠯᠬᠤ ᠵᠢ ᠳᠠᠶ᠋ᠢᠴᠢᠯᠠᠬᠤ᠂  ᠡᠭᠦᠳᠦᠨ ᠪᠠᠶ᠋ᠢᠭᠤᠯᠬᠤ᠎ᠨᠢ ᠨᠠᠮ᠎ᠤᠨ ᠪᠠᠶ᠋ᠢᠭᠤᠯᠤᠯᠲᠠ ᠵᠢ ᠠᠬᠢᠭᠤᠯᠬᠤ》 ᠠᠵᠢᠯ᠎ᠤᠨ ᠰᠡᠳᠬᠢᠮᠵᠢ ᠶᠣᠰᠣᠭ᠋ᠠᠷ᠂  ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠤᠨ ᠡᠯ᠎ᠡ ᠲᠠᠯ᠎ᠠ ᠪᠥᠬᠦ ᠶᠠᠪᠤᠴᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂  ᠪᠠᠷᠢᠮᠵᠢᠶ᠎ᠠ᠎ᠲᠠᠢ ᠬᠠᠷᠢᠴᠠᠭᠤᠯᠤᠨ ᠡᠭᠦᠳᠦᠨ ᠪᠠᠶ᠋ᠢᠭᠤᠯᠬᠤ ᠵᠢ ᠠᠳᠬᠤᠬᠤ᠂  ᠪᠥᠬᠦ ᠠᠵᠢᠯᠲᠠᠳ ᠣᠷᠣᠯᠴᠠᠨ ᠡᠭᠦᠳᠦᠨ ᠪᠠᠶ᠋ᠢᠭᠤᠯᠬᠤ ᠵᠢ ᠠᠳᠬᠤᠬᠤ᠂  ᠣᠷᠳᠣ ᠬᠤᠭᠤᠴᠠᠭ᠎ᠠ᠎ᠪᠠᠷ ᠪᠠᠷᠢᠮᠲᠠᠯᠠᠨ ᠡᠭᠦᠳᠦᠨ ᠪᠠᠶ᠋ᠢᠭᠤᠯᠬᠤ ᠵᠢ ᠠᠳᠬᠤᠬᠤ᠂  ᠡᠳᠦᠷ ᠲᠤᠲᠤᠮ᠎ᠤᠨ ᠡᠭᠦᠳᠦᠨ ᠪᠠᠶ᠋ᠢᠭᠤᠯᠬᠤ ᠵᠢ ᠠᠳᠬᠤᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂  ᠨᠡᠶ᠋ᠢᠭᠡᠮ ᠵᠢᠷᠤᠮ᠎ᠤᠨ ᠭᠤᠤᠯᠯᠠᠬᠤ ᠥᠷᠲᠡᠭ᠎ᠤᠨ ᠦᠵᠡᠯᠲᠡ ᠵᠢ ᠶᠡᠭᠡ᠎ᠪᠠᠷ ᠪᠤᠶ᠋ᠢᠵᠢᠭᠤᠯᠤᠨ ᠦᠢ᠍ᠯᠡᠳᠦᠯᠭᠡᠵᠢᠭᠦᠯᠪᠡ᠃  ᠪᠣᠯᠪᠠᠰᠤᠨ᠎ᠢ ᠬᠥᠮᠦᠵᠢᠭᠦᠯᠬᠦ᠂  ᠪᠣᠯᠪᠠᠰᠤᠨ᠎ᠢ ᠦᠢ᠍ᠯᠡᠳᠦᠯᠭᠡᠵᠢᠭᠦᠯᠬᠦ᠂  ᠪᠣᠯᠪᠠᠰᠤᠨ᠎ᠢ ᠡᠭᠦᠳᠦᠨ ᠪᠠᠶ᠋ᠢᠭᠤᠯᠬᠤ ᠵᠢ ᠨᠡᠪᠲᠡᠷᠡᠯᠴᠡᠭᠦᠯᠦᠨ ᠠᠬᠢᠭᠤᠯᠵᠤ᠂ 《ᠪᠢᠳᠡᠨ᠎ᠤ ᠪᠠᠶᠠᠷ᠎ᠤᠨ ᠡᠳᠦᠷ》᠎ᠲᠠᠢ ᠤᠶᠠᠯᠳᠤᠭᠤᠯᠤᠨ 《ᠠᠭᠤᠯᠠ ᠤᠰᠤ ᠭᠤᠤᠯ ᠮᠥᠷᠡᠨ᠎ᠢ ᠬᠠᠯᠠᠮᠵᠢᠯᠠᠨ ᠡᠬᠡ ᠭᠤᠤᠯ ᠵᠶ᠋ᠠᠨ ᠬᠠᠮᠠᠭ᠋ᠠᠯᠠᠬᠤ》᠂  ᠯᠸᠢ ᠹᠧᠩ᠎ᠠᠴᠠ ᠰᠤᠷᠤᠯᠴᠠᠬᠤ ᠤᠰᠤᠨ ᠠᠰᠢᠭᠯᠠᠯᠲᠠ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ 《ᠰᠠᠶ᠋ᠢᠨ ᠳᠤᠷ᠎ᠠ ᠵᠢᠨ ᠦᠢ᠍ᠯᠡᠴᠢᠯᠡᠭᠡ᠎ᠪᠠᠷ ᠤᠮᠠᠷᠠᠲᠤ ᠬᠢᠯᠢ ᠵᠢ ᠭᠡᠷᠡᠯᠳᠦᠬᠦᠯᠵᠦ᠂  ᠬᠠᠲᠤᠨ ᠭᠤᠤᠯ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ》 ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃  ᠪᠣᠯᠪᠠᠰᠤᠨ᠎ᠢ ᠡᠭᠦᠳᠦᠨ ᠪᠠᠶ᠋ᠢᠭᠤᠯᠬᠤ ᠤᠶᠤᠨ᠎ᠤ ᠳᠣᠲᠣᠭ᠋ᠠᠳᠤ ᠵᠢᠨ ᠲᠥᠪ ᠪᠠ ᠴᠢᠨᠠᠷ ᠴᠢᠨᠰᠠᠭ᠎ᠠ ᠵᠢᠨ ᠠᠭᠤᠯᠤᠭᠳᠠᠬᠤᠨ᠎ᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ 《ᠬᠠᠲᠤᠨ ᠭᠤᠤᠯ᠎ᠤᠨ ᠰᠣᠶᠣᠯ +  ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ》᠎ᠢ ᠨᠢᠭᠡ ᠴᠤᠭᠴᠠᠵᠢᠭᠤᠯᠬᠤ ᠲᠣᠭᠲᠠᠴᠠ ᠵᠢ ᠪᠠᠶ᠋ᠢᠭᠤᠯᠵᠤ᠂  ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠂  ᠤᠰᠤᠨ᠎ᠤ ᠪᠠᠶ᠋ᠢᠳᠠᠯ᠎ᠤᠨ ᠬᠥᠮᠦᠵᠢᠯ᠂  ᠰᠣᠶᠣᠯ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠳᠤᠯᠤᠨ ᠰᠤᠷᠤᠯᠴᠠᠬᠤ ᠦᠢ᠍ᠯᠡᠳᠦᠯᠭᠡ ᠵᠢ ᠥᠷᠭᠡᠨ ᠵᠶ᠋ᠠᠷ ᠥᠷᠨᠢᠭᠦᠯᠵᠦ᠂  ᠢᠯᠠᠩᠭᠤᠶ᠎ᠠ ᠨᠡᠶ᠋ᠢᠭᠡᠮ ᠨᠡᠶ᠋ᠢᠲᠡ᠂  ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ᠂  ᠪᠠᠶ᠋ᠢᠭᠤᠯᠭ᠎ᠠ ᠵᠢᠨ ᠺᠠᠳ᠋ᠷ ᠵᠡᠷᠭᠡ᠎ᠳᠤ ᠬᠠᠨᠳᠤᠭᠤᠯᠤᠨ ᠰᠤᠳᠤᠯᠤᠨ ᠰᠤᠷᠤᠯᠴᠠᠬᠤ᠂  ᠬᠢᠴᠢᠶᠡᠯ ᠣᠷᠣᠬᠤ᠂  ᠲᠣᠭᠤᠷᠢᠨ ᠦᠵᠡᠬᠦ ᠵᠡᠷᠭᠡ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠶᠣᠰᠣ ᠵᠦᠢ᠂  ᠶᠣᠰᠣ ᠪᠠ ᠭᠦᠨ ᠶᠣᠰᠣ ᠵᠢ ᠬᠦᠴᠦᠯᠡᠨ ᠰᠠᠶ᠋ᠢᠲᠤᠷ ᠤᠬᠠᠭᠤᠯᠤᠨ ᠲᠠᠶ᠋ᠢᠯᠪᠤᠷᠢᠯᠠᠵᠤ᠂  ᠮᠣᠩᠭᠤᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠵᠢ ᠶᠡᠭᠡ᠎ᠪᠠᠷ ᠪᠠᠳᠠᠷᠠᠭᠤᠯᠤᠨ᠂  ᠬᠠᠲᠤᠨ ᠭᠤᠤᠯ᠎ᠤᠨ ᠤᠰᠤᠨ ᠠᠰᠢᠭᠯᠠᠯᠲᠠ ᠵᠢᠨ ᠰᠣᠶᠣᠯ᠎ᠤᠨ ᠤᠨᠴᠠᠯᠢᠭᠳᠤ ᠨᠠᠷᠠᠲᠤ ᠲᠥᠷᠥᠯ ᠲᠡᠮᠳᠡᠭᠲᠦ ᠪᠠ ᠨᠡᠶ᠋ᠢᠭᠡᠮ ᠨᠡᠶ᠋ᠢᠲᠡ ᠵᠢᠨ ᠤᠰᠤᠨ᠎ᠳᠤ ᠣᠢ᠌ᠷᠠᠳᠴᠤ᠂  ᠬᠠᠲᠤᠨ ᠭᠣᠣᠯ᠎ᠢ ᠵᠠᠰᠠᠬᠤ ᠴᠣᠩᠬᠤ ᠵᠢ ᠣᠢ᠌ᠯᠠᠭ᠋ᠠᠬᠤ ᠪᠣᠯᠭ᠋ᠠᠨ᠎ᠠ᠃

   ᠰᠢᠨ᠎ᠡ ᠭᠠᠷᠤᠭ᠎ᠠ ᠳᠡᠭᠡᠷ᠎ᠡ ᠵᠣᠭᠰᠣᠵᠤ᠂  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂  ᠰᠢᠨ᠎ᠡ ᠴᠠᠭ ᠦᠶ᠎ᠡ ᠰᠢᠨ᠎ᠡ ᠰᠣᠶᠣᠯ᠎ᠤᠨ ᠡᠭᠦᠷᠭᠡ ᠵᠢ ᠢᠳᠡᠪᠬᠢᠲᠡᠢ ᠡᠭᠦᠷᠭᠡᠯᠡᠵᠦ᠂  ᠪᠣᠯᠪᠠᠰᠤᠨ ᠨᠢᠭᠡᠴᠢ ᠵᠢᠨ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂  ᠲᠤᠬᠠᠶ᠋ᠢᠯᠠᠭᠰᠠᠨ ᠠᠵᠢᠯ ᠪᠣᠯᠤᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠬᠠᠮᠵᠢᠯᠴᠠᠨ ᠬᠥᠭᠵᠢᠬᠦ ᠵᠢ ᠠᠬᠢᠭᠤᠯᠵᠤ᠂  ᠠᠵᠢᠯ ᠲᠦᠷᠦᠯ᠎ᠤᠨ ᠰᠢᠨ᠎ᠡ ᠰᠤᠷᠲᠠᠯ᠎ᠢ ᠴᠢᠨᠠᠭᠰᠢᠳᠠ ᠪᠤᠢ ᠪᠣᠯᠭ᠋ᠠᠵᠤ᠂  ᠨᠡᠶ᠋ᠢᠭᠡᠮ᠎ᠤᠨ ᠬᠠᠷᠢᠭᠤᠴᠠᠯᠭ᠎ᠠ ᠵᠢ ᠭᠦᠢ᠍ᠴᠡᠳᠬᠡᠵᠦ᠂  ᠰᠠᠶ᠋ᠢᠨ ᠰᠠᠶ᠋ᠢᠬᠠᠨ ᠲᠦᠷᠢ ᠲᠥᠷᠬᠦ ᠵᠢ ᠱᠤᠭᠤᠵᠤ᠂  ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ 《ᠨᠢᠭᠡ ᠭᠤᠣᠯ ᠰᠢᠵᠢᠮ᠎ᠢ ᠲᠤᠭᠤᠰᠢᠯᠠᠭᠤᠯᠵᠤ᠂  ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂  ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂  ᠰᠢᠨ᠎ᠡ ᠵᠠᠮ ᠨᠡᠬᠡᠬᠡᠵᠦ ᠳᠤᠮᠳᠠ ᠲᠦᠪᠰᠢᠨ᠎ᠳᠤ ᠳᠠᠪᠰᠢᠬᠤ》 ᠠᠵᠢᠯ᠎ᠤᠨ ᠶᠡᠭᠡ ᠲᠠᠯ᠎ᠠ᠎ᠳᠤ ᠬᠥᠮᠦᠰ᠎ᠤᠨ ᠰᠡᠳᠬᠢᠯ᠎ᠢ ᠨᠢᠭᠲᠠᠷᠠᠭᠤᠯᠵᠤ᠂  ᠬᠦᠴᠦᠨ ᠴᠢᠳᠠᠯ᠎ᠢ ᠨᠢᠭᠲᠠᠷᠠᠭᠤᠯᠬᠤ᠎ᠪᠠᠷ ᠴᠢᠷᠮᠠᠶ᠋ᠢᠬᠤ ᠬᠡᠷᠡᠭᠲᠡᠢ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠡᠪᠯᠡᠯ᠎ᠤᠨ ᠪᠦᠯᠦᠭᠯᠡᠯ ᠪᠥᠬᠥ ᠤᠯᠤᠰ᠎ᠤᠨ ᠪᠣᠶ᠋ᠢᠵᠢᠯᠲᠠ ᠵᠢᠨ ᠴᠢᠨᠠᠷᠲᠠᠢ ᠰᠣᠶᠣᠯ᠎ᠤᠨ ᠠᠵᠤ ᠠᠬᠤᠢ᠌ᠯᠠᠯ᠎ᠤᠨ 30 ᠬᠦᠴᠦᠷᠬᠡᠭ᠎ᠲᠤ ᠰᠣᠩᠭᠤᠭᠳᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠥᠪᠥᠷ ᠮᠣᠩᠭᠤᠯ᠎ᠤᠨ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ᠎ᠢ ᠬᠢᠨᠠᠨ ᠵᠥᠪᠯᠡᠪᠡ
ᠥᠪᠥᠷ ᠮᠣᠩᠭᠤᠯ᠎ᠤᠨ 124 ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠨᠢ 60 ᠭᠠᠷᠤᠶ ᠲᠦᠮᠡᠨ ᠬᠥᠮᠦᠨ᠎ᠤ ᠠᠵᠢᠯ ᠣᠯᠭᠤᠯᠲᠠ ᠵᠢ ᠳᠠᠶ᠋ᠢᠴᠢᠯᠠᠪᠠ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
69 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠮᠠᠨ᠎ᠤ ᠣᠷᠣᠨ ᠨᠢᠭᠡᠳᠦᠯᠲᠡᠶ ᠨᠡᠭᠡᠭᠡᠯᠲᠡ᠎ᠲᠠᠢ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠪᠠ
 
            