ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠥᠪᠥᠷ ᠮᠣᠩᠭᠤᠯ᠎ᠤᠨ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ᠎ᠢ ᠬᠢᠨᠠᠨ ᠵᠥᠪᠯᠡᠪᠡ
ᠨᠡᠶ᠋ᠢᠲᠡᠯᠡᠭᠰᠡᠨ ᠴᠠᠭ᠄ 2025-05-30

  5 ᠳ᠋ᠤᠭ᠋ᠠᠷ ᠰᠠᠷ᠎ᠠ ᠵᠢᠨ 27᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠᠨ ᠳᠣᠯᠣᠳᠤᠭ᠋ᠠᠷ ᠬᠤᠷᠠᠯᠳᠤᠭ᠋ᠠᠨ ᠠᠩᠬᠠᠳᠤᠭ᠋ᠠᠷ ᠪᠥᠬᠦᠳᠡ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠦ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ (ᠲᠥᠰᠦᠯ)》᠎ᠤᠨ ᠲᠤᠬᠠᠶ ᠲᠣᠳᠣᠷᠬᠠᠶ᠋ᠢᠯᠠᠯᠲᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠵᠤ ᠬᠡᠷᠡᠭᠯᠡᠬᠦ ᠲᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠤᠨ ᠲᠤᠬᠠᠶ ᠲᠣᠳᠣᠷᠬᠠᠶ᠋ᠢᠯᠠᠯᠲᠠ ᠬᠢᠪᠠ᠃

   ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ ᠪᠣᠯ ᠤᠯᠤᠰ᠎ᠤᠨ 172 ᠵᠦᠢ᠍ᠯ᠎ᠤᠨ ᠤᠰᠤ ᠠᠷᠪᠢᠯᠠᠬᠤ ᠤᠰᠤ ᠬᠠᠩᠭ᠋ᠠᠬᠤ ᠴᠢᠬᠤᠯᠠ ᠶᠡᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠢᠭᠡ ᠪᠣᠯᠤᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠪᠣᠯᠲᠠᠯ᠎ᠠ ᠪᠡᠯᠡ ᠣᠷᠣᠭᠤᠯᠬᠤ ᠬᠡᠪᠴᠢᠶ᠎ᠡ᠎ᠪᠠᠷ ᠬᠠᠮᠤᠭ᠎ᠤᠨ ᠶᠡᠭᠡ ᠤᠰᠤᠨ ᠠᠰᠢᠭᠯᠠᠯᠲᠠ ᠵᠢᠨ ᠢᠨᠵᠧᠨᠧᠷᠢᠩ ᠪᠣᠯᠤᠨ᠎ᠠ᠂ ᠢᠨᠵᠧᠨᠧᠷᠢᠩ᠎ᠢ ᠬᠡᠷᠡᠭᠵᠢᠭᠦᠯᠬᠦ᠎ᠨᠢ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠪᠠᠶ᠋ᠢᠳᠠᠯ᠎ᠢ ᠨᠠᠮᠳᠠᠭᠤᠯᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠢᠨᠵᠧᠨᠧᠷᠢᠩ᠎ᠨᠢ ᠬᠢᠩᠭ᠋ᠠᠨ ᠠᠶ᠋ᠢᠮᠠᠭ᠂ ᠲᠦᠩᠯᠢᠶᠣᠤ ᠬᠤᠲᠠ ᠵᠢᠨ 8 ᠬᠤᠰᠢᠭᠤ ᠰᠢᠶᠠᠨ (ᠬᠤᠲᠠ᠂ ᠲᠣᠭᠤᠷᠢᠭ) ᠪᠠ 10 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠬᠤᠯᠪᠣᠭᠳᠠᠵᠤ᠂ ᠤᠰᠤ ᠲᠤᠬᠢᠷᠠᠭᠤᠯᠬᠤ᠎ᠠᠴᠠ 390 ᠺᠢᠯᠤᠮᠸᠲᠷ ᠵᠠᠶ᠋ᠢᠲᠠᠢ ᠪᠠᠶ᠋ᠢᠨ᠎ᠠ᠃ ᠰᠠᠪᠠ ᠭᠠᠵᠠᠷ ᠠᠯᠤᠰᠯᠠᠨ ᠠᠯᠤᠰ᠎ᠠᠴᠠ ᠤᠰᠤ ᠲᠤᠬᠢᠷᠠᠭᠤᠯᠬᠤ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ᠎ᠨᠢ ᠵᠠᠮ ᠳᠠᠭ᠋ᠠᠤ ᠵᠢᠨ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠳᠤ ᠬᠤᠯᠪᠣᠭᠳᠠᠵᠤ᠂ ᠢᠨᠵᠧᠨᠧᠷᠢᠩ᠎ᠤᠨ ᠪᠡᠯᠡᠳᠬᠡᠮᠵᠢ ᠵᠢ ᠬᠠᠮᠠᠭ᠋ᠠᠯᠠᠬᠤ᠂ ᠤᠰᠤ ᠬᠠᠩᠭ᠋ᠠᠬᠤ ᠤᠰᠤᠨ᠎ᠤ ᠰᠦᠢ᠍ᠳᠬᠡᠯ᠎ᠢ ᠬᠤᠷᠢᠶᠠᠬᠤ ᠵᠡᠷᠭᠡ ᠲᠠᠯ᠎ᠠ᠎ᠪᠠᠷ ᠰᠢᠨ᠎ᠡ ᠠᠰᠠᠭᠤᠳᠠᠯ ᠪᠠ ᠱᠠᠭ᠋ᠠᠷᠳᠠᠯᠭ᠎ᠠ᠎ᠳᠤ ᠲᠤᠯᠭ᠋ᠠᠷᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠬᠡᠷᠡᠭᠴᠡᠭᠡ ᠵᠢ ᠪᠦᠷᠢᠮᠦᠰᠦᠨ ᠬᠠᠩᠭ᠋ᠠᠵᠤ ᠳᠡᠶ᠋ᠢᠯᠬᠦ ᠥᠬᠡᠶ ᠪᠠᠶ᠋ᠢᠨ᠎ᠠ᠃ ᠢᠨᠵᠧᠨᠧᠷᠢᠩ᠎ᠤᠨ ᠠᠮᠤᠷ ᠲᠦᠪᠰᠢᠨ ᠥᠨᠳᠥᠷ ᠪᠦᠲᠦᠮᠵᠢᠲᠡᠶ ᠠᠵᠢᠯᠯᠠᠭ᠋ᠠᠨ᠎ᠢ ᠪᠠᠲᠤᠯᠠᠬᠤ ᠪᠠ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ》᠎ᠢ ᠲᠣᠭᠲᠠᠭ᠋ᠠᠬᠤ ᠴᠢᠬᠤᠯᠠᠲᠠᠶ ᠪᠠᠶ᠋ᠢᠨ᠎ᠠ᠃ 《ᠲᠦᠷᠢᠮ (ᠲᠥᠰᠦᠯ)》᠎ᠳᠤ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠪᠡᠯᠡᠳᠬᠡᠮᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠤᠰᠤ ᠬᠠᠩᠭ᠋ᠠᠵᠤ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠤᠨ᠎ᠠ᠃

  2012 ᠣᠨ᠎ᠳᠤ ᠲᠣᠭᠲᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠵᠤ ᠬᠡᠷᠡᠭᠯᠡᠬᠦ ᠳᠦᠷᠢᠮ》᠎ᠨᠢ ᠪᠦᠬᠦ ᠣᠷᠣᠨ᠎ᠤ ᠤᠰᠤ ᠵᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠬᠤ ᠪᠠ ᠥᠨᠳᠥᠷ ᠪᠦᠲᠦᠮᠵᠢᠲᠡᠶ ᠠᠰᠢᠭᠯᠠᠬᠤ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ 2022 ᠣᠨ᠎ᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ》᠂ 2024 ᠣᠨ᠎ᠤ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠤᠰᠤ ᠵᠢ ᠠᠷᠪᠢᠯᠠᠵᠤ ᠬᠡᠷᠡᠭᠯᠡᠬᠦ ᠲᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠨᠡᠶ᠋ᠢᠲᠡᠯᠡᠭᠰᠡᠨ᠎ᠤ ᠳᠠᠷᠠᠭ᠎ᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠵᠤ ᠬᠡᠷᠡᠭᠯᠡᠬᠦ ᠲᠦᠷᠢᠮ》᠎ᠤᠨ ᠬᠡᠰᠡᠭ ᠠᠭᠤᠯᠭ᠎ᠠ᠎ᠨᠢ ᠳᠡᠭᠡᠳᠦ ᠪᠠᠶ᠋ᠢᠷᠢ ᠵᠢᠨ ᠬᠠᠤᠯᠢ ᠲᠣᠭᠲᠠᠭ᠋ᠠᠯ᠎ᠲᠠᠢ ᠨᠢᠭᠡᠳᠦᠯ ᠥᠬᠡᠶ ᠪᠠᠶ᠋ᠢᠵᠤ᠂ ᠰᠢᠨ᠎ᠡ ᠪᠠᠶ᠋ᠢᠳᠠᠯ᠎ᠤᠨ ᠳᠣᠤᠷᠠᠬᠢ ᠤᠰᠤ ᠠᠷᠪᠢᠯᠠᠬᠤ ᠠᠵᠢᠯ᠎ᠤᠨ ᠰᠢᠨ᠎ᠡ ᠱᠠᠭ᠋ᠠᠷᠳᠠᠯᠭ᠎ᠠ᠎ᠲᠠᠢ ᠨᠡᠶ᠋ᠢᠴᠡᠬᠦ ᠥᠬᠡᠶ ᠪᠠᠶ᠋ᠢᠵᠤ᠂ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠨ᠎ᠠ᠃ 《ᠳᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠳᠤ ᠤᠰᠤ ᠵᠢ ᠠᠷᠪᠢᠯᠠᠨ ᠬᠡᠷᠡᠭᠯᠡᠬᠦ ᠵᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠤᠰᠤ ᠵᠢ ᠠᠷᠪᠢᠯᠠᠨ ᠬᠡᠷᠡᠭᠯᠡᠬᠦ ᠵᠢ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠦᠨ᠂ ᠤᠰᠤ ᠵᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠤᠰᠤ ᠵᠢ ᠠᠷᠪᠢᠯᠠᠨ ᠬᠡᠷᠡᠭᠯᠡᠬᠦ ᠵᠢ ᠪᠠᠲᠤᠯᠠᠬᠤ ᠪᠠ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ 124 ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭ᠎ᠨᠢ 60 ᠭᠠᠷᠤᠶ ᠲᠦᠮᠡᠨ ᠬᠥᠮᠦᠨ᠎ᠤ ᠠᠵᠢᠯ ᠣᠯᠭᠤᠯᠲᠠ ᠵᠢ ᠳᠠᠶ᠋ᠢᠴᠢᠯᠠᠪᠠ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
69 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠮᠠᠨ᠎ᠤ ᠣᠷᠣᠨ ᠨᠢᠭᠡᠳᠦᠯᠲᠡᠶ ᠨᠡᠭᠡᠭᠡᠯᠲᠡ᠎ᠲᠠᠢ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠪᠠ
ᠪᠣᠳᠠᠲᠤ ᠪᠠᠶ᠋ᠢᠳᠠᠯ᠎ᠢ ᠣᠨᠣᠪᠴᠢᠲᠠᠶ ᠡᠷᠢᠵᠦ ᠤᠯᠬᠤ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ
ᠥᠪᠥᠷ ᠮᠣᠩᠭᠤᠯ ᠨᠢᠭᠡ ᠪᠦᠯᠦᠭ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠶ᠋ᠢᠲᠠᠶ ᠪᠠᠢ᠌ᠭᠤᠯᠬᠤ᠎ᠪᠠᠷ ᠪᠤᠢ
 
            